ᠦᠴᠦᠸᠠᠨ ᠰᠢᠶᠠᠨ ᠨᠠᠮ ᠤᠨ ᠪᠠᠶᠢᠭᠤᠯᠣᠯᠲᠠ ᠶᠢ ᠬᠢᠨᠠᠨ ᠵᠢᠯᠣᠭᠤᠳᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/5/11
     5 ᠳ᠋ᠣᠭᠠᠷ ᠰᠠᠷ᠎ᠠ ᠶᠢᠨ 9 ᠤ ᠡᠳᠤᠷ᠂ ᠦᠴᠦᠸᠠᠨ ᠰᠢᠶᠠᠨ ᠨᠠᠮ ᠤᠨ ᠪᠠᠶᠢᠭᠤᠯᠣᠯᠲᠠ ᠶᠢ ᠬᠢᠨᠠᠨ ᠵᠢᠯᠣᠭᠤᠳᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠣᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠣᠬᠠᠭᠤᠯᠬᠤ ᠬᠡᠯᠲᠡᠰ ᠤᠨ ᠳᠠᠷᠤᠭ᠎ᠠ ᠯᠢᠦ ᠳ᠋ᠦᠩ ᠱᠧᠩ ᠬᠤᠷᠠᠯ ᠳᠤ ᠣᠷᠣᠯᠴᠠᠵᠣ ᠶᠠᠷᠢᠶ᠎ᠠ ᠲᠠᠯᠪᠢᠪᠠ᠃ ᠰᠢᠶᠠᠨ ᠤ ᠨᠠᠮ ᠤᠨ ᠪᠠᠶᠢᠭᠤᠯᠣᠯᠲᠠ ᠶᠢ ᠬᠢᠨᠠᠨ ᠵᠢᠯᠣᠭᠤᠳᠬᠤ ᠳᠣᠭᠤᠶᠢᠯᠠᠩ ᠤᠨ ᠪᠦᠬᠦ ᠭᠡᠰᠢᠭᠦᠳ ᠬᠤᠷᠠᠯ ᠳᠤ ᠣᠷᠣᠯᠴᠠᠪᠠ᠃      ᠬᠤᠷᠠᠯ ᠠᠴᠠ《 ᠳᠣᠮᠳᠠᠳᠣ ᠣᠯᠣᠰ ᠤᠨ ᠡᠪ ᠬᠠᠮᠲᠣ ᠨᠠᠮ ᠤᠨ ᠦᠴᠦᠸᠠᠨ ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠦᠴᠦᠸᠠᠨ ᠰᠢᠶᠠᠨ ᠤ ᠨᠠᠮ ᠤᠨ ᠪᠠᠶᠢᠭᠤᠯᠣᠯᠲᠠ ᠶᠢ ᠬᠢᠨᠠᠨ ᠵᠢᠯᠣᠭᠤᠳᠬᠤ ᠠᠵᠢᠯ ᠤᠨ ᠣᠳᠣᠷᠢᠳᠣᠯᠭ᠎ᠠ ᠶᠢᠨ ᠳᠣᠭᠤᠶᠢᠯᠠᠩ ᠪᠠᠶᠢᠭᠤᠯᠬᠤ ᠪᠠ ᠨᠠᠮ ᠤᠨ ᠪᠠᠶᠢᠭᠤᠯᠣᠯᠲᠠ ᠶᠢ ᠬᠢᠨᠠᠨ ᠵᠢᠯᠣᠭᠤᠳᠬᠤ ᠳᠣᠭᠤᠶᠢᠯᠠᠩ ᠲᠣᠮᠢᠯᠠᠬᠤ ᠲᠣᠬᠠᠢ》ᠮᠡᠳᠡᠭᠳᠡᠯ ᠢ ᠲᠠᠷᠬᠠᠭᠠᠵᠣ᠂ ᠯᠢᠦ ᠳ᠋ᠦᠩ ᠱᠧᠩ ᠨᠠᠮ ᠤᠨ ᠪᠠᠶᠢᠭᠤᠯᠣᠯᠲᠠ ᠶᠢ ᠬᠢᠨᠠᠨ ᠵᠢᠯᠣᠭᠤᠳᠬᠤ ᠠᠵᠢᠯ ᠤᠨ ᠳᠠᠶᠢᠴᠢᠯᠠᠯᠲᠠ ᠶᠢᠨ ᠦᠭᠡ ᠶᠠᠷᠢᠪᠠ᠃      ᠯᠢᠦ ᠳ᠋ᠦᠩ ᠱᠧᠩ ᠵᠢᠭᠠᠵᠣ ᠭᠠᠷᠭᠠᠭᠰᠠᠨ ᠨᠢ᠂ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢ ᠬᠢᠨᠠᠨ ᠵᠢᠯᠣᠭᠤᠳᠬᠤ ᠳᠤᠭᠤᠶᠢᠯᠠᠩ ᠪᠠᠶᠢᠭᠤᠯᠬᠤ ᠪᠣᠯ ᠰᠢᠨ᠎ᠡ ᠴᠠᠭ ᠦᠶ᠎ᠡ ᠵᠢᠨ‌ᠨᠠᠮ ᠤᠨ ᠪᠠᠶᠢᠭᠤᠯᠤᠯᠲᠠ ᠵᠢᠨ‌‍ᠰᠢᠨ᠎ᠡ ᠠᠭᠤᠤ ᠶᠡᠭᠡ ᠢᠨᠵᠧᠨᠧᠷᠢᠩ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠢ ᠪᠡᠶᠡᠯᠡᠭᠦᠯᠬᠦ  ᠳᠤ ᠡᠷᠡᠰ ᠴᠢᠩᠭ᠎ᠠ ᠵᠣᠬᠢᠶᠠᠨ ᠪᠠᠶᠢᠭᠤᠯᠣᠯᠲᠠ ᠶᠢᠨ ᠪᠠᠲᠤᠯᠠᠭ᠎ᠠ ᠬᠠᠩᠭᠠᠨ᠂ ᠰᠢᠶᠠᠨ ᠤ ᠨᠠᠮ ᠤᠨ ᠬᠤᠷᠢᠶ᠎ᠠ ᠶᠢᠨ ᠰᠢᠳᠪᠦᠷᠢᠲᠣ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠵᠤ᠂ ᠨᠠᠮ ᠤᠨ ᠪᠠᠶᠢᠭᠤᠯᠤᠯᠲᠠ ᠶᠢᠨ ᠭᠤᠣᠯᠳᠠᠯᠭᠠᠲᠣ ᠠᠵᠢᠯ ᠶᠢ ᠦᠨᠡᠨᠬᠦ ᠪᠥᠲᠦᠮᠵᠢᠲᠠᠢ ᠨᠠᠶᠢᠳᠠᠪᠣᠷᠢᠵᠢᠭᠤᠯᠬᠤ ᠶᠢ ᠪᠠᠲᠣᠯᠠᠬᠤ ᠶᠢᠨ ᠲᠦᠯᠦᠭᠡ ᠶᠤᠮ ᠭᠡᠪᠡ᠃      ᠯᠢᠦ ᠳ᠋ᠦᠩ ᠱᠧᠩ ᠱᠠᠭᠠᠷᠳᠠᠭᠰᠠᠨ ᠨᠢ᠂᠂ᠨᠠᠮ ᠤᠨ ᠪᠠᠶᠢᠭᠤᠯᠤᠯᠲᠠ ᠶᠢ ᠬᠢᠨᠠᠨ ᠵᠢᠯᠣᠭᠤᠳᠬᠤ ᠳᠤᠭᠤᠶᠢᠯᠠᠩ  ᠶᠢᠨ ᠬᠢᠨ ᠨᠢᠭᠡ ᠳᠤ᠂ ᠲᠠᠨᠢᠯᠲᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠨ᠂ ᠨᠠᠮ ᠤᠨ ᠪᠠᠶᠢᠭᠤᠯᠤᠯᠲᠠ ᠶᠢ ᠬᠢᠨᠠᠨ ᠵᠢᠯᠣᠭᠤᠳᠬᠤ ᠠᠵᠢᠯ ᠢ ᠦᠨᠡᠨ ᠬᠦ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠣ ᠰᠡᠳᠬᠢᠯᠭᠡ ᠪᠠᠨ ᠨᠡᠮᠡᠭᠳᠡᠭᠦᠯᠬᠦ ᠬᠡᠷᠡᠭᠲᠠᠢ︔ ᠬᠤᠶᠠᠷ ᠲᠤ᠂ ᠡᠭᠦᠷᠭᠡ ᠪᠠᠨ ᠲᠣᠳᠣᠷᠬᠠᠶᠢᠯᠠᠨ᠂ ᠭᠤᠣᠯᠳᠠᠯᠭ᠎ᠠ ᠪᠠᠨ ᠲᠤᠪᠤᠶᠢᠯᠭᠠᠵᠤ᠂ ᠴᠢᠩᠭ᠎ᠠ ᠬᠢᠨᠠᠨ ᠵᠢᠯᠣᠭᠤᠳᠴᠣ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠴᠢᠨᠠᠷᠯᠢᠭ ᠨᠠᠶᠢᠳᠠᠪᠣᠷᠢᠵᠢᠭᠤᠯᠣᠨ ᠪᠣᠲᠠᠲᠠᠶᠢᠵᠢᠭᠤᠯᠬᠤ ᠶᠢ ᠲᠦᠯᠬᠢᠨ ᠠᠬᠢᠭᠤᠯᠵᠤ ᠬᠡᠷᠡᠭᠲᠠᠢ︔ ᠭᠤᠷᠪᠠ ᠳᠤ᠂ ᠵᠠᠩᠭᠢᠯᠠᠭ᠎ᠠ ᠶᠢ ᠠᠳᠬᠤᠵᠤ᠂ ᠠᠷᠭ᠎ᠠ ᠮᠠᠶ᠋ᠢᠭ ᠢᠶᠠᠨ ᠠᠩᠬᠠᠷᠴᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠬᠢᠨᠠᠨ ᠵᠢᠯᠣᠭᠤᠳᠬᠤ ᠠᠵᠢᠯ ᠤᠨ ᠶᠠᠰᠤ ᠴᠢᠨᠠᠷ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号