ᠦᠴᠦᠸᠠᠨ ᠰᠢᠶᠠᠨ ᠤ ᠳ᠋ᠠ ᠴᠢᠩ ᠱᠠᠨ ᠰᠢᠶᠠᠩ ᠤᠨ ᠵᠢᠩ ᠡᠯ ᠭᠧᠤ ᠲᠣᠰᠬᠤᠨ ᠤ ᠵᠢᠵᠢᠭ ᠰᠠᠷᠢᠮᠰᠠᠭ ᠨᠢ ᠪᠠᠶᠠᠵᠢᠯ ᠤᠨ ᠵᠣᠷ ᠪᠣᠯᠪᠠ
ᠨᠡᠶᠢᠲᠡᠯᠡᠭᠰᠡᠨ ᠴᠠᠭ᠄
2018/5/28
     ᠬᠠᠪᠤᠷ ᠤᠨ ᠲᠠᠷᠢᠶᠠᠯᠠᠭ᠎ᠠ ᠶᠢᠨ ᠣᠯᠠᠷᠢᠯ ᠬᠦᠷᠴᠣ ᠢᠷᠡᠯ᠎ᠡ᠂ ᠳ᠋ᠠ ᠴᠢᠩ ᠱᠠᠨ ᠰᠢᠶᠠᠩ ᠤᠨ ᠵᠢᠩ ᠡᠯ ᠭᠧᠤ ᠲᠣᠰᠬᠤᠨ ᠤ ᠲᠣᠰᠬᠤᠨ ᠤ ᠵᠦᠪᠯᠡᠯ ᠠᠴᠠ ᠶᠠᠳᠠᠭᠤ ᠬᠦᠴᠢᠷᠳᠡᠯᠲᠣ ᠡᠷᠦᠬᠡ ᠶᠢ ᠴᠣᠭᠯᠠᠭᠤᠯᠣᠨ ᠰᠠᠷᠢᠮᠰᠠᠭ ᠲᠠᠷᠢᠭᠰᠠᠨ ᠨᠥᠬᠦᠪᠦᠷᠢ ᠲᠠᠷᠬᠠᠭᠠᠪᠠ᠃ ᠲᠣᠰᠬᠤᠨ ᠤ ᠵᠦᠪᠯᠡᠯ ᠳᠤ᠂ ᠲᠣᠰᠬᠤᠨ ᠳᠤ ᠰᠠᠭᠤᠭ᠎ᠠ ᠠᠵᠢᠯᠯᠠᠬᠤ ᠳᠣᠭᠤᠶᠢᠯᠠᠩ ᠤᠨ ᠬᠢᠨ ᠪᠠ ᠲᠣᠰᠬᠤᠨ ᠤ ᠺᠠᠳ᠋ᠷᠴᠣᠳ ᠶᠠᠳᠠᠭᠤ ᠬᠦᠴᠢᠷᠳᠡᠯᠲᠣ ᠡᠷᠦᠬᠡ ᠲᠠᠢ ᠬᠠᠮᠲᠣ ᠲᠤᠭ᠎ᠠ ᠪᠠᠷᠢᠮᠲᠠ ᠶᠢᠨ ᠮᠡᠳᠡᠭᠡ ᠵᠠᠩᠬᠢ ᠶᠢ ᠨᠢᠭᠡᠳ ᠨᠢᠭᠡ ᠪᠠᠷ ᠬᠠᠷᠭᠤᠯᠣᠨ ᠦᠵᠡᠵᠣ ᠬᠦᠮᠦᠨ ᠪᠦᠷᠢ ᠳᠤ 1000 ᠲᠦᠭᠦᠷᠢᠭ ᠤᠨ ᠪᠠᠷᠢᠮᠵᠢᠶᠠᠲᠣ ᠨᠦᠬᠦᠪᠦᠷᠢ ᠣᠯᠭᠤᠪᠠ᠃      ᠵᠢᠩ ᠡᠯ ᠭᠧᠤ ᠲᠣᠰᠬᠤᠨ ᠪᠣᠯ ᠳ᠋ᠠ ᠴᠢᠩ ᠱᠠᠨ ᠰᠢᠶᠠᠩ ᠤᠨ ᠭᠤᠷᠪᠠᠨ ᠭᠤᠣᠯᠳᠠᠯᠭ᠎ᠠ ᠲᠠᠢ ᠶᠠᠳᠠᠭᠤ ᠬᠦᠴᠢᠷᠳᠡᠯᠲᠦ ᠲᠣᠰᠬᠤᠨ ᠤ ᠨᠢᠭᠡ ᠮᠥᠨ᠂ ᠵᠢᠩ ᠡᠯ ᠭᠧᠤ ᠲᠣᠰᠬᠤᠨ ᠨᠢ ᠠᠭᠤᠯᠠᠷᠬᠠᠭ ᠣᠷᠣᠨ ᠳᠤ ᠣᠷᠣᠰᠢᠵᠤ᠂ ᠭᠠᠩ ᠬᠠᠭᠤᠷᠠᠶ ᠤᠰᠤ ᠳᠤᠲᠠᠮᠠᠭ᠂ ᠲᠠᠷᠢᠶᠠᠨ ᠭᠠᠵᠠᠷ ᠤᠨ ᠲᠠᠯᠠᠪᠠᠢ ᠪᠠᠭ᠎ᠠ᠂ ᠲᠠᠷᠠᠬᠠᠶ ᠪᠤᠲᠠᠷᠬᠠᠶ ᠵᠡᠷᠭᠡ ᠪᠠᠶᠢᠭᠠᠯᠢ ᠶᠢᠨ ᠨᠥᠬᠦᠴᠡᠯ ᠤᠨ ᠬᠢᠵᠠᠭᠠᠷᠯᠠᠯ ᠠᠴᠠ ᠪᠤᠯᠵᠤ ᠲᠠᠷᠢᠮᠠᠯ ᠤᠨ ᠦᠢᠯᠡᠰ ᠢ ᠶᠡᠭᠡ ᠬᠡᠪᠴᠢᠶ᠎ᠡ ᠪᠠᠷ ᠬᠥᠭᠵᠢᠭᠦᠯᠬᠦ ᠳᠤ ᠬᠦᠴᠢᠷᠲᠠᠢ ᠪᠠᠶᠢᠳᠠᠭ᠃ ᠭᠡᠪᠡᠴᠦ ᠠᠳᠡᠬᠢ ᠶᠢᠨ ᠠᠭᠤᠷ ᠠᠮᠢᠰᠬᠤᠯ ᠪᠣᠯᠤᠨ ᠬᠦᠷᠦᠰᠦᠨ ᠴᠢᠨᠠᠷ ᠨᠢ ᠰᠠᠷᠢᠮᠰᠠᠭ ᠲᠠᠷᠢᠬᠤ ᠳᠤ ᠲᠣᠬᠢᠷᠠᠮᠵᠢᠲᠠᠢ ᠪᠠᠶᠢᠵᠣ ᠲᠣᠰᠬᠤᠨ ᠤ ᠠᠷᠠᠳ ᠴᠦ ᠰᠠᠷᠢᠮᠰᠠᠭ ᠲᠠᠷᠢᠬᠤ ᠣᠯᠠᠮᠵᠢᠯᠠᠯ ᠲᠠᠢ ᠪᠠᠶᠢᠪᠠ᠃ ᠤᠢᠢᠷ᠎ᠠ ᠶᠢᠨ ᠵᠢᠯ ᠳᠤ᠂ ᠳᠠᠯᠠᠨ ᠬᠠᠷ᠎ᠠ ᠰᠢᠶᠠᠩ ᠬᠥᠭᠵᠢᠯ ᠤᠨ ᠬᠠᠨᠳᠤᠰᠢ ᠶᠢ ᠦᠵᠡᠵᠦ ᠬᠥᠲᠥᠯᠥᠨ ᠵᠢᠯᠣᠭᠤᠳᠴᠤ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ‌‍ᠲ᠋ᠣᠰᠬᠤᠨ ᠤ ᠠᠷᠠᠳ ‍ᠤᠨ‌‍ᠰᠠᠷᠢᠮᠰᠠᠭ ᠲᠡᠷᠢᠬᠤ ᠠᠵᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠵᠤ᠂ ᠰᠠᠷᠢᠮᠰᠠᠭ ᠲᠠᠷᠢᠬᠤ ᠨᠢ ᠵᠢᠩ ᠡᠯ ᠭᠧᠤ ᠲᠣᠰᠬᠤᠨ ᠤ ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠪᠦᠲᠦᠮᠵᠢᠲᠡᠶ ᠠᠷᠭ᠎ᠠ ᠵᠠᠮ ᠪᠣᠯᠪᠠ᠃      ᠰᠢᠨ ᠰᠢᠦᠢ ᠳ᠋ᠦᠩ ᠤᠨ ᠬᠢᠨ ᠪᠣᠯ ᠵᠢᠩ ᠡᠯ ᠭᠧᠤ ᠲᠣᠰᠬᠤᠨ ᠤ ᠶᠠᠳᠠᠭᠤ ᠬᠦᠴᠢᠷᠳᠡᠯᠲᠦ ᠡᠷᠦᠬᠡ ᠶᠢᠨ ᠨᠢᠭᠡ ᠮᠦᠨ᠂ ᠬᠡᠦᠬᠡᠳ ᠨᠢ ᠭᠠᠳᠠᠷ ᠣᠷᠣᠨ ᠳᠤ ᠰᠣᠷᠣᠯᠴᠠᠵᠣ᠂ ᠡᠬᠡᠨᠡᠷ ᠨᠢ ᠡᠪᠡᠳᠴᠢᠨ ᠳᠤ ᠨᠡᠷᠪᠡᠭᠳᠡᠨ ᠬᠦᠳᠡᠯᠮᠦᠷᠢ ᠬᠦᠴᠦ ᠴᠦᠬᠡᠨ᠂ ᠵᠠᠷᠣᠳᠠᠯ ᠶᠡᠭᠡ ᠪᠠᠶᠢᠳᠠᠭ᠃ ᠲᠣᠰᠬᠤᠨ ᠤ ᠭᠠᠵᠠᠷ ᠰᠢᠷᠣᠶ ᠪᠠᠭ᠎ᠠ᠂ ᠵᠢᠯ ᠲᠣᠵᠢ ᠭᠠᠩ ᠬᠠᠭᠤᠷᠠᠶ ᠤᠰᠤ ᠳᠤᠲᠠᠮᠠᠭ ᠪᠠᠶᠢᠵᠣ ᠲᠠᠷᠢᠮᠠᠯ ᠤᠨ ᠦᠢᠯᠡᠰ ᠢ ᠬᠥᠭᠵᠢᠭᠦᠯᠦᠨ ᠣᠷᠣᠯᠭ᠎ᠠ ᠪᠠᠨ ᠨᠡᠮᠡᠭᠳᠡᠭᠦᠯᠬᠦ ᠳᠤ ᠮᠠᠰᠢ ᠬᠦᠴᠢᠷ ᠶᠤᠮ᠃ ᠨᠢᠳᠤᠨᠤᠨ ᠠᠴᠠ ᠡᠬᠢᠯᠡᠨ᠂ ᠰᠢᠶᠠᠩ ‍ᠤᠨ‌ᠵᠠᠰᠠᠭ ᠤᠨ ᠣᠷᠳᠣᠨ ᠪᠠ ᠲᠣᠰᠬᠤᠨ ᠳᠤ ᠰᠠᠭᠤᠭ᠎ᠠ ᠠᠵᠢᠯᠯᠠᠬᠤ ᠳᠣᠭᠤᠶᠢᠯᠠᠩ ᠤᠨ ᠵᠣᠷᠢᠭᠵᠢᠭᠤᠯᠤᠯ ᠳᠣᠣᠷ᠎ᠠ᠂ ᠲᠡᠷᠡ ᠬᠠᠭᠠᠰ ᠮᠦ ᠰᠠᠷᠢᠮᠰᠠᠭ ᠲᠠᠷᠢᠵᠣ 3000 ᠲᠥᠭᠦᠷᠢᠭ ᠣᠷᠴᠢᠮ ᠤᠨ ᠣᠷᠣᠯᠭ᠎ᠠ ᠣᠯᠪᠠ᠃ ᠡᠨᠡ ᠵᠢᠯ ᠲᠣᠰᠬᠤᠨ ᠠᠴᠠ ᠲᠠᠷᠢᠮᠠᠯ ᠤᠨ ᠨᠦᠬᠦᠪᠦᠷᠢ ᠲᠠᠷᠬᠠᠭᠠᠵᠣ᠂ ᠰᠢᠨ ᠰᠢᠦᠢ ᠳ᠋ᠦᠩ ᠤᠨ ᠬᠢᠨ ᠭᠤᠷᠪᠠᠨ ᠠᠮᠠ ᠬᠥᠮᠦᠨ ᠤ ᠪᠠᠷᠢᠮᠵᠢᠶ᠎ᠠ ᠪᠠᠷ 3000 ᠲᠥᠭᠦᠷᠢᠭ ᠤᠨ ᠨᠥᠬᠦᠪᠥᠷᠢ ᠣᠯᠪᠠ᠃      ᠳᠠᠯᠠᠨ‌ᠬᠠᠷ᠎ᠠ ᠰᠢᠶᠠᠩ 2014 ᠣᠨ ᠡᠴᠠ‌‍ᠰᠠᠷᠢᠮᠰᠠᠭ ᠲᠠᠷᠢᠬᠤ ᠲᠦᠷᠦᠯ ᠵᠦᠢᠯ ᠢ ᠡᠬᠢᠯᠡᠨ ᠬᠥᠭᠵᠢᠭᠦᠯᠵᠦ᠂ᠣᠳᠣᠬᠠᠨ ᠪᠣᠯᠲᠠᠯ᠎ᠠ᠂ᠰᠢᠨ ᠰᠢᠦᠢ ᠳ᠋ᠦᠩ ᠮᠡᠲᠦ ᠵᠢᠨ‌‍ᠬᠥ᠋ᠳᠡᠯᠮᠦᠷᠢᠯᠡᠬᠦ ᠴᠢᠳᠠᠪᠤᠷᠢ ᠪᠦᠬᠦᠢ ᠶᠠᠳᠠᠭᠤ ᠬᠦᠴᠢᠷᠳᠡᠯᠲᠣ ᠡᠷᠦᠬᠡ ‍ᠤᠳ‌ᠦᠨᠳᠦᠰᠦᠨ ᠳᠡᠭᠡᠨ ᠴᠥᠮ ᠰᠠᠷᠢᠮᠰᠠᠭ ᠲᠠᠷᠢᠪᠠ᠃ ᠲᠠᠷᠢᠶᠠᠨ ᠭᠠᠵᠠᠷ ᠤᠨ ᠲᠠᠯᠠᠪᠠᠢ ᠪᠠᠭ᠎ᠠ᠂ ᠲᠠᠷᠠᠬᠠᠶ ᠪᠤᠲᠠᠷᠬᠠᠶ ᠪᠠᠶᠢᠭᠰᠠᠨ ᠴᠦ ᠬᠠᠭᠠᠰ ᠮᠦ ᠭᠠᠵᠠᠷ ᠠᠴᠠ 3000 ᠲᠥᠭᠦᠷᠢᠭ ᠣᠷᠴᠢᠮ ᠤᠨ ᠣᠷᠣᠯᠭ᠎ᠠ ᠣᠯᠳᠠᠭ᠂ ᠡᠭᠦᠨ ᠤ ᠳᠡᠭᠡᠷ᠎ᠡ ᠦᠴᠦᠸᠠᠨ ᠰᠢᠶᠠᠨ ᠤ ᠣᠷᠠᠨ ᠡᠵᠢ ᠢᠳᠡᠭᠡᠨ ᠨᠡᠷᠡᠬᠦ ᠺᠣᠮᠫᠠᠨᠢ ᠨᠢ ᠵᠢᠩ ᠡᠯ ᠭᠧᠤ ᠲᠣᠰᠬᠤᠨ ᠤ ᠲᠠᠷᠢᠶᠠᠴᠢᠳ ᠲᠠᠢ ᠬᠠᠷᠢᠯᠴᠠᠨ ᠬᠠᠪᠰᠤᠷᠴᠤ ᠬᠠᠮᠲᠤᠷᠠᠨ ᠠᠵᠢᠯᠯᠠᠬᠤ ᠬᠠᠷᠢᠴᠠᠭ᠎ᠠ ᠪᠠᠶᠢᠭᠤᠯᠵᠤ᠂ ᠪᠡᠯᠡ ᠪᠠᠨ ᠪᠠᠲᠣᠯᠠᠨ ᠬᠤᠳᠠᠯᠳᠣᠨ ᠠᠪᠬᠤ ᠪᠣᠯᠣᠭᠰᠠᠨ ᠠᠴᠠ ᠪᠣᠷᠣᠯᠠᠭᠤᠯᠭ᠎ᠠ ᠶᠢᠨ ᠠᠷᠭ᠎ᠠ ᠵᠠᠮ ᠤᠨ ᠲᠣᠭᠲᠠᠭᠤᠨ ᠪᠠᠶᠢᠳᠠᠯ ᠪᠠ ᠶᠠᠳᠠᠭᠤ  ᠬᠦᠴᠢᠷᠳᠡᠯᠲᠦ ᠡᠷᠦᠬᠡ ᠶᠢᠨ ᠣᠷᠣᠯᠭ᠎ᠠ ᠶᠢᠨ ᠲᠣᠭᠲᠠᠭᠤᠨ‌ᠢ ᠪᠠᠲᠣᠯᠠᠵᠣ ᠴᠢᠳᠠᠪᠠ᠃       ᠵᠠᠩ ᠮᠠᠨ ᠼᠠᠢ ᠶᠢᠨ ᠬᠢ ᠪᠣᠯ ᠡᠪᠳᠴᠢᠨ ᠠᠴᠠ ᠪᠤᠯᠵᠣ ᠶᠠᠳᠠᠭᠤᠷᠠᠭᠰᠠᠨ ᠶᠠᠳᠠᠭᠤ ᠬᠦᠴᠢᠷᠳᠡᠯᠲᠦ ᠡᠷᠦᠬᠡ ᠮᠦᠨ᠃ ᠲᠡᠳᠡᠨ ᠤ ᠬᠢ 2017 ᠣᠨ‌ᠡᠴᠠ ᠡᠬᠢᠯᠡᠨ ᠰᠠᠷᠢᠮᠰᠠᠭ ᠲᠠᠷᠢᠪᠠ᠂ ᠨᠢᠳᠣᠨᠣᠨ ᠵᠠᠩ ᠮᠠᠨ ᠼᠠᠢ ᠨᠢᠭᠡ ᠮᠦ ᠰᠠᠷᠢᠮᠰᠠᠭ ᠲᠠᠷᠢᠵᠣ ᠲᠠᠷᠢᠮᠠᠯ ᠤᠨ ᠨᠥᠬᠦᠪᠦᠷᠢ ᠠᠴᠠ ᠪᠠᠨ ᠭᠠᠳᠠᠨ᠎ᠠ 6000 ᠭᠠᠷᠣᠢ ᠲᠥᠭᠦᠷᠢᠭ ᠤᠨ ᠣᠷᠣᠯᠭ᠎ᠠ ᠣᠯᠪᠠ᠃ ᠵᠠᠩ ᠮᠠᠨ ᠼᠠᠢ ᠪᠠ ᠵᠧᠦ ᠢᠦᠢ ᠹᠧᠩ ᠬᠤᠶᠠᠷ ᠨᠠᠰᠣᠲᠠᠨ ᠨᠠᠰᠤ ᠠᠬᠢᠵᠤ ᠶᠡᠭᠡ ᠬᠡᠪᠴᠢᠶ᠎ᠡ ᠪᠠᠷ ᠲᠠᠷᠢᠬᠤ ᠲᠠᠷᠢᠮᠠᠯ ᠢ ᠬᠤᠷᠢᠶᠠᠨ ᠠᠷᠠᠴᠢᠯᠠᠵᠣ ᠲᠡᠶᠢᠯᠬᠦ ᠦᠭᠡᠢ ᠪᠣᠯᠣᠭᠰᠠᠨ ᠢᠶᠠᠷ ᠪᠠᠭ᠎ᠠ ᠬᠡᠪᠴᠢᠶᠡᠨ ᠤ ᠰᠠᠷᠢᠮᠰᠠᠭ ᠲᠠᠷᠢᠬᠤ ᠨᠢ ᠬᠦᠳᠡᠯᠮᠦᠷᠢ ᠶᠢᠨ ᠬᠦᠨᠳᠦᠴᠡ ᠶᠢ  ᠬᠥᠩᠭᠡᠷᠡᠭᠦᠯᠦᠭᠰᠡᠨ ᠢᠶᠠᠷ ᠪᠠᠷᠠᠬᠤ ᠦᠭᠡᠢ ᠣᠷᠣᠯᠭ᠎ᠠ ᠨᠢ ᠴᠦ ᠨᠡᠮᠡᠭᠳᠡᠪᠡ᠃ᠦᠩᠭᠡᠷᠡᠭᠰᠡᠨ ᠳᠤ ᠲᠠᠷᠢᠶᠠᠴᠢᠳ ᠵᠦᠪᠬᠡᠨ ᠦᠪᠡᠷ ᠤᠨ ᠢᠳᠡᠬᠦ ᠰᠠᠷᠢᠮᠰᠠᠭ ᠢᠶᠠᠨ ᠲᠠᠷᠢᠳᠠᠭ ᠪᠠᠶᠢᠪᠠ᠃ ᠣᠳᠣ᠂ ᠳ᠋ᠠ ᠴᠢᠩ ᠱᠠᠨ ᠰᠢᠶᠠᠩ ᠤᠨ ᠵᠠᠰᠠᠭ ᠤᠨ ᠣᠷᠳᠣᠨ ᠤ ᠵᠣᠷᠢᠭᠵᠢᠭᠤᠯᠣᠯ ᠳᠡᠮᠵᠢᠯᠭᠡ ᠲᠣᠣᠷ᠎ᠠ ᠲᠠᠷᠢᠶᠠᠴᠢᠳ ᠵᠠᠬ᠎ᠠ ᠳᠡᠯᠭᠡᠭᠦᠷ ᠲᠠᠢ ᠵᠣᠯᠭᠠᠯᠴᠠᠭ᠎ᠠ ᠬᠢᠬᠦ ᠶᠢ ᠲᠣᠷᠰᠢᠵᠣ ᠡᠬᠢᠯᠡᠪᠡ᠃       28 ᠨᠠᠰᠤᠲᠠᠶ ᠸᠠᠩ ᠷᠦᠢ ᠷᠦᠢ ᠪᠠ ᠸᠠᠩ ᠵᠦ ᠪᠣᠯ ᠵᠢᠩ ᠡᠯ ᠭᠧᠤ ᠲᠣᠰᠬᠤᠨ ᠤ ᠨᠢᠭᠡᠨ ᠬᠤᠣᠰ ᠵᠠᠯᠠᠭᠤ ᠡᠷ᠎ᠡ ᠡᠮ᠎ᠡ ᠮᠥᠨ᠂ ᠲᠡᠳᠡ ᠬᠤᠶᠠᠭᠤᠯᠠ ᠪᠠᠨ ᠶᠡᠭᠡ ᠰᠣᠷᠭᠠᠭᠤᠯᠢ ᠶᠢᠨ ᠣᠶᠣᠲᠠᠨ ᠮᠦᠨ᠃ ᠸᠠᠩ ᠷᠦᠢ ᠷᠦᠢ ᠶᠡᠭᠡ ᠰᠤᠷᠭᠠᠭᠤᠯᠢ ᠲᠡᠭᠦᠰᠦᠭᠰᠡᠨ ᠤ ᠲᠠᠷᠠᠭ᠎ᠠ ᠵᠧᠵᠢᠶᠠᠩ ᠮᠤᠵᠢ ᠶᠢᠨ ᠬᠠᠩᠵᠧᠦ ᠶᠢᠨ ᠡᠯᠧᠺᠲᠷᠣᠨ ᠬᠤᠳᠠᠯᠳᠤᠭᠠᠨ ᠤ ᠺᠣᠮᠫᠠᠨᠢ ᠳᠤ ᠠᠵᠢᠯᠯᠠᠵᠤ᠂ ᠬᠡᠳᠦᠨ ᠵᠢᠯ ᠤᠨ ᠡᠮᠦᠨ᠎ᠡ ᠨᠤᠲᠤᠭ ᠲᠠᠭᠠᠨ ᠬᠠᠷᠢᠭᠠᠳ᠂ ᠠᠪᠤ ᠡᠵᠢ ᠨᠢ ᠨᠣᠲᠤᠭ ᠤᠨ ᠣᠯᠠᠨ ᠲᠠᠢ ᠪᠠᠨ ᠬᠠᠮᠲᠣ ᠬᠦᠷᠡᠩ ᠬᠠᠯᠢᠰᠣᠲᠣ ᠰᠠᠷᠢᠮᠰᠠᠭ ᠲᠠᠷᠢᠵᠣ ᠪᠠᠶᠢᠬᠤ ᠲᠠᠢ ᠲᠠᠭᠠᠷᠠᠯᠳᠣᠪᠠ᠃ ᠬᠦᠷᠦᠰᠣ ᠰᠢᠷᠣᠢ ᠵᠢᠴᠢ ᠠᠭᠤᠷ ᠠᠮᠢᠰᠬᠤᠯ ᠤᠨ ᠨᠦᠬᠦᠴᠡᠯ ᠠᠴᠠ ᠪᠣᠯᠵᠤ ᠨᠣᠲᠤᠭ ᠤᠨ ᠰᠠᠷᠢᠮᠰᠠᠭ ᠨᠢ ᠴᠢᠨᠠᠷ ᠰᠠᠶᠢᠨ᠂ ᠰᠢᠭᠦᠰᠦᠯᠢᠭ ᠪᠠᠶᠢᠵᠣ ᠬᠤᠯᠠ ᠣᠶᠢᠷ᠎ᠠ ᠳᠤ ᠪᠠᠨ ᠠᠯᠳᠠᠷᠲᠠᠢ ᠭᠡᠳᠡᠭ ᠢ ᠲᠡᠷᠡ ᠬᠡᠨ ᠠᠴᠠ ᠴᠦ ᠢᠯᠡᠭᠦᠣ ᠮᠡᠳᠡᠵᠣ ᠪᠠᠶᠢᠯ᠎ᠠ᠃ ᠰᠢᠶᠠᠩ ᠤᠨ ᠵᠠᠰᠠᠭ ᠤᠨ ᠣᠷᠳᠣᠨ ᠠᠴᠠ ᠰᠠᠷᠢᠮᠰᠠᠭ ᠲᠠᠷᠢᠬᠤ ᠶᠢ ᠶᠡᠬᠡᠪᠡᠷ ᠲᠡᠮᠵᠢᠨ ᠵᠣᠷᠢᠭᠵᠢᠭᠤᠯᠬᠤ ᠶᠢᠨ ᠬᠠᠮᠲᠣ ᠣᠷᠠᠨ ᠡᠵᠢ ᠢᠳᠡᠭᠡᠨ ᠨᠡᠷᠡᠬᠦ ᠺᠣᠮᠫᠠᠨᠢ ᠲᠠᠢ ᠬᠤᠳᠠᠯᠳᠣᠨ ᠠᠪᠬᠤ ᠭᠡᠷ᠎ᠡ ᠲᠣᠭᠲᠠᠭᠰᠠᠨ ᠢ ᠣᠯᠵᠣ ᠮᠡᠳᠡᠭᠰᠡᠨ ᠸᠠᠩ ᠷᠦᠢ ᠷᠦᠢ  ᠳᠤ ᠢᠨᠲ᠋ᠧᠷᠨᠧᠲ ᠢ ᠠᠰᠢᠭᠯᠠᠨ ᠨᠣᠲᠤᠭ ᠤᠨ ᠢᠶᠠᠨ ᠲᠠᠷᠢᠮᠠᠯ ᠤᠨ ᠲᠦᠷᠦᠯ ᠵᠦᠢᠯ ᠢ ᠵᠠᠬ᠎ᠠ ᠳᠡᠯᠭᠡᠭᠦᠷ ᠲᠤ ᠭᠠᠷᠭᠠᠵᠣ ᠪᠣᠯᠬᠤ ᠤᠤ︖ ᠭᠡᠰᠡᠨ ᠪᠣᠳᠣᠯ ᠣᠷᠣᠪᠠ᠃       ᠲᠡᠷᠡ ᠬᠦᠰᠡᠯ ᠳᠤ ᠪᠠᠨ ᠬᠦᠲᠦᠯᠦᠭᠳᠡᠨ᠂ ᠬᠠᠩᠵᠸᠣ ᠳᠤ  ᠪᠣᠴᠠᠭᠰᠠᠨ ᠤ ᠳᠠᠷᠠᠭ᠎ᠠ ᠠᠵᠢᠯ ᠢᠶᠠᠨ ᠬᠠᠶᠠᠬᠤ ᠡᠷᠭᠦᠳᠡᠯ ᠳᠡᠪᠰᠢᠭᠦᠯᠦᠨ ᠡᠯ᠎ᠡ ᠵᠦᠢᠯ ᠤᠨ ᠬᠠᠷᠭᠠᠯᠵᠠᠯᠲᠣ ᠨᠥᠬᠦᠴᠡᠯ ᠢ ᠲᠡᠪᠴᠢᠵᠣ ᠨᠣᠲᠤᠭ ᠲᠤ ᠪᠠᠨ ᠪᠣᠴᠠᠵᠣ ᠢᠷᠡᠪᠡ᠃ ᠸᠠᠩ ᠷᠦᠢ ᠷᠦᠢ ᠪᠠ ᠸᠠᠩ ᠵᠦ 2017 ᠣᠨ ᠠᠴᠠ ᠡᠬᠢᠯᠡᠨ ᠰᠠᠷᠢᠮᠰᠠᠭ ᠲᠠᠷᠢᠪᠠ᠃ ᠲᠡᠳᠡ 2017 ᠣᠨ ᠤ 4  ᠳ᠋ᠦᠭᠡᠷ ᠰᠠᠷ᠎ᠠ ᠳᠤ《 ᠦᠴᠦᠸᠠᠨ ᠰᠢᠶᠠᠨ ᠤ ᠰᠠᠷᠢᠮᠰᠠᠭ ᠲᠠᠷᠢᠬᠤ ᠲᠣᠰᠬᠠᠢ ᠡᠷᠦᠬᠡ》ᠵᠢᠨ‌ᠡᠵᠡᠩᠨᠡᠯᠲᠡ ᠶᠢᠨ ᠦᠨᠡᠮᠯᠡᠯ ᠢᠶᠠᠨ ᠠᠪᠬᠤ ᠶᠢᠨ ᠬᠠᠮᠲᠣ《 ᠵᠢᠩ ᠡᠯ ᠭᠧᠤ ᠰᠠᠷᠢᠮᠰᠠᠭ 》ᠬᠡᠮᠡᠬᠦ ᠲᠠᠸᠠᠷ ᠤᠨ ᠲᠡᠮᠳᠡᠭ ᠢ ᠳᠠᠩᠰᠠᠯᠠᠭᠤᠯᠪᠠ᠃ ᠡᠶᠢᠮᠦᠷᠬᠦ ᠠᠵᠢᠯᠯᠠᠭ᠎ᠠ ᠨᠢ ᠡᠨᠡ ᠬᠦ ᠵᠢᠵᠢᠭ ᠠᠭᠤᠯᠠᠨ ᠲᠣᠰᠬᠤᠨ ᠳᠤ  ᠵᠠᠬ᠎ᠠ ᠲᠡᠯᠭᠡᠭᠦᠷ ᠤᠨ ᠦᠵᠡᠯ ᠣᠬᠠᠮᠰᠠᠷ  ᠭᠡᠬᠦ ᠴᠣ ᠰᠢᠨ᠎ᠡ ᠣᠬᠠᠭᠳᠠᠬᠤᠨ ᠢ ᠪᠣᠢ ᠪᠣᠯᠭᠠᠪᠠ᠃ ᠠᠩᠬ᠎ᠠ ᠡᠬᠢᠯᠡᠬᠦ ᠦᠶ᠎ᠡ ᠳᠤ᠂ ᠸᠠᠩ ᠷᠦᠢ ᠷᠦᠢ ᠪᠠ ᠸᠠᠩ ᠵᠦ ᠭᠠᠵᠠᠷ ᠢᠶᠠᠨ ᠬᠡᠰᠡᠭᠯᠡᠨ ᠪᠠᠭ᠎ᠠ ᠬᠡᠪᠴᠢᠶ᠎ᠡ ᠪᠠᠷ ᠡᠵᠡᠩᠨᠡᠨ ᠣᠯᠠᠮᠵᠢᠯᠠᠯᠲᠣ ᠠᠷᠭ᠎ᠠ ᠪᠠᠷ 10 ᠮᠦ ᠰᠠᠷᠢᠮᠰᠠᠭ ᠲᠠᠷᠢᠵᠣ 5 ᠲᠦᠮᠡᠨ ᠲᠥᠭᠦᠷᠢᠭ ᠤᠨ ᠣᠷᠣᠯᠭ᠎ᠠ ᠣᠯᠪᠠ᠃ ᠭᠡᠪᠡᠴᠤ ᠲᠡᠳᠡ ᠨᠢᠭᠲᠠᠯᠠᠨ ᠪᠣᠳᠣᠭᠰᠠᠨ ᠤ ᠲᠠᠷᠠᠭ᠎ᠠ ᠬᠥᠳᠡᠯᠮᠦᠷᠢ ᠬᠦᠴᠣ᠂ ᠪᠣᠷᠳᠣᠭᠤᠷ᠂ ᠣᠰᠣᠯᠠᠯᠲᠠ᠂ ᠰᠠᠷᠢᠮᠰᠠᠭ ᠤᠨ ᠦᠷ᠎ᠡ ᠵᠡᠷᠭᠡ ᠦᠪᠡᠷ ᠤᠨ ᠦᠷᠲᠡᠭ ᠮᠦᠨ ᠯᠡ ᠨᠡᠯᠢᠶᠡᠳ ᠦᠨᠳᠦᠷ ᠪᠠᠶᠢᠵᠣ᠂ ᠴᠡᠪᠡᠷ ᠣᠷᠣᠯᠭ᠎ᠠ ᠨᠢ ᠣᠯᠠᠮ ᠨᠢᠭᠡ ᠠᠯᠬᠤᠮ ᠳᠡᠭᠡᠭᠰᠢᠯᠡᠬᠦ ᠣᠷᠣᠨ ᠵᠠᠢ ᠲᠠᠢ ᠪᠠᠶᠢᠬᠤ ᠶᠢ ᠣᠯᠵᠣ ᠮᠡᠳᠡᠪᠡ᠃ ᠲᠡᠳᠡ ᠲᠣᠷᠰᠢᠯᠭ᠎ᠠ ᠪᠠᠨ ᠳ᠋ᠦᠩᠨᠡᠬᠦ ᠶᠢᠨ ᠬᠠᠮᠲᠣ᠂ ᠰᠦᠯᠵᠢᠶᠡᠨ ᠳᠡᠭᠡᠷ᠎ᠡ ᠠᠴᠠ ᠱᠠᠨᠳᠦ᠋ᠩ ᠵᠡᠷᠭᠡ ᠭᠠᠵᠠᠷ ᠤᠨ ᠰᠠᠷᠢᠮᠰᠠᠭ ᠲᠠᠷᠢᠬᠤ ᠮᠡᠷᠭᠡᠵᠢᠯ  ᠢ ᠰᠣᠷᠣᠯᠴᠠᠭᠰᠠᠨ ᠪᠠ ᠰᠢᠶᠠᠩ ᠤᠨ ᠵᠠᠰᠠᠭ ᠤᠨ ᠣᠷᠳᠣᠨ ᠵᠢᠴᠢ ᠲᠣᠰᠬᠤᠨ ᠤ ᠵᠥᠪᠯᠡᠯ ᠤᠨ ᠮᠡᠷᠭᠡᠵᠢᠯ ᠪᠣᠯᠪᠠᠰᠣᠷᠠᠯ ᠤᠨ ᠬᠤᠷᠠᠯ ᠳᠤ ᠣᠷᠣᠯᠴᠠᠵᠣ ᠦᠷ᠎ᠡ ᠰᠣᠩᠭᠤᠬᠤ ᠪᠣᠷᠳᠣᠭᠤᠷ ᠣᠷᠣᠭᠤᠯᠬᠤ᠂ ᠣᠰᠣᠯᠠᠯᠲᠠ ᠵᠡᠷᠭᠡ ᠲᠠᠯ᠎ᠠ ᠶᠢᠨ ᠰᠢᠨ᠎ᠡ ᠮᠡᠷᠭᠡᠵᠢᠯ ᠢ ᠡᠵᠡᠮᠰᠢᠪᠡ᠃ 2018 ᠣᠨ ᠳᠤ᠂ ᠲᠡᠳᠡ ᠱᠠᠨᠳᠦ᠋ᠩ ᠠᠴᠠ ᠰᠦᠯᠢᠶᠣᠣ ᠪᠥᠷᠬᠦᠪᠴᠢ ᠵᠠᠬᠢᠶᠠᠯᠠᠨ ᠰᠦᠯᠢᠶᠣᠣ ᠪᠥᠷᠬᠦᠪᠴᠢ ᠳᠤ ᠰᠠᠷᠢᠮᠰᠠᠭ ᠲᠠᠷᠢᠪᠠ᠂ ᠡᠨᠡ ᠨᠢ ᠵᠢᠩ ᠡᠯ ᠭᠧᠤ ᠲᠣᠰᠬᠤᠨ ᠤ ᠬᠢᠨ ᠳᠤ ᠠᠪᠴᠤ ᠬᠡᠯᠡᠪᠡᠯ ᠰᠣᠶᠣᠯ ᠢ ᠭᠠᠶᠢᠬᠠᠭᠰᠠᠨ ᠵᠦᠢᠯ ᠪᠣᠯᠵᠤ ᠴᠦᠬᠡᠨ ᠪᠣᠰᠤ ᠬᠥᠮᠦᠰ ᠤᠨ ᠠᠩᠬᠠᠷᠣᠯ ᠢ ᠲᠠᠲᠠᠪᠠ᠃      ᠬᠠᠪᠤᠷ ᠤᠨ ᠠᠭᠤᠷ ᠣᠷᠣᠭᠰᠠᠨ ᠤ ᠳᠠᠷᠠᠭ᠎ᠠ᠂ ᠲᠡᠳᠡ‌ᠤᠯᠠᠮᠵᠢᠯᠠᠯᠲᠤ ᠴᠠᠭᠠᠨ ᠰᠦᠯᠢᠶᠣᠣ ᠪᠦᠷᠬᠦᠪᠴᠢ᠂ ᠥᠨᠳᠥᠷ ᠳᠡᠯᠡᠩᠲᠦ ᠲᠠᠷᠢᠶ᠎ᠠ ᠶᠢᠨ ᠬᠠᠷ᠎ᠠ ᠰᠦᠯᠢᠶᠣᠣ ᠪᠥᠷᠬᠦᠪᠴᠢ ᠪᠠᠷ ᠲᠤᠷᠰᠢᠯᠲᠠ ᠬᠢᠭᠰᠡᠨ ᠪᠥᠭᠡᠳ ᠨᠢᠭᠡ ᠪᠠᠭ᠎ᠠ ᠬᠡᠰᠡᠭ ᠭᠠᠵᠠᠷ  ᠦᠯᠡᠳᠡᠭᠡᠨ ᠣᠯᠠᠮᠵᠢᠯᠠᠯᠲᠣ ᠲᠠᠷᠢᠬᠤ ᠠᠷᠭ᠎ᠠ ᠪᠠᠷ ᠡᠵᠡᠩᠨᠡᠪᠡ᠃ᠲᠡᠳᠡ ᠲᠠᠷᠢᠮᠠᠯ ᠤᠨ ᠨᠢᠭᠲᠠᠴᠠ ᠶᠢ ᠨᠡᠮᠡᠭᠳᠡᠭᠦᠯᠬᠦ ᠠᠷᠭ᠎ᠠ ᠪᠠᠷ ᠭᠠᠵᠠᠷ ᠰᠢᠷᠦᠢ ᠶᠢᠨ ᠠᠰᠢᠭᠯᠠᠯᠲᠠ ᠶᠢᠨ ᠨᠣᠷᠮ᠎ᠠ ᠪᠠᠨ‌‍ᠲ᠋ᠡᠭᠡᠭᠰᠢᠯᠡᠭᠦᠯᠪᠡ᠃ ᠰᠠᠷ᠎ᠠ ᠭᠠᠷᠣᠢ ᠶᠢᠨ ᠬᠤᠭᠤᠴᠠᠭᠠᠨ ᠳᠤ᠂ ᠰᠠᠷᠢᠮᠰᠠᠭ ᠤᠨ ᠴᠢᠬᠢ ᠶᠢᠨ ᠤᠷᠭᠤᠴᠠ ᠶᠢᠨ ᠪᠠᠶᠢᠳᠠᠯ ᠢ ᠠᠵᠢᠭᠯᠠᠵᠣ ᠠᠳᠠᠯᠢ  ᠪᠣᠰᠤ ᠲᠠᠷᠢᠮᠠᠯ ᠤᠨ ᠠᠷᠭ᠎ᠠ  ᠮᠠᠶ᠋ᠢᠭ ᠲᠤ ᠨᠠᠷᠢᠨ ᠲᠡᠮᠳᠡᠭᠯᠡᠯ ᠬᠢᠪᠡ — ᠰᠦᠯᠢᠶᠣᠣ ᠪᠦᠷᠬᠦᠪᠴᠢ ᠳᠣᠲᠤᠷ᠎ᠠ ᠲᠠᠷᠢᠭᠰᠠᠨ ᠰᠠᠷᠢᠮᠰᠠᠭ ᠨᠢ ᠡᠯᠳᠡᠭ ᠲᠠᠷᠢᠭᠰᠠᠨ ᠰᠠᠷᠢᠮᠰᠠᠭ ᠤᠨ ᠲᠣᠭᠠᠨ ᠤ ᠲᠠᠬᠢᠨ ᠪᠠᠶᠢᠭᠰᠠᠨ ᠪᠥᠭᠡᠳ ᠴᠢᠬᠢᠯᠡᠬᠦ ᠨᠤᠷᠮ᠎ᠠ ᠨᠢ ᠥᠨᠳᠥᠷ᠂ ᠥᠰᠥᠯᠲᠡ ᠨᠢ ᠲᠦᠷᠭᠡᠨ᠂ ᠪᠤᠷᠳᠤᠭᠤᠷ ᠣᠷᠣᠭᠤᠯᠬᠤ ᠴᠢᠬᠤᠯᠠ ᠦᠭᠡᠢ᠃ ᠴᠠᠭᠠᠨ ᠰᠦᠯᠢᠶᠣᠣ ᠪᠦᠷᠬᠦᠪᠴᠢ ᠨᠢ ᠬᠠᠷ᠎ᠠ ᠰᠦᠯᠢᠶᠣᠣ ᠪᠦᠷᠬᠦᠪᠴᠢ ᠠᠴᠠ ᠴᠢᠭᠢᠭ ᠢ ᠬᠠᠳᠠᠭᠠᠯᠠᠬᠤ ᠪᠠ ᠣᠷᠭᠤᠯᠲᠠ ᠶᠢᠨ ᠲᠠᠯ᠎ᠠ ᠪᠠᠷ ᠳᠠᠪᠠᠭᠤᠯᠢᠭ ᠪᠠᠶᠢᠵᠣ᠂ ᠬᠠᠷ᠎ᠠ ᠰᠦᠯᠢᠶᠣᠣ ᠪᠦᠷᠬᠦᠪᠴᠢ ᠶᠢᠨ ᠦᠷ᠎ᠡ ᠪᠦᠲᠦᠮᠵᠢ ᠨᠢ ᠢᠯᠡᠷᠬᠡᠢ ᠪᠢᠰᠢ᠃      ᠰᠠᠷᠢᠮᠰᠠᠭ ᠤᠨ ᠣᠳᠣᠬᠠᠨ ᠤ ᠣᠷᠭᠤᠯᠲᠠ ᠶᠢᠨ ᠪᠠᠶᠢᠳᠠᠯ ᠠᠴᠠ ᠠᠪᠴᠣ ᠦᠵᠡᠪᠡᠯ᠂ ᠡᠨᠡ ᠵᠢᠯ ᠨᠢᠳᠣᠨᠣᠨ ᠤ  ᠬᠢ ᠠᠴᠠ ᠢᠯᠡᠭᠦᠣ 4 ᠲᠦᠮᠡᠨ ᠲᠥᠭᠦᠷᠢᠭ ᠤᠨ ᠭᠠᠷᠣᠯᠲᠠ ᠨᠡᠮᠡᠭᠳᠡᠬᠦ ᠪᠣᠯᠣᠨ᠎ᠠ ᠭᠡᠵᠣ ᠲᠡᠳᠡ ᠲᠥᠯᠦᠪᠯᠡᠵᠣ ᠪᠠᠶᠢᠨ᠎ᠠ᠃ ᠸᠠᠩ ᠷᠦᠢ ᠷᠦᠢ ᠪᠠ ᠸᠠᠩ ᠵᠦ ᠰᠢᠨ᠎ᠡ ᠲᠠᠷᠢᠮᠠᠯ ᠤᠨ ᠮᠡᠷᠭᠡᠵᠢᠯ ᠢ ᠲᠣᠷᠰᠢᠬᠤ ᠶᠢᠨ ᠬᠠᠮᠲᠣ ᠡᠯᠧᠺᠲᠷᠣᠨ ᠬᠤᠳᠠᠯᠳᠣᠭᠠᠨ ᠤ ᠲᠠᠪᠴᠠᠩ  ᠪᠠᠷ ᠳᠠᠮᠵᠢᠨ ᠪᠣᠷᠣᠯᠠᠭᠤᠯᠭ᠎ᠠ ᠶᠢᠨ ᠵᠠᠮ ᠨᠡᠭᠡᠭᠡᠬᠦ ᠪᠠᠷ ᠴᠢᠷᠮᠠᠶᠢᠵᠣ ᠪᠣᠢ᠃ᠡᠨᠡ ᠬᠤᠶᠠᠷ ᠵᠠᠯᠠᠭᠤ ᠶᠢᠨ ᠲᠠᠭᠠᠭᠤᠯᠣᠯᠲᠠ ᠲᠣᠣᠷ᠎ᠠ᠂ ᠵᠢᠩ ᠡᠯ ᠭᠧᠤ ᠲᠣᠰᠬᠤᠨ ᠤ ᠴᠦᠬᠡᠨ ᠪᠣᠰᠤ ᠬᠦᠮᠦᠰ ᠰᠢᠨ᠎ᠡ ᠲᠠᠷᠢᠮᠠᠯ ᠤᠨ ᠮᠡᠷᠭᠡᠵᠢᠯ ᠢᠶᠠᠷ ᠰᠠᠷᠢᠮᠰᠠᠭ ᠲᠠᠷᠢᠵᠣ ᠡᠬᠢᠯᠡᠪᠡ᠃ ᠥᠨᠤ ᠵᠢᠯ᠂ ᠨᠡᠯᠢᠶᠡᠳ ᠣᠯᠠᠨ ᠲᠣᠰᠬᠤᠨ ᠤ ᠠᠷᠠᠳ ᠸᠠᠩ ᠷᠦᠢ ᠷᠦᠢ ᠠᠴᠠ ᠲᠠᠷᠢᠮᠠᠯ ᠤᠨ ᠦᠷ᠎ᠡ ᠵᠠᠬᠢᠶᠠᠯᠠᠵᠣ ᠲᠠᠷᠢᠬᠤ ᠮᠡᠷᠭᠡᠵᠢᠯ ᠤᠨ ᠲᠣᠬᠠᠢ ᠠᠰᠠᠭᠤᠨ ᠯᠠᠪᠯᠠᠵᠣ ᠪᠠᠶᠢᠪᠠ᠃ ᠲᠣᠰᠬᠤᠨ ᠤ ᠰᠠᠷᠢᠮᠰᠠᠭ ᠤᠨ ᠲᠠᠷᠢᠮᠠᠯ ᠵᠣᠬᠢᠬᠤ ᠬᠡᠪᠴᠢᠶᠡᠨ ᠳᠤ ᠬᠦᠷᠦᠭᠰᠡᠨ ᠤ ᠲᠠᠷᠠᠭ᠎ᠠ᠂ ᠲᠡᠳᠡ ᠪᠦᠬᠦ ᠬᠦᠴᠦᠨ ᠢᠶᠠᠨ ᠰᠦᠯᠵᠢᠶᠡᠨ ᠤ ᠪᠣᠷᠣᠯᠠᠭᠤᠯᠣᠯᠲᠠ ᠲᠡᠭᠡᠷ᠎ᠡ ᠲᠠᠯᠪᠢᠵᠣ ᠬᠤᠷᠰᠢᠶᠠᠵᠢᠯ ᠳᠠᠩᠰᠠᠯᠠᠭᠤᠯᠬᠤ ᠬᠡᠯᠪᠡᠷᠢ ᠪᠠᠷ ᠨᠡᠩ ᠣᠯᠠᠨ ᠲᠣᠰᠬᠤᠨ ᠤ ᠠᠷᠠᠳ ᠢ ᠳᠠᠭᠠᠭᠤᠯᠣᠨ ᠰᠠᠷᠢᠮᠰᠠᠭ ᠲᠠᠷᠢᠬᠤ ᠦᠢᠯᠡᠰ ᠢ ᠬᠥᠭᠵᠢᠭᠦᠯᠬᠦ ᠪᠠᠷ ᠲᠥᠯᠦᠪᠯᠡᠵᠣ ᠪᠠᠶᠢᠨ᠎ᠠ᠃      ᠶᠡᠷᠡᠭᠡᠳ ᠣᠨ ᠳᠤ ᠲᠥᠷᠥᠭᠰᠡᠨ ᠬᠤᠶᠠᠷ ᠵᠠᠯᠠᠭᠤ ᠦᠰᠴᠤ ᠲᠥᠷᠦᠭᠰᠡᠨ ᠦᠯᠦᠭᠡᠢ ᠨᠣᠲᠤᠭ ᠲᠤ ᠪᠠᠨ ᠠᠵᠢᠯ ᠦᠢᠯᠡᠰ ᠪᠣᠰᠬᠠᠵᠣ᠂ ᠨᠣᠲᠤᠭ ᠤᠨ ᠣᠯᠠᠨ ᠢᠶᠠᠨ ᠳᠠᠭᠠᠭᠤᠯᠣᠨ ᠪᠠᠶᠠᠵᠢᠯ ᠤᠨ ᠵᠠᠮ ᠬᠠᠶᠢᠨ ᠡᠷᠡᠯᠬᠡᠭᠯᠡᠨ‌ᠣᠷᠣᠭᠰᠢᠯᠠᠵᠣ ᠪᠣᠢ᠂᠂ ᠸᠠᠩ ᠷᠦᠢ ᠷᠦᠢ ᠪᠣᠯ ᠦᠨᠳᠦᠰᠦᠨ ᠱᠠᠲᠣᠨ ᠤ ᠡᠪ ᠬᠠᠮᠲᠣ ᠨᠠᠮ ᠤᠨ ᠭᠡᠰᠢᠭᠦᠨ᠂  ᠳ᠋ᠠ ᠴᠢᠩ ᠱᠠᠨ ᠰᠢᠶᠠᠩ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠮᠦᠨ᠃      ᠳᠠᠯᠠᠨ ᠬᠠᠷ᠎ᠠ ᠰᠢᠶᠠᠩ ᠦᠴᠤᠸᠠᠨ ᠰᠢᠶᠠᠨ ᠤ ᠡᠮᠦᠨᠡᠲᠦ ᠬᠡᠰᠡᠭ ᠤᠨ ᠠᠭᠤᠯᠠᠷᠬᠠᠭ ᠣᠷᠣᠨ ᠳᠤ ᠣᠷᠣᠰᠢᠵᠣ᠂ ᠠᠭᠤᠯᠠ ᠣᠯᠠᠨ ᠲᠠᠯ᠎ᠠ ᠭᠠᠵᠠᠷ ᠪᠠᠭ᠎ᠠ᠂ ᠭᠠᠩ ᠬᠠᠭᠤᠷᠠᠶ ᠪᠣᠷᠣᠭᠠᠨ ᠴᠦᠬᠡᠨ ᠪᠠᠶᠢᠵᠣ ᠵᠠᠮ ᠬᠠᠷᠢᠯᠴᠠᠭ᠎ᠠ᠂ᠤᠰᠤᠯᠠᠯᠲᠠ ᠵᠡᠷᠭᠡ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠦᠭᠡ ᠳ᠋ᠠ ᠴᠢᠩ ᠱᠠᠨ ᠰᠢᠶᠠᠩ ‍ᠤᠨ‌ᠵᠠᠰᠠᠭ ᠤᠨ ᠣᠷᠳᠣᠨ ᠨᠢᠭᠡ ᠲᠣᠰᠬᠤᠨ ᠨᠢᠭᠡ ᠲᠦᠷᠦ ᠶᠢᠨ ᠪᠣᠳᠣᠯᠭ᠎ᠠ ᠶᠢ ᠬᠡᠷᠡᠭᠵᠢᠭᠦᠯᠪᠡ᠃ ᠵᠢᠱᠢᠶᠡᠯᠡᠪᠡᠯ ᠵᠢᠩ ᠡᠯ ᠭᠧᠤ ᠲᠣᠰᠬᠤᠨ ᠳᠤ ᠲᠠᠷᠢᠮᠠᠯ ᠤᠨ ᠦᠢᠯᠡᠰ ᠢ ᠭᠤᠣᠯᠲᠠᠯᠭ᠎ᠠ ᠲᠠᠢ ᠬᠥᠭᠵᠢᠭᠦᠯᠦᠨ᠎ᠡ︔ ᠣᠯᠠᠭᠠᠨᠪᠣᠯᠠᠭ ᠲᠣᠰᠬᠤᠨ ᠳᠤ ᠬᠠᠰᠢᠶ᠎ᠠ ᠰᠠᠷᠠᠪᠴᠢ ᠶᠢᠨ ᠨᠥᠬᠦᠪᠦᠷᠢ᠂ ᠪᠣᠳᠠᠩ ᠤᠨ ᠨᠥᠬᠦᠪᠦᠷᠢ ᠣᠯᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠣᠨ ᠭᠠᠭ᠋ᠠᠢ ᠲᠡᠵᠢᠭᠡᠬᠦ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠣᠨ᠎ᠠ︔ ᠦ᠋ ᠳ᠋ᠤᠤ ᠭᠸᠦ ᠲᠣᠰᠬᠤᠨ ᠤ ᠠᠭᠤᠷ ᠠᠮᠢᠰᠬᠤᠯ᠂ ᠬᠦᠷᠦᠰᠦ ᠰᠢᠷᠦᠢ᠂ ᠲᠣᠰᠬᠤᠨ ᠤ ᠠᠷᠠᠳ ᠤᠨ ᠲᠠᠷᠢᠮᠠᠯ ᠤᠨ ᠣᠯᠠᠮᠵᠢᠯᠠᠯ ᠵᠡᠷᠭᠡ ᠪᠠᠶᠢᠳᠠᠯ ᠢ ᠦᠨᠳᠦᠰᠦᠯᠡᠨ ᠵᠣᠵᠠᠭᠠᠨ ᠬᠡᠷᠡᠮ ᠲᠠᠢ ᠲᠣᠮᠣ ᠰᠠᠷᠠᠪᠴᠢ ᠳᠤ ᠲᠠᠷᠢᠮᠠᠯ ᠲᠠᠷᠢᠬᠤ+ ᠵᠣᠭᠠᠴᠠᠨ ᠲᠣᠭᠤᠷᠢᠵᠣ ᠵᠢᠮᠢᠰ ᠨᠣᠭᠤᠭ᠎ᠠ ᠲᠡᠭᠦᠬᠦ ᠲᠦᠷᠦᠯ ᠵᠦᠢᠯ ᠢ ᠬᠡᠷᠡᠭᠵᠢᠭᠦᠯᠦᠨ᠎ᠡ᠃ ᠡᠨᠡᠬᠦ ᠬᠠᠨᠳᠤᠯᠭᠠᠲᠤ ᠴᠢᠨᠠᠷ ᠢᠶᠠᠷ ᠴᠢᠩᠭ᠎ᠠ ᠬᠥᠭᠵᠢᠯᠲᠡ ᠶᠢᠨ ᠬᠡᠪ ᠵᠠᠭᠪᠤᠷ ᠨᠢ ᠲᠣᠰᠬᠤᠨ ᠤ ᠦᠢᠯᠡᠳᠪᠦᠷᠢᠯᠡᠯ ᠤᠨ ᠠᠵᠢᠯᠯᠠᠭ᠎ᠠ ᠶᠢ ᠵᠠᠬ᠎ᠠ ᠳᠡᠯᠭᠡᠭᠦᠷ ᠲᠠᠢ ᠨᠢᠭᠲᠠ ᠤᠶᠠᠯᠳᠤᠭᠤᠯᠵᠤ᠂ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠳᠤ ᠦᠪᠡᠷᠮᠢᠴᠢᠯᠡᠭᠰᠡᠨ᠂ ᠵᠥᠷᠢᠶᠡᠨᠴᠢᠯᠡᠭᠰᠡᠨ ᠪᠠᠶᠢᠳᠠᠯ ᠢᠯᠡᠷᠡᠵᠣ᠂ ᠶᠠᠳᠠᠭᠤ ᠬᠦᠴᠢᠷᠳᠡᠯᠲᠣ ᠠᠭᠤᠯᠠᠨ ᠲᠣᠰᠬᠤᠨ ᠤ ᠳᠦᠷᠰᠣ ᠪᠠᠶᠢᠳᠠᠯ ᠳᠤ ᠬᠤᠪᠢᠷᠠᠯᠲᠠ ᠭᠠᠷᠴᠤ ᠡᠬᠢᠯᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号