ᠶᠦᠨ ᠬᠠᠢ ᠦᠴᠦᠸᠠᠨ ᠰᠢᠶᠠᠨ ᠤ ᠠᠷᠪᠠᠨ ᠳᠦᠷᠪᠡᠳᠦᠭᠡᠷ ᠬᠤᠭᠤᠴᠠᠭᠠᠨ ᠤ 97 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/10/10
     9 ᠳ᠋ᠦ᠋ᠭᠡᠷ ᠰᠠᠷ᠎ᠠ ᠶᠢᠨ 28 ᠤ ᠡᠳᠤᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠦᠴᠦᠸᠠᠨ ᠰᠢᠶᠠᠨ ᠤ ᠠᠷᠪᠠᠨ ᠳᠦᠷᠪᠡᠳᠦᠭᠡᠷ ᠬᠤᠭᠤᠴᠠᠭᠠᠨ ᠤ 97 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠯᠪᠤᠭᠳᠠᠯ ᠪᠥᠬᠦᠢ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠬᠠᠮᠢᠶ᠎ᠠ ᠪᠥᠬᠦᠢ ᠠᠵᠢᠯ ᠢᠶᠠᠨ ᠪᠠᠶᠢᠷᠢᠯᠠᠭᠤᠯᠤᠨ ᠲᠣᠬᠢᠷᠠᠭᠤᠯᠪᠠ᠃ ᠶᠢᠨ ᠴᠦᠨ ᠯᠢᠶᠠᠩ᠂ ᠭᠦᠩ ᠸᠧᠢ ᠴᠦᠨ᠂ ᠡᠤ ᠸᠧᠨ ᠪᠢᠶᠣᠣ᠂ ᠵᠠᠩ ᠯᠢ ᠰᠢᠶᠠ ᠵᠡᠷᠭᠡ ᠰᠢᠶᠠᠨ ᠤ ᠭᠠᠵᠠᠷ ᠤᠨ ᠳᠡᠰ ᠤᠨ ᠤᠳᠤᠷᠢᠳᠤᠯᠭ᠎ᠠ ᠬᠤᠷᠠᠯ ᠳᠤ ᠣᠷᠤᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠥᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂《 ᠰᠢ ᠶᠢᠨ ᠫᠢᠩ ᠤᠨ ᠰᠢᠨ᠎ᠡ ᠴᠠᠭ  ᠦᠶ᠎ᠡ ᠶᠢᠨ ᠳᠣᠮᠳᠠᠳᠤ ᠤᠯᠤᠰ ᠤᠨ ᠤᠨᠴᠠᠯᠢᠭᠲᠤ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠤᠷᠭᠠᠨ ᠬᠥᠮᠦᠵᠢᠯ ᠤᠨ ᠠᠵᠢᠯ ᠢ ᠶᠡᠷᠦᠩᠬᠡᠶᠢᠯᠡᠨ ᠵᠠᠬᠢᠷᠬᠤ ᠲᠤᠬᠠᠢ ᠵᠢᠯᠤᠭᠤᠳᠬᠤ ᠰᠠᠨᠠᠯ》︔  ᠶᠡᠷᠦᠩᠬᠡᠢ ᠱᠦᠵᠢ ᠰᠢ ᠶᠢᠨ ᠫᠢᠩ ᠤᠨ ᠳᠦᠷᠪᠡᠳᠦᠭᠡᠷ ᠬᠤᠭᠤᠴᠠᠭᠠᠨ ᠤ ᠳᠣᠷᠤᠨᠠᠳᠠᠬᠢᠨ ᠤ ᠠᠵᠤ ᠠᠬᠤᠢ ᠶᠢᠨ ᠶᠠᠷᠢᠯᠴᠠᠭᠠᠨ ᠤ ᠲᠠᠪᠴᠠᠩ ᠳᠡᠭᠡᠷᠡᠬᠢ ᠶᠠᠷᠢᠶ᠎ᠠ︔  ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠪᠥᠬᠦ ᠲᠠᠯ᠎ᠠ ᠪᠠᠷ ᠬᠠᠤᠯᠢ ᠶᠣᠰᠤᠭᠠᠷ ᠤᠯᠤᠰ ᠢᠶᠠᠨ ᠵᠠᠰᠠᠬᠤ ᠺᠣᠮᠢᠰ ᠤᠨ ᠨᠢᠭᠡᠳᠦᠭᠡᠷ ᠤᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠭᠰᠠᠨ ᠪᠥᠭᠡᠳ ᠬᠤᠯᠪᠤᠭᠳᠠᠯ ᠪᠥᠬᠦᠢ ᠠᠵᠢᠯ ᠢ ᠰᠣᠳᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠪᠠ᠃《 ᠰᠢᠨ᠎ᠡ ᠴᠠᠭ ᠦᠶ᠎ᠡ  ᠶᠢᠨ ᠠᠷᠠᠳ ᠤᠨ ᠤᠯᠤᠰ ᠲᠥᠷᠦ ᠶᠢᠨ ᠵᠦᠪᠯᠡᠯᠭᠡᠨ ᠤ ᠨᠠᠮ ᠤᠨ ᠪᠥᠲᠦᠭᠡᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠢ ᠰᠠᠨᠠᠯ ᠤᠳ》᠂《 ᠴᠡᠷᠢᠭ ᠠᠷᠠᠳ ᠠᠭᠤᠰᠤᠯᠴᠠᠨ ᠬᠥᠭᠵᠢᠬᠦ ᠪᠠᠶᠢᠯᠳᠤᠬᠤ ᠪᠣᠳᠤᠯᠭ᠎ᠠ ᠶᠢᠨ ᠬᠥᠲᠦᠯᠪᠦᠷᠢ》᠂《 ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠣᠳᠤᠯᠭ᠎ᠠ ᠶᠢᠨ ᠬᠥᠲᠦᠯᠪᠦᠷᠢ》 ᠶᠢ ᠳᠠᠮᠵᠢᠭᠤᠯᠤᠨ ᠰᠤᠷᠤᠯᠴᠠᠪᠠ᠃ ᠠᠷᠪᠠᠳᠤᠭᠠᠷ ᠤᠳᠠᠭᠠᠨ ᠤ ᠪᠥᠬᠦ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠲᠥᠷᠦᠯ ᠰᠠᠳᠤᠨ ᠤ ᠲᠥᠯᠦᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠭᠰᠠᠨ ᠪᠥᠭᠡᠳ ᠳᠣᠮᠳᠠᠳᠤ ᠤᠯᠤᠰ ᠤᠨ ᠤᠯᠤᠰ ᠲᠠᠭᠠᠨ ᠪᠤᠴᠠᠭᠰᠠᠨ ᠬᠠᠷᠢᠶᠠᠲᠤ ᠶᠢᠨ ᠬᠤᠯᠪᠤᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠤᠰᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠲᠤᠰᠬᠠᠢ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠬᠠᠭᠰᠠᠨ ᠰᠠᠨᠠᠯ ᠢ ᠴᠡᠭᠴᠡᠯᠡᠨ ᠥᠭᠡᠷᠡᠴᠢᠯᠡᠬᠦ ᠠᠵᠢᠯ ᠢ ᠪᠠᠶᠢᠷᠢᠯᠠᠭᠤᠯᠤᠨ ᠲᠣᠬᠢᠷᠠᠭᠤᠯᠪᠠ᠃《 ᠦᠴᠦᠸᠠᠨ ᠰᠢᠶᠠᠨ ᠤ 2018 ᠣᠨ ᠤ ᠶᠠᠳᠠᠭᠤ ᠬᠦᠴᠢᠷᠳᠡᠯᠲᠠᠢ ᠡᠳᠡᠬᠡᠳ ᠢ ᠬᠦᠳᠡᠯᠦᠩᠭᠦᠢ ᠬᠠᠮᠢᠶᠠᠷᠬᠤ ᠪᠠ ᠮᠡᠳᠡᠭᠡ ᠵᠠᠩᠬᠢ ᠴᠤᠭᠯᠠᠭᠤᠯᠬᠤ ᠠᠵᠢᠯ ᠤᠨ ᠲᠥᠰᠦᠯ》ᠪᠠ《 ᠦᠴᠦᠸᠠᠨ ᠰᠢᠶᠠᠨ ᠤ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠭᠤᠣᠯᠳᠠᠯᠭ᠎ᠠ  ᠲᠠᠢ ᠰᠢᠶᠠᠨ ᠠᠴᠠ ᠤᠬᠤᠷᠢᠨ ᠭᠠᠷᠬᠤ ᠲᠤᠬᠠᠢ ᠵᠢᠭᠰᠠᠭᠠᠨ ᠪᠠᠶᠢᠴᠠᠭᠠᠵᠤ᠂ ᠥᠪᠡᠷᠲᠡᠭᠡᠨ ᠪᠠᠶᠢᠴᠠᠭᠠᠭᠰᠠᠨ ᠬᠠᠷᠢᠭᠤ ᠮᠡᠳᠡᠭᠦᠯᠦᠯᠲᠡ》 ᠶᠢ ᠰᠤᠳᠤᠯᠤᠨ ᠬᠢᠨᠠᠪᠠ᠃      ᠬᠤᠷᠠᠯ ᠳᠡᠭᠡᠷ᠎ᠡ ᠮᠠᠨ ᠤ ᠰᠢᠶᠠᠨ ᠤ ᠠᠹᠷᠢᠺᠠ ᠶᠢᠨ ᠭᠠᠭ᠋ᠠᠢ ᠶᠢᠨ ᠬᠢᠵᠢᠭ ᠤᠨ ᠬᠢᠵᠢᠭ ᠤᠨ ᠪᠠᠶᠢᠳᠠᠯ ᠪᠠ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠤᠰᠤᠭᠰᠠᠨ ᠪᠥᠭᠡᠳ ᠪᠠᠰᠠ ᠪᠣᠰᠤᠳ ᠬᠠᠮᠢᠶ᠎ᠠ ᠪᠥᠬᠦᠢ ᠵᠦᠢᠯᠡᠰ ᠢ ᠪᠠᠶᠢᠷᠢᠯᠠᠭᠤᠯᠪᠠ᠃      ᠰᠤᠷᠭᠠᠨ ᠬᠥᠮᠦᠵᠢᠯ ᠤᠨ ᠠᠵᠢᠯ ᠤᠨ ᠲᠤᠬᠠᠢ ᠶᠦᠨ ᠬᠠᠢ ᠵᠢᠭᠠᠵᠤ ᠭᠠᠷᠭᠠᠭᠰᠠᠨ ᠨᠢ᠂ ᠮᠠᠨ ᠤ ᠰᠢᠶᠠᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠠᠵᠢᠯ ᠢ ᠦᠷᠬᠦᠯᠵᠢᠯᠡᠨ ᠭᠦᠨᠵᠡᠭᠡᠢ ᠠᠬᠢᠭᠤᠯᠵᠤ᠂ ᠵᠥᠪ ᠲᠠᠯ᠎ᠠ ᠠᠴᠠ ᠬᠥᠲᠦᠯᠦᠨ ᠵᠢᠯᠤᠭᠤᠳᠴᠤ᠂ ᠠᠬᠢᠭᠤᠯᠤᠨ᠂ ᠡᠯ᠎ᠡ ᠵᠦᠢᠯ ᠤᠨ ᠠᠵᠢᠯ ᠤᠨ ᠬᠦᠴᠦᠯᠡᠴᠡ ᠪᠠᠨ ᠴᠢᠩᠭᠠᠳᠬᠠᠵᠤ᠂ ᠪᠠᠭᠰᠢ ᠰᠤᠷᠤᠭᠴᠢᠳ ᠢ ᠣᠶᠤᠨᠴᠢ ᠪᠠᠷ ᠬᠠᠮᠢᠶᠠᠷᠴᠤ᠂ ᠰᠤᠷᠭᠠᠨ ᠬᠥᠮᠦᠵᠢᠯ ᠤᠨ ᠠᠵᠢᠯ ᠤᠨ ᠥᠭᠡᠷᠡᠴᠢᠯᠡᠯᠲᠡ ᠪᠤᠳᠠᠲᠠᠢ ᠠᠮᠵᠢᠯᠲᠠ ᠣᠯᠵᠤ᠂ ᠠᠷᠠᠳ ᠲᠦᠮᠡᠨ ᠬᠠᠨᠤᠮᠵᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠠᠵᠢᠯ ᠳᠤ ᠬᠠᠨᠳᠤᠭᠤᠯᠤᠨ᠂ ᠶᠦᠨ ᠬᠠᠢ ᠴᠢᠩᠭᠠᠳᠬᠠᠭᠰᠠᠨ ᠨᠢ᠂ ᠨᠢᠭᠡ ᠳᠤ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯᠲᠠᠢ ᠡᠷᠦᠬᠡ ᠶᠢᠨ ᠳᠠᠩᠰᠠ ᠡᠪᠬᠡᠮᠡᠯ ᠤᠨ ᠪᠥᠲᠦᠭᠡᠨ ᠪᠠᠶᠢᠭᠤᠯᠤᠯᠲᠠ ᠶᠢᠨ ᠠᠵᠢᠯ ᠢ ᠪᠦᠷᠢᠨᠰᠢᠭᠦᠯᠦᠨ ᠲᠡᠭᠦᠯᠳᠡᠷᠵᠢᠭᠦᠯᠵᠤ᠂ ᠤᠨᠴᠠᠭᠠᠶᠢᠯᠠᠨ ᠡᠷᠦᠬᠡ ᠶᠢᠨ ᠳᠠᠩᠰᠠ ᠡᠪᠬᠡᠮᠡᠯ ᠪᠦᠷᠢᠨ ᠪᠥᠲᠦᠨ ᠪᠠᠶᠢᠬᠤ ᠬᠡᠷᠡᠭᠲᠡᠢ᠃ ᠬᠤᠶᠠᠷ ᠲᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠲᠥᠷᠦ ᠶᠢᠨ ᠪᠣᠳᠤᠯᠭ᠎ᠠ ᠶᠢᠨ ᠤᠬᠠᠭᠤᠯᠭ᠎ᠠ ᠶᠢᠨ ᠠᠵᠢᠯ ᠢ ᠦᠷᠬᠦᠯᠵᠢᠯᠡᠨ ᠰᠠᠶᠢᠲᠤᠷ ᠬᠢᠵᠤ᠂ ᠲᠠᠷᠢᠶᠠᠴᠢᠨ ᠡᠷᠦᠬᠡ ᠳᠤ ᠮᠡᠳᠡᠭᠦᠯᠬᠦ ᠪᠠᠷ ᠪᠠᠷᠠᠬᠤ ᠦᠭᠡᠢ ᠲᠤᠰᠬᠤᠨ ᠤ ᠬᠤᠶᠠᠷ ᠵᠦᠪᠯᠡᠯ ᠤᠨ ᠪᠠᠭ ᠪᠠ ᠲᠤᠰᠬᠤᠨ ᠳᠤ ᠰᠠᠭᠤᠭ᠎ᠠ ᠺᠠᠳ᠋ᠷ ᠳᠠᠬᠢ ᠤᠬᠠᠭᠤᠯᠭ᠎ᠠ ᠶᠢᠨ ᠬᠦᠴᠦᠯᠡᠴᠡ ᠪᠠᠨ ᠴᠢᠩᠭᠠᠳᠬᠠᠨ᠎ᠠ᠃ ᠭᠤᠷᠪᠠ ᠳᠤ ᠶᠠᠳᠠᠭᠤ ᠶᠢ ᠲᠡᠳᠬᠦᠬᠦ ᠪᠡᠯᠡ ᠮᠥᠩᠭᠦ ᠶᠢ ᠪᠠᠭᠤᠯᠭᠠᠬᠤ᠂ ᠬᠡᠷᠡᠭᠯᠡᠬᠦ ᠪᠠ ᠬᠠᠮᠢᠶᠠᠷᠬᠤ ᠬᠤᠯᠪᠤᠭᠳᠠᠯ ᠪᠥᠬᠦᠢ ᠳᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠂ ᠪᠡᠯᠡ ᠮᠥᠩᠭᠦ ᠶᠢᠨ ᠬᠡᠷᠡᠭᠯᠡᠯᠲᠡ ᠠᠰᠠᠭᠤᠳᠠᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠳᠥᠷᠪᠡ ᠳᠤ ᠣᠷᠤᠨ ᠰᠠᠭᠤᠴᠠ ᠶᠢᠨ ᠪᠠᠲᠤᠯᠠᠭ᠎ᠠ ᠪᠠ ᠤᠤᠭᠤᠬᠤ ᠤᠰᠤᠨ ᠤ ᠠᠮᠤᠷ ᠲᠥᠪᠰᠢᠨ ᠤ ᠪᠥᠲᠦᠭᠡᠨ ᠪᠠᠶᠢᠭᠤᠯᠤᠯᠲᠠ ᠶᠢᠨ ᠠᠵᠢᠯ ᠢ ᠦᠨᠡᠨᠬᠦ ᠰᠠᠶᠢᠨ ᠬᠢᠬᠦ ᠬᠡᠷᠡᠭᠲᠡᠢ᠃ ᠲᠠᠪᠤ ᠳᠤ ᠰᠤᠷᠭᠠᠨ ᠬᠥᠮᠦᠵᠢᠯ᠂ ᠡᠮ ᠡᠮᠨᠡᠯᠭᠡ ᠶᠢᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠨᠢᠭᠡ ᠦᠷᠲᠡᠭᠡ ᠮᠠᠶ᠋ᠢᠭ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠵᠢᠷᠭᠤᠭ᠎ᠠ ᠳᠤ ᠠᠵᠤ ᠦᠢᠯᠡᠰ ᠢᠶᠠᠷ ᠠᠰᠢᠭ ᠲᠤᠰᠠ ᠶᠢᠨ ᠬᠡᠯᠬᠢᠶ᠎ᠡ ᠶᠢ ᠲᠤᠯᠭᠠᠭᠤᠷᠢᠯᠠᠬᠤ ᠳᠦᠷᠢᠮᠵᠢᠯ ᠢ ᠪᠦᠷᠢᠨᠰᠢᠭᠦᠯᠦᠨ ᠲᠡᠭᠦᠯᠳᠡᠷᠵᠢᠭᠦᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠪᠥᠬᠦ ᠬᠦᠴᠦᠨ ᠢᠶᠠᠷ ᠠᠬᠢᠭᠤᠯᠵᠤ᠂ ᠶᠠᠳᠠᠭᠤ ᠬᠦᠴᠢᠷᠳᠡᠯᠲᠠᠢ ᠲᠤᠰᠬᠤᠨ ᠪᠠ ᠶᠠᠳᠠᠭᠤ ᠬᠦᠴᠢᠷᠳᠡᠯᠲᠠᠢ ᠣᠯᠠᠨ ᠲᠦᠮᠡᠨ ᠢ ᠳᠠᠶᠢᠴᠢᠯᠠᠨ ᠣᠷᠤᠯᠭ᠎ᠠ ᠶᠢ ᠨᠢ ᠨᠡᠮᠡᠭᠳᠡᠭᠦᠯᠬᠦ ᠬᠡᠷᠡᠭᠲᠡᠢ᠃      ᠡᠯ᠎ᠡ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ᠂ ᠰᠢᠶᠠᠨ ᠤ ᠵᠠᠰᠠᠭ ᠤᠨ ᠣᠷᠳᠤᠨ ᠤ ᠠᠯᠪᠠᠨ ᠭᠡᠷ᠂ ᠶᠠᠳᠠᠭᠤ ᠶᠢ ᠲᠡᠳᠬᠦᠬᠦ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠣᠳᠤᠬᠤ ᠲᠣᠪᠴᠢᠶ᠎ᠠ᠂ ᠲᠠᠷᠢᠶᠠᠯᠠᠩ᠂ ᠮᠠᠯ ᠠᠵᠣ ᠠᠬᠤᠢ ᠶᠢᠨ ᠲᠣᠪᠴᠢᠶ᠎ᠠ᠂ ᠣᠢ ᠰᠢᠭᠤᠢ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠦᠮᠦᠨ ᠤ ᠬᠦᠴᠦᠨ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠥᠭᠡᠷᠡᠴᠢᠯᠡᠯᠲᠡ ᠬᠥᠭᠵᠢᠭᠦᠯᠦᠯᠲᠡ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠤᠪᠴᠢᠶ᠎ᠠ᠂ ᠣᠷᠤᠨ ᠰᠠᠭᠤᠴᠠ ᠪᠠ ᠪᠥᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠤᠯᠤᠰ ᠤᠨ ᠭᠠᠵᠠᠷ ᠰᠢᠷᠤᠢ ᠶᠢᠨ ᠲᠣᠪᠴᠢᠶ᠎ᠠ᠂ ᠠᠷᠠᠳ ᠤᠨ ᠶᠠᠪᠤᠳᠠᠯ ᠪᠠ ᠦᠨᠳᠦᠰᠦᠲᠠᠨ ᠤ ᠱᠠᠰᠢᠨ ᠰᠤᠷᠲᠠᠬᠤᠨ ᠤ ᠲᠣᠪᠴᠢᠶ᠎ᠠ᠂ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠪᠠ ᠲᠥᠯᠦᠪᠯᠡᠭᠡᠲᠤ ᠦᠷᠡᠵᠢᠯ ᠤᠨ ᠲᠣᠪᠴᠢᠶ᠎ᠠ᠂ ᠮᠥᠩᠭᠦᠨ ᠭᠦᠢᠯᠭᠡᠭᠡ ᠶᠢᠨ ᠠᠯᠪᠠᠨ ᠭᠡᠷ᠂ ᠬᠠᠩᠭᠠᠯᠭ᠎ᠠ ᠶᠢᠨ ᠬᠤᠷᠰᠢᠶ᠎ᠠ ᠵᠡᠷᠭᠡ ᠰᠠᠯᠠᠭ᠎ᠠ ᠮᠦᠴᠢᠷ ᠤᠨ ᠭᠤᠣᠯ ᠪᠣᠯᠬᠤ ᠬᠠᠷᠢᠭᠤᠴᠠᠯᠭᠠᠲᠠᠳ ᠬᠤᠷᠠᠯ ᠳᠤ ᠣᠷᠤᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号