ᠶᠢᠨ ᠴᠦᠨ ᠯᠢᠶᠠᠩ ᠳᠡᠭᠡᠷ᠎ᠡ ᠲᠣᠬᠤᠢ ᠰᠢᠶᠠᠩ ᠤᠨ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018/5/10
      ᠦᠨᠦᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠶᠢᠨ ᠴᠦᠨ ᠯᠢᠶᠠᠩ ᠦᠴᠦᠸᠠᠨ ᠰᠢᠶᠠᠨ ᠤ ᠳᠡᠭᠡᠷ᠎ᠡ ᠲᠣᠬᠤᠢ ᠰᠢᠶᠠᠩ ᠤᠨ ᡁᠢ ᠵᠢᠢ ᠲᠠᠨ ᠲᠤᠰᠬᠤᠨ ᠪᠠ ᠳ᠋ᠦᠩ ᠲᠤ ᠴᠧᠩ ᠲᠤᠰᠬᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠭᠦᠨᠵᠡᠭᠡᠶᠢᠷᠡᠨ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃      ᠰᠢᠶᠠᠨ ᠤ ᠳᠡᠳ᠋ ᠳᠠᠷᠤᠭ᠎ᠠ ᠯᠢ ᠶᠢᠩ ᠴᠦᠨ᠂ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ ᠭᠡᠰᠢᠭᠦᠨ ᠷᠧᠨ ᠶᠠᠨ ᠰᠢᠶᠠᠩ ᠪᠠᠷ᠎ᠠ ᠪᠣᠯᠪᠠ᠃       ᠶᠢᠨ ᠴᠦᠨ ᠯᠢᠶᠠᠩ ᠨᠤᠷᠠᠬᠤ ᠠᠶᠤᠯᠲᠠᠢ ᠭᠡᠷ ᠪᠠᠶᠢᠰᠢᠩ ᠶᠢᠨ ᠵᠠᠰᠠᠨ ᠰᠠᠶᠢᠵᠢᠷᠠᠭᠤᠯᠤᠯᠲᠠ ᠪᠠ ᠬᠠᠪᠰᠷᠤᠯᠴᠠᠬᠤ ᠶᠢᠨ ᠵᠢᠷᠭᠠᠯ ᠨᠠᠰᠤᠲᠠᠨ ᠢ ᠠᠰᠠᠷᠠᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠤ᠂ ᠶᠠᠳᠠᠭᠤ ᠬᠦᠴᠢᠷᠳᠡᠯᠲᠠᠢ ᠡᠷᠦᠬᠡ ᠳᠤ ᠬᠦᠷᠴᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠣᠶᠢᠯᠭᠠᠬᠤ ᠶᠢᠨ ᠬᠠᠮᠲᠤ ᠪᠠᠷᠢᠨ ᠲᠤᠤᠷ᠎ᠠ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠷᠢᠯᠴᠠᠵᠤ ᠣᠷᠣᠰᠢᠵᠣ ᠪᠠᠶᠢᠭ᠎ᠠ ᠠᠰᠠᠭᠤᠳᠠᠯ ᠢ ᠵᠥᠪᠳᠡᠯᠴᠡᠨ ᠰᠡᠶᠢᠳᠪᠦᠷᠢᠯᠡᠪᠡ᠃ ᠳ᠋ᠦᠩ ᠲᠤ ᠴᠧᠩ ᠲᠤᠰᠬᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠪᠠᠶᠢᠴᠠᠭᠠᠨ ᠰᠤᠳᠤᠯᠤᠯᠲᠠ ᠬᠢᠬᠦ ᠵᠠᠭᠤᠷ᠎ᠠ᠂ ᠶᠢᠨ ᠴᠦᠨ ᠯᠢᠶᠠᠩ ᠴᠢᠬᠤᠯᠠᠴᠢᠯᠠᠭᠰᠠᠨ ᠨᠢ᠂ ᠲᠦᠷᠤ ᠶᠢᠨ ᠪᠣᠳᠣᠯᠭ᠎ᠠ ᠶᠢ ᠤᠬᠠᠭᠤᠯᠭᠤ ᠠᠵᠢᠯ ᠢ ᠰᠠᠶᠢᠲᠤᠷ ᠬᠢᠵᠤ᠂ ᠡᠷᠡᠭᠦᠯ ᠮᠡᠨᠳᠤ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠵᠢᠨ‌‍ᠰᠤᠷᠠᠭ ᠵᠠᠩᠬᠢ ᠶᠢᠨ ᠬᠦᠳᠡᠯᠦᠩᠭᠦᠢ ᠬᠠᠮᠢᠶᠠᠷᠤᠯᠲᠠ ᠶᠢ ᠤᠯᠠᠮ ᠨᠢᠭᠡ ᠠᠯᠬᠤᠮ ᠳᠦᠷᠢᠮᠵᠢᠭᠦᠯᠦᠨ ᠬᠦᠨᠳᠤ ᠡᠪᠡᠳᠴᠢᠨ ᠪᠠ ᠤᠵᠢᠭ ᠡᠪᠳᠴᠢᠨ ᠢ ᠢᠯᠭᠠᠨ ᠵᠠᠰᠠᠬᠤ ᠠᠷᠭ᠎ᠠ ᠠᠪᠴᠠᠯ ᠢ ᠦᠨᠡᠨᠬᠦ ᠪᠤᠲᠠᠲᠠᠶᠢᠵᠢᠭᠤᠯᠵᠤ᠂ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠶᠠᠳᠠᠭᠤ ᠠᠴᠠ ᠠᠩᠭᠢᠵᠢᠷᠠᠬᠤ ᠳᠤ ᠡᠷᠡᠭᠦᠯ ᠮᠡᠨᠳᠤ ᠶᠢᠨ ᠪᠠᠲᠤᠯᠠᠭ᠎ᠠ ᠬᠠᠩᠭᠠᠬᠤ ᠬᠡᠷᠡᠭᠲᠠᠢ ᠭᠡᠪᠡ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号