ᠬᠤᠲᠠ ᠶᠢᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠠᠷᠪᠠᠨ ᠲᠠᠪᠤᠳᠤᠭᠠᠷ ᠬᠤᠭᠤᠴᠠᠭᠠᠨ ᠤ ᠨᠢᠭᠡᠳᠦᠭᠡᠷ ᠬᠤᠷᠠᠯ ᠤᠨ 268 ᠳ᠋ᠤᠭᠠᠷ ᠲᠣᠭᠠᠲᠤ ᠰᠠᠨᠠᠯ ᠳᠤᠷᠠᠳᠤᠯᠭ᠎ᠠ ᠶᠢᠨ ᠲᠤᠬᠠᠢ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠠᠷᠢᠭᠤᠯᠲᠠ
ᠨᠡᠶᠢᠲᠡᠯᠡᠭᠰᠡᠨ ᠴᠠᠭ᠄
2018/11/6
                      ᠦᠴᠦᠸᠠᠨ ᠵᠠᠰᠠᠭ ᠲᠠᠷᠬᠠᠭᠠᠭᠰᠠᠨ〔2018〕94 ᠳ᠋ᠦ᠋ᠭᠡᠷ ᠲᠣᠭᠠᠲᠤᠯᠢ ᠱᠣᠣ ᠯᠢ ᠳᠦᠯᠦᠭᠡᠯᠡᠭᠴᠢ ᠳᠤ᠄      ᠲᠠᠨ ᠤ ᠳᠤᠷᠠᠳᠤᠭᠰᠠᠨ《ᠤᠯᠤᠰ ᠤᠨ ᠵᠠᠬᠢᠶᠠᠯᠠᠭ᠎ᠠ ᠪᠥᠬᠦᠢ ᠬᠠᠨᠳᠤᠯᠭ᠎ᠠ ᠲᠠᠢ ᠦᠨ᠎ᠡ ᠲᠥᠯᠦᠪᠦᠷᠢ ᠦᠭᠡᠢ ᠡᠮᠨᠡᠯᠭᠡ ᠶᠢᠨ ᠤᠬᠠᠭᠠᠨ ᠤ ᠲᠡᠭᠦᠰᠦᠭᠰᠡᠨ ᠰᠤᠷᠤᠭᠴᠢᠳ ᠲᠤ ᠠᠵᠢᠯ ᠣᠯᠭᠤᠨ ᠲᠥᠪᠬᠢᠨᠡᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ》 ᠢ ᠬᠦᠯᠢᠶᠡᠨ ᠠᠪᠴᠤ ᠣᠶᠢᠯᠭᠠᠪᠠ᠂ ᠲᠠᠨ ᠤ ᠡᠮᠨᠡᠯᠭᠡ ᠶᠢᠨ ᠤᠬᠠᠭᠠᠨ ᠤ ᠰᠤᠷᠤᠭᠴᠢᠳ ᠢ ᠬᠠᠯᠠᠮᠵᠢᠯᠠᠨ ᠳᠡᠮᠵᠢᠵᠤ ᠪᠠᠶᠢᠭ᠎ᠠ ᠳᠤ ᠲᠠᠯᠠᠷᠬᠠᠯ ᠢᠯᠡᠷᠬᠡᠶᠢᠯᠡᠶ᠎ᠡ᠂ ᠳᠣᠣᠷᠠᠬᠢ ᠮᠡᠲᠤ ᠬᠠᠷᠢᠭᠤᠯᠲᠠ ᠥᠭᠪᠡ᠄      ᠤᠯᠤᠰ ᠤᠨ ᠵᠠᠬᠢᠶᠠᠯᠠᠭ᠎ᠠ ᠪᠥᠬᠦᠢ ᠬᠠᠨᠳᠤᠯᠭ᠎ᠠ ᠲᠠᠢ ᠦᠨ᠎ᠡ ᠲᠥᠯᠦᠪᠦᠷᠢ ᠦᠭᠡᠢ ᠡᠮᠨᠡᠯᠭᠡ ᠶᠢᠨ ᠤᠬᠠᠭᠠᠨ ᠤ  ᠲᠡᠭᠦᠰᠦᠭᠰᠡᠨ ᠰᠤᠷᠤᠭᠴᠢᠳ ᠲᠤ ᠠᠵᠢᠯ ᠣᠯᠭᠤᠨ ᠲᠥᠪᠬᠢᠨᠡᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠲᠠ᠂ ᠰᠢᠶᠠᠨ ᠤ ᠵᠠᠰᠠᠭ ᠤᠨ ᠣᠷᠳᠤᠨ ᠠᠴᠠ ᠶᠡᠬᠡᠪᠡᠷ ᠬᠦᠨᠳᠦᠳᠬᠡᠵᠤ᠂ ᠳᠠᠷᠤᠢ ᠲᠦᠷᠭᠡᠨ ᠲᠤᠰᠬᠠᠢ ᠲᠥᠰᠦᠯ ᠭᠠᠷᠭᠠᠵᠤ ᠦᠴᠦᠸᠠᠨ ᠰᠢᠶᠠᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢ ᠱᠠᠭᠠᠷᠳᠠᠨ ᠭᠦᠢᠴᠡᠳᠭᠡᠬᠦᠯᠪᠡ᠃ ᠲᠤᠰ ᠲᠥᠷᠦᠯ ᠵᠦᠢᠯ ᠢ ᠬᠡᠷᠡᠭᠵᠢᠭᠦᠯᠦᠭᠰᠡᠨ ᠠᠴᠠ ᠬᠤᠶᠢᠰᠢ᠂ ᠦᠴᠦᠸᠠᠨ ᠰᠢᠶᠠᠨ ᠠᠴᠠ ᠤᠯᠤᠰ ᠤᠨ ᠪᠠ ᠥᠪᠡᠷᠲᠡᠭᠡᠨ ᠵᠠᠰᠠᠬᠤ ᠣᠷᠤᠨ ᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠳᠣᠭᠤᠭᠰᠢᠬᠢ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠬᠥᠮᠦᠵᠢᠭᠦᠯᠬᠦ ᠲᠤᠬᠠᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠤᠭᠠᠷ᠂ ᠤᠯᠤᠰ ᠤᠨ ᠪᠠ ᠥᠪᠡᠷᠲᠡᠭᠡᠨ ᠵᠠᠰᠠᠬᠤ ᠣᠷᠤᠨ ᠤ ᠱᠠᠭᠠᠷᠳᠠᠯᠭ᠎ᠠ ᠶᠢ ᠢᠳᠡᠪᠬᠢᠲᠠᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠬᠢᠶᠠᠯᠠᠭ᠎ᠠ ᠪᠠᠷ ᠬᠥᠮᠦᠵᠢᠭᠦᠯᠦᠭᠰᠡᠨ ᠡᠮᠨᠡᠯᠭᠡ ᠶᠢᠨ ᠤᠬᠠᠭᠠᠨ ᠤ ᠰᠤᠷᠤᠭᠴᠢᠳ ᠢ ᠲᠣᠬᠢᠲᠠᠢ ᠲᠥᠪᠬᠢᠨᠡᠭᠦᠯᠪᠡ᠃ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ ᠠᠴᠠ ᠦᠨ᠎ᠡ ᠲᠥᠯᠦᠪᠦᠷᠢ ᠦᠭᠡᠢ ᠡᠮᠨᠡᠯᠭᠡ ᠶᠢᠨ ᠤᠬᠠᠭᠠᠨ ᠤ ᠰᠤᠷᠤᠭᠴᠢᠳ ᠤᠨ ᠰᠤᠷᠤᠯᠭ᠎ᠠ ᠲᠡᠭᠦᠰᠦᠭᠰᠡᠨ ᠪᠠᠶᠢᠳᠠᠯ ᠢ ᠵᠢᠯ ᠪᠣᠯᠭᠠᠨ ᠰᠢᠶᠠᠨ ᠤ ᠵᠠᠰᠠᠭ ᠤᠨ ᠣᠷᠳᠤᠨ ᠳᠤ ᠮᠡᠳᠡᠭᠦᠯᠵᠤ᠂ ᠬᠦᠮᠦᠨ ᠤ ᠬᠦᠴᠦᠨ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠤᠨ ᠲᠤᠭ᠎ᠠ ᠶᠢᠨ ᠠᠯᠪᠠᠨ ᠭᠡᠷ ᠵᠡᠷᠭᠡ ᠰᠠᠯᠠᠭ᠎ᠠ ᠮᠦᠴᠢᠷ ᠢᠶᠠᠷ ᠭᠠᠷ ᠭᠦᠢᠴᠡᠳᠬᠡᠯ ᠬᠢᠯᠭᠡᠵᠤ ᠪᠠᠶᠢᠨ᠎ᠠ᠂ ᠲᠥᠪᠬᠢᠨᠡᠭᠦᠯᠦᠭᠰᠡᠨ ᠦᠭᠡᠢ ᠪᠠᠶᠢᠳᠠᠯ ᠭᠠᠷᠤᠭ᠎ᠠ ᠦᠭᠡᠢ᠃ ᠬᠤᠶᠢᠰᠢᠲᠠ᠂ ᠦᠴᠦᠸᠠᠨ ᠰᠢᠶᠠᠨ ᠦᠷᠬᠦᠯᠵᠢᠯᠡᠨ ᠲᠣᠬᠢᠷᠠᠭᠤᠯᠤᠨ ᠨᠠᠶᠢᠳᠠᠪᠤᠷᠢᠵᠢᠭᠤᠯᠵᠣ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠡᠩᠨᠡᠭᠡ ᠶᠢ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯ ᠢ ᠴᠢᠩᠭᠠᠳᠬᠠᠬᠤ ᠪᠣᠯᠤᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号