ᠬᠦᠬᠡᠬᠤᠲᠠ ᠶᠢᠨ ᠤᠯᠤᠰ ᠲᠥᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠢᠭᠡᠳᠦᠭᠡᠷ ᠬᠤᠷᠠᠯ ᠤᠨ 294 ᠳ᠋ᠦ᠋ᠭᠡᠷ ᠲᠣᠭᠠᠲᠤ ᠰᠠᠨᠠᠯ ᠳᠤᠷᠠᠳᠤᠯᠭ᠎ᠠ ᠶᠢᠨ ᠲᠤᠬᠠᠢ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠠᠷᠢᠭᠤᠯᠲᠠ
ᠨᠡᠶᠢᠲᠡᠯᠡᠭᠰᠡᠨ ᠴᠠᠭ᠄
2018/10/25
                        ᠦᠴᠦᠸᠠᠨ ᠵᠠᠰᠠᠭ ᠲᠠᠷᠬᠠᠭᠠᠭᠰᠠᠨ〔2018〕51 ᠳ᠋ᠦ᠋ᠭᠡᠷ ᠲᠣᠭᠠᠲᠤᠭᠡᠰᠢᠭᠦᠨ ᠸᠠᠩ ᠵᠢᠶᠠᠨ ᠬᠤᠸᠠ ᠳᠤ᠄      ᠲᠠᠨ ᠤ ᠳᠤᠷᠠᠳᠤᠭᠰᠠᠨ《 ᠬᠦᠬᠡᠬᠤᠲᠠ ᠶᠢᠨ ᠦᠨᠳᠦᠰᠦᠲᠡᠨ ᠤ ᠰᠤᠷᠭᠠᠨ ᠬᠥᠮᠦᠵᠢᠯ ᠢ ᠦᠷᠬᠦᠯᠵᠢᠯᠡᠨ ᠡᠷᠡᠭᠦᠯ ᠢᠶᠠᠷ ᠬᠥᠭᠵᠢᠭᠦᠯᠬᠦ ᠲᠤᠬᠠᠢ ᠰᠠᠨᠠᠯ》 ᠤᠨ ᠰᠠᠨᠠᠯ ᠳᠤᠷᠠᠳᠤᠯᠭ᠎ᠠ ᠶᠢ ᠨᠢᠭᠡᠨᠲᠡ ᠬᠤᠷᠢᠶᠠᠨ ᠠᠪᠴᠤ ᠣᠶᠢᠯᠭᠠᠪᠠ᠂ ᠲᠣᠣᠷᠠᠬᠢ ᠮᠡᠲᠤ ᠬᠠᠷᠢᠭᠤᠯᠲᠠ ᠥᠭᠪᠡ᠄      ᠦᠴᠦᠸᠠᠨ ᠰᠢᠶᠠᠨ ᠣᠳᠣᠬᠠᠨ ᠳᠤ ᠨᠢᠭᠡ ᠦᠨᠲᠦᠰᠦᠲᠡᠨ ᠤ ᠪᠠᠭ᠎ᠠ ᠰᠤᠷᠭᠠᠭᠤᠯᠢ ᠲᠠᠢ᠂ ᠰᠤᠷᠭᠠᠭᠤᠯᠢ ᠨᠢ ᠰᠢᠶᠠᠨ ᠤ ᠬᠤᠲᠠ ᠬᠦᠬᠡ ᠡᠷᠭᠢ ᠪᠠᠯᠭᠠᠰᠤᠨ ᠳᠤ ᠪᠠᠶᠢᠷᠢᠯᠠᠵᠤ᠂ ᠨᠡᠶᠢᠲᠡ 1239 ᠨᠡᠷ᠎ᠡ ᠰᠤᠷᠤᠭᠴᠢ᠂ 96 ᠨᠡᠷ᠎ᠡ ᠪᠠᠭᠰᠢ ᠲᠠᠢ᠂ ᠡᠭᠦᠨ ᠳᠤ ᠬᠤᠣᠰ ᠬᠡᠯᠡᠨ ᠤ ᠪᠠᠭᠰᠢ 14 ᠨᠡᠷ᠎ᠡ ᠪᠠᠶᠢᠵᠤ᠂ ᠮᠣᠩᠭᠤᠯ ᠬᠡᠯᠡ ᠵᠢᠴᠢ ᠳᠠᠭᠤᠤ ᠪᠡᠶ᠎ᠡ ᠶᠢᠨ ᠲᠠᠮᠢᠷ ᠵᠢᠷᠤᠭ ᠤᠨ ᠬᠢᠴᠢᠶᠡᠯ ᠵᠢᠭᠠᠵᠤ ᠪᠣᠢ᠂ ᠰᠤᠷᠭᠠᠭᠤᠯᠢ ᠨᠢ ᠲᠡᠷᠢᠭᠦᠨ ᠤ ᠬᠢᠴᠢᠶᠡᠯᠯᠡᠬᠦ ᠲᠥᠬᠦᠭᠡᠷᠦᠮᠵᠢ ᠪᠠ ᠰᠢᠯᠢᠳᠡᠭ ᠬᠢᠴᠢᠶᠡᠯᠯᠡᠬᠦ ᠣᠷᠴᠢᠨ ᠲᠠᠢ᠂ ᠮᠠᠨ ᠤ ᠰᠢᠶᠠᠨ ᠤ ᠬᠢᠴᠢᠶᠡᠯᠯᠡᠬᠦ ᠨᠥᠬᠦᠴᠡᠯ ᠢᠶᠠᠷ ᠬᠠᠮᠤᠭ ᠤᠨ ᠰᠠᠶᠢᠨ ᠰᠤᠷᠭᠠᠭᠤᠯᠢ ᠶᠢᠨ ᠨᠢᠭᠡ ᠮᠦᠨ᠃ ᠣᠳᠣᠬᠠᠨ ᠳᠤ᠂ ᠮᠠᠨ ᠤ ᠰᠢᠶᠠᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠬᠡᠪᠴᠢᠶ᠎ᠡ ᠰᠤᠷᠬᠤ ᠨᠠᠰᠤᠨ ᠤ ᠬᠡᠤᠬᠡᠳ ᠤᠨ ᠰᠤᠷᠭᠠᠭᠤᠯᠢ ᠳᠤ ᠰᠠᠭᠤᠬᠤ ᠱᠠᠭᠠᠷᠳᠠᠯᠭ᠎ᠠ ᠶᠢ ᠬᠠᠩᠭᠠᠵᠤ ᠳᠡᠶᠢᠯᠦᠨ᠎ᠡ᠂ ᠪᠠᠶᠢᠷᠢᠯᠠᠭᠤᠯᠤᠯᠲᠠ ᠵᠣᠬᠢᠰ ᠦᠭᠡᠢ ᠪᠠᠶᠢᠬᠤ ᠠᠰᠠᠭᠤᠳᠠᠯ ᠣᠷᠤᠰᠢᠬᠤ ᠦᠭᠡᠢ᠃      ᠣᠶᠢᠷ᠎ᠠ ᠶᠢᠨ ᠵᠢᠯ ᠤᠳ ᠲᠤ᠂ ᠮᠠᠨ ᠤ ᠰᠢᠶᠠᠨ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠶᠡᠬᠡᠪᠡᠷ ᠬᠦᠨᠳᠦᠳᠬᠡᠵᠤ᠂ ᠨᠠᠮ ᠤᠨ ᠦᠨᠳᠦᠰᠦᠲᠡᠨ ᠤ ᠰᠤᠷᠭᠠᠨ ᠬᠥᠮᠦᠵᠢᠯ ᠤᠨ ᠲᠥᠷᠦ ᠶᠢᠨ ᠪᠣᠳᠤᠯᠭ᠎ᠠ ᠶᠢ ᠢᠮᠠᠭᠲᠠ ᠪᠠᠷᠢᠮᠲᠠᠯᠠᠨ ᠲᠤᠭᠤᠰᠢᠯᠠᠭᠤᠯᠵᠤ᠂《 ᠤᠷᠢᠳ ᠢᠶᠠᠷ ᠭᠤᠣᠯᠳᠠᠯᠭ᠎ᠠ ᠲᠠᠢ ᠪᠠᠶᠢᠯᠭᠠᠬᠤ》ᠵᠠᠷᠴᠢᠮ ᠢᠶᠠᠷ᠂ ᠦᠨᠳᠦᠰᠦᠲᠡᠨ ᠤ ᠰᠤᠷᠭᠠᠨ ᠬᠥᠮᠦᠵᠢᠯ ᠤᠨ ᠦᠢᠯᠡᠰ ᠤᠨ ᠲᠠᠯ᠎ᠠ ᠶᠢᠨ ᠣᠷᠤᠭᠤᠯᠤᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ 2010 ᠣᠨ ᠳᠤ᠂ 690 ᠲᠦᠮᠡᠨ ᠲᠥᠭᠦᠷᠢᠭ ᠤᠨ ᠪᠡᠯᠡ ᠣᠷᠤᠭᠤᠯᠵᠤ ᠦᠨᠳᠦᠰᠦᠲᠡᠨ ᠤ ᠪᠠᠭ᠎ᠠ ᠰᠤᠷᠭᠠᠭᠤᠯᠢ ᠶᠢ ᠰᠢᠨ᠎ᠡ ᠢᠶᠠᠷ ᠪᠠᠷᠢᠭᠰᠠᠨ ᠪᠥᠭᠡᠳ‌ᠬᠤᠯᠪᠤᠭᠳᠠᠯ ᠪᠥᠬᠦᠢ ᠪᠡᠯᠡᠳᠬᠡᠮᠵᠢ ᠲᠥᠬᠦᠭᠡᠷᠦᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠪᠡ᠃ ᠵᠠᠰᠠᠭ ᠤᠨ ᠣᠷᠳᠤᠨ ᠠᠴᠠ ᠵᠢᠯ ᠪᠦᠷᠢ ᠦᠨᠳᠦᠰᠦᠲᠡᠨ ᠤ ᠪᠠᠭ᠎ᠠ ᠰᠤᠷᠭᠠᠭᠤᠯᠢ ᠳᠤ 26 ᠲᠥᠮᠡᠨ ᠲᠥᠭᠦᠷᠢᠭ ᠤᠨ ᠳᠤᠯᠠᠭᠠᠯᠠᠭ᠎ᠠ ᠶᠢᠨ ᠰᠦᠢᠳᠬᠡᠯ ᠤᠨ ᠨᠥᠬᠦᠪᠦᠷᠢ ᠥᠭᠴᠦ ᠪᠠᠶᠢᠨ᠎ᠠ︔ ᠦᠨᠳᠦᠰᠦᠲᠡᠨ ᠤ ᠰᠤᠷᠭᠠᠨ ᠬᠥᠮᠦᠵᠢᠯ ᠤᠨ ᠲᠤᠰᠬᠠᠢ ᠪᠡᠯᠡ ᠮᠥᠩᠭᠦ ᠵᠢᠯ ᠪᠦᠷᠢ 20 ᠲᠥᠮᠡᠨ ᠲᠥᠭᠦᠷᠢᠭ ᠠᠴᠠ  ᠪᠠᠭ᠎ᠠ ᠦᠭᠡᠢ ᠪᠠᠶᠢᠵᠤ᠂ ᠭᠤᠣᠯᠳᠠᠭᠤ ᠵᠢᠭᠠᠨ ᠰᠤᠷᠭᠠᠬᠤ ᠮᠠᠰᠢᠨ ᠲᠥᠬᠦᠭᠡᠷᠦᠮᠵᠢ ᠬᠤᠳᠠᠯᠳᠤᠨ ᠠᠪᠬᠤ᠂ ᠰᠤᠷᠭᠠᠭᠤᠯᠢ ᠶᠢᠨ ᠬᠦᠷᠢᠶᠡᠨ ᠤ ᠪᠥᠲᠦᠭᠡᠨ ᠪᠠᠶᠢᠭᠤᠯᠤᠯᠲᠠ ᠪᠠ ᠦᠨᠳᠦᠰᠦᠲᠡᠨ ᠤ ᠰᠤᠷᠭᠠᠭᠤᠯᠢ ᠶᠢᠨ ᠪᠠᠭᠰᠢ᠂ ᠰᠤᠷᠭᠠᠭᠤᠯᠢ ᠶᠢᠨ ᠵᠠᠬᠢᠷᠤᠯ ᠤᠨ ᠪᠣᠯᠪᠠᠰᠤᠷᠠᠯ ᠰᠤᠷᠤᠯᠴᠠᠯᠭ᠎ᠠ ᠳᠤ ᠬᠡᠷᠡᠭᠯᠡᠵᠦ᠂ ᠲᠤᠰᠬᠠᠢ ᠪᠡᠯᠡ ᠮᠥᠩᠭᠦ ᠶᠢ ᠲᠤᠰᠬᠠᠢ ᠵᠦᠢᠯ ᠳᠤ ᠬᠡᠷᠡᠭᠯᠡᠭᠰᠡᠨ ᠪᠠᠶᠢᠬᠤ ᠶᠢ ᠪᠡᠶᠡᠯᠡᠭᠦᠯᠵᠦ ᠴᠢᠳᠠᠪᠠ᠃ ᠡᠭᠦᠨ ᠤ ᠬᠠᠮᠲᠤ᠂ ᠮᠠᠨ ᠤ ᠰᠢᠶᠠᠨ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠪᠠᠭᠰᠢ ᠶᠢ ᠬᠥᠮᠦᠵᠢᠭᠦᠯᠦᠨ ᠬᠥᠭᠵᠢᠭᠦᠯᠬᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠦᠨᠳᠦᠰᠦᠲᠡᠨ ᠤ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠶᠢᠨ ᠪᠥᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂《 ᠭᠠᠷᠴᠤ ᠶᠠᠪᠤᠬᠤ᠂ ᠲᠠᠲᠠᠵᠤ ᠠᠪᠴᠢᠷᠠᠬᠤ》ᠬᠡᠯᠪᠡᠷᠢ ᠪᠠᠷ ᠪᠠᠭᠰᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠪᠠᠭᠰᠢ ᠶᠢᠨ ᠵᠢᠭᠠᠨ ᠰᠤᠷᠭᠠᠬᠤ ᠴᠢᠳᠠᠪᠤᠷᠢ ᠪᠠ ᠬᠢᠷᠢ ᠲᠥᠪᠰᠢᠨ ᠢ ᠪᠥᠲᠦᠮᠵᠢᠲᠠᠢ ᠳᠡᠭᠡᠭᠰᠢᠯᠡᠭᠦᠯᠪᠡ᠃      ᠳᠠᠷᠠᠭᠠᠴᠢ ᠪᠠᠷ᠂ ᠮᠠᠨ ᠤ ᠰᠢᠶᠠᠨ ᠦᠷᠬᠦᠯᠵᠢᠯᠡᠨ ᠪᠡᠯᠡ ᠣᠷᠤᠭᠤᠯᠤᠯᠲᠠ ᠪᠠᠨ ᠴᠢᠩᠭᠠᠳᠬᠠᠬᠤ ᠪᠥᠭᠡᠳ ᠰᠢᠨ᠎ᠡ ᠮᠠᠶ᠋ᠢᠭ ᠤᠨ ᠬᠥᠮᠦᠨ ᠬᠡᠷᠡᠭᠯᠡᠬᠦ ᠠᠷᠭ᠎ᠠ ᠪᠠᠷᠢᠯ ᠢ ᠢᠳᠡᠪᠬᠢᠲᠠᠢ ᠪᠠᠷ ᠰᠦᠪᠡᠭᠴᠢᠯᠡᠵᠦ᠂ ᠳᠡᠭᠡᠳᠤ ᠱᠠᠲᠤᠨ ᠤ ᠳᠡᠮᠵᠢᠯᠭᠡ ᠶᠢ ᠣᠯᠬᠤ ᠪᠠᠷ ᠲᠡᠮᠡᠴᠡᠨ᠂ ᠬᠤᠯᠪᠤᠭᠳᠠᠯ ᠪᠥᠬᠦᠢ ᠴᠢᠳᠠᠪᠤᠷᠢᠲᠠᠨ ᠢ ᠡᠯᠡᠰᠡᠵᠤ ᠣᠷᠣᠭᠤᠯᠤᠨ ᠠᠪᠴᠢᠷᠠᠬᠤ ᠪᠣᠯᠤᠨ᠎ᠠ᠃                                                                                                                                                              ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ                                          2018 ᠣᠨ ᠤ 5 ᠳ᠋ᠤᠭᠠᠷ ᠰᠠᠷ᠎ᠠ ᠶᠢᠨ 9 ᠤ ᠡᠳᠤᠷᠭᠠᠷ ᠤᠨ ᠦᠰᠦᠭ ᠵᠢᠷᠤᠵᠤ ᠵᠦᠪᠰᠢᠶ᠋ᠷᠡᠭᠴᠢ᠄ ᠯᠢ ᠶᠢᠩ ᠴᠦᠨᠬᠠᠷᠢᠯᠴᠠᠬᠤ ᠬᠥᠮᠦᠨ᠄ ᠭᠤᠣ ᠹᠸᠢᠬᠠᠷᠢᠯᠴᠠᠬᠤ ᠤᠲᠠᠰᠤ :18004713688
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号