ᠪᠡᠭᠡᠵᠢᠩ ᠬᠤᠲᠠ ᠵᠢᠨ‌ᠮᠧᠨ ᠲᠸᠤ ᠭᠸᠤ ᠲᠣᠭᠤᠷᠢᠭ ᠤᠨ ᠴᠢᠩ ᠱᠦᠢ ᠪᠠᠯᠭᠠᠰᠣ ᠪᠠ ᠬᠥᠬᠡ ᠡᠷᠭᠢ ᠪᠠᠯᠭᠠᠰᠣ ᠬᠠᠪᠰᠣᠷᠣᠯᠴᠠᠭ᠎ᠠ ᠪᠠᠶᠢᠭᠤᠯᠣᠨ ᠬᠠᠪᠰᠣᠷᠣᠨ ᠲᠡᠳᠬᠦᠬᠦ ᠠᠵᠢᠯᠯᠠᠭ᠎ᠠ ᠶᠠᠪᠣᠭᠳᠠᠭᠤᠯᠪᠠ
ᠨᠡᠶᠢᠲᠡᠯᠡᠭᠰᠡᠨ ᠴᠠᠭ᠄
2018/5/29
     5 ᠳ᠋ᠣᠭᠠᠷ ᠰᠠᠷ᠎ᠠ ᠶᠢᠨ 24 — 25 ᠤ ᠡᠳᠣᠷ ᠪᠣᠯᠲᠠᠯ᠎ᠠ᠂ ᠪᠡᠭᠡᠵᠢᠩ ᠬᠤᠳᠠ ᠶᠢᠨ ᠮᠧᠨ ᠲᠸᠤ ᠭᠸᠤ ᠲᠣᠭᠤᠷᠢᠭ ᠤᠨ ᠴᠢᠩ ᠱᠦᠢ ᠪᠠᠯᠭᠠᠰᠣ ᠶᠢᠨ ᠨᠠᠮ ᠤᠨ ᠬᠤᠷᠢᠶ᠎ᠠ ᠶᠢᠨ ᠳᠡᠳ᠋ ᠳᠠᠷᠤᠭ᠎ᠠ᠂ ᠪᠠᠯᠭᠠᠰᠤᠨ ᠳᠠᠷᠤᠭ᠎ᠠ ᠼᠦᠢ ᠰᠢᠩ ᠵᠣ᠋ ᠵᠡᠷᠭᠡ ᠨᠠᠶᠢᠮᠠᠨ ᠬᠥᠮᠦᠨ ᠦᠴᠦᠸᠠᠨ ᠰᠢᠶᠠᠨ ᠤ ᠬᠥᠬᠡ ᠡᠷᠭᠢ ᠪᠠᠯᠭᠠᠰᠣᠨ ᠳᠤ ᠭᠦᠨᠵᠡᠭᠡᠶᠢᠷᠡᠨ ᠬᠠᠪᠰᠣᠷᠣᠯᠴᠠᠭ᠎ᠠ ᠪᠠᠶᠢᠭᠤᠯᠣᠨ ᠬᠠᠪᠰᠤᠷᠤᠨ ᠲᠡᠳᠬᠦᠬᠦ ᠠᠵᠢᠯᠯᠠᠭ᠎ᠠ ᠶᠠᠪᠣᠭᠳᠠᠭᠤᠯᠪᠠ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠯᠢ ᠰᠢᠶᠠ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠣᠣ ᠵᠥᠩ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠼᠤᠤ ᠽᠢ ᠯᠢ ᠵᠢᠴᠢ ᠰᠢᠶᠠᠨ ᠤ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ  ᠬᠦᠯᠢᠶᠡᠨ ᠠᠪᠬᠤ ᠠᠯᠪᠠᠨ ᠭᠡᠷ᠂  ᠬᠥᠬᠡ ᠡᠷᠭᠢ ᠪᠠᠯᠭᠠᠰᠣ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃      ᠬᠤᠶᠠᠷ ᠡᠲᠡᠬᠡᠳ ᠢᠶᠠᠷ ᠢᠶᠠᠨ ᠶᠠᠳᠠᠭᠤ ᠶᠢ ᠲᠡᠳᠬᠦᠨ ᠪᠣᠭᠤᠮᠲᠠ ᠰᠢᠪᠲᠣᠯᠣᠯᠲᠠ ᠶᠢ ᠠᠬᠢᠭᠤᠯᠬᠤ ᠠᠵᠢᠯ ‍ᠤᠨ‌‍ᠲ᠋ᠣᠬᠠᠢ ᠭᠦᠨᠵᠡᠭᠡᠢ ᠰᠣᠯᠢᠯᠴᠠᠭ᠎ᠠ ᠬᠢᠬᠦ ᠶᠢᠨ ᠬᠠᠮᠲᠣ《ᠴᠢᠩ ᠱᠦᠢ ᠪᠠᠯᠭᠠᠰᠣ ᠪᠠ ᠬᠥᠬᠡ ᠡᠷᠭᠢ ᠪᠠᠯᠭᠠᠰᠣ ᠬᠠᠪᠰᠣᠷᠣᠯᠴᠠᠭ᠎ᠠ ᠪᠠᠶᠢᠭᠤᠯᠣᠨ ᠬᠠᠪᠰᠣᠷᠣᠨ ᠲᠡᠳᠬᠦᠬᠦ ᠬᠡᠯᠡᠯᠴᠡᠭᠡᠷ ᠤᠨ ᠪᠢᠴᠢᠭ》ᠲᠣᠭᠲᠠᠭᠠᠪᠠ᠃ ᠣᠶᠢᠯᠠᠭᠠᠭᠰᠠᠨ ᠢᠶᠠᠷ᠂ ᠴᠢᠩ ᠱᠦᠢ ᠪᠠᠯᠭᠠᠰᠣ ᠤᠯᠤᠰ ᠲᠥᠷᠦ᠂ ᠬᠦᠮᠦᠨ ᠰᠣᠶᠣᠯ᠂ ᠠᠵᠤ ᠠᠬᠤᠶ ᠶᠢᠨ ᠳᠠᠪᠠᠭᠤᠯᠢᠭ ᠢᠶᠠᠨ ᠰᠠᠨᠠᠭᠠᠴᠢᠯᠭ᠎ᠠ ᠠᠴᠠ ᠪᠠᠨ ᠪᠠᠳᠠᠷᠠᠭᠤᠯᠣᠨ ᠠᠮᠢ ᠠᠬᠤᠶ ᠶᠢᠨ ᠵᠢᠭᠤᠯᠴᠢᠯᠠᠯ᠂ ᠰᠠᠭᠤᠷᠢ ᠲᠥᠬᠦᠭᠡᠷᠦᠮᠵᠢ ᠶᠢᠨ ᠪᠦ᠋ᠲᠦᠭᠡᠨ ᠪᠠᠶᠢᠭᠤᠯᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠤᠨ ᠨᠡᠭᠡᠭᠡᠯᠳᠡ᠂ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠰᠣᠯᠢᠯᠴᠠᠭ᠎ᠠ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠨᠡᠶᠢᠭᠡᠮ ᠤᠨ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠵᠢᠷᠭᠤᠭᠠᠨ ᠲᠠᠯ᠎ᠠ ᠪᠠᠷ ᠬᠥᠬᠡ ᠡᠷᠭᠢ ᠪᠠᠯᠭᠠᠰᠤ ᠳᠤ ᠬᠦᠴᠦᠲᠠᠢ ᠳᠡᠮᠵᠢᠯᠭᠡ ᠦᠵᠡᠭᠦᠯᠦᠨ᠎ᠡ ᠭᠡᠪᠡ᠃      ᠼᠦᠢ ᠰᠢᠩ ᠵᠣ᠋ ᠬᠡᠯᠡᠭᠰᠡᠨ ᠨᠢ᠂ ᠴᠢᠩ ᠱᠦᠢ ᠪᠠᠯᠭᠠᠰᠣ ᠪᠠ ᠬᠥᠬᠡ ᠡᠷᠭᠢ ᠪᠠᠯᠭᠠᠰᠣ ᠴᠥᠮ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠪᠣᠯᠤᠨ᠎ᠠ᠂ ᠠᠮᠢ ᠠᠬᠤᠶ ᠶᠢᠨ ᠬᠥᠭᠵᠢᠯᠲᠡ᠂ ᠤᠳᠤ ᠦᠶ᠎ᠡ ᠶᠢᠨ ᠨᠠᠷᠢᠯᠢᠭ ᠲᠠᠷᠢᠶᠠᠯᠠᠩ ᠬᠢᠭᠡᠳ ᠵᠢᠭᠤᠯᠴᠢᠯᠠᠯ ᠤᠨ ᠬᠥᠭᠵᠢᠯᠲᠡ ᠵᠡᠷᠭᠡ ᠲᠠᠯ᠎ᠠ ᠪᠠᠷ ᠮᠠᠰᠢ ᠠᠳᠠᠯᠢᠪᠲᠤᠷ ᠶᠤᠮ᠃ ᠳᠠᠷᠠᠭᠠᠴᠢ ᠶᠢᠨ ᠠᠯᠬᠤᠮ ᠳᠤ᠂ ᠴᠢᠩ ᠱᠦᠢ ᠪᠠᠯᠭᠠᠰᠣ ᠵᠢᠭᠤᠯᠴᠢᠯᠠᠯ ᠤᠨ ᠬᠠᠮᠵᠢᠯᠴᠠᠭ᠎ᠠ᠂ ᠦᠴᠦᠸᠠᠨ ᠤ ᠲᠠᠷᠢᠶᠠᠯᠠᠩ ᠤᠨ ᠭᠠᠷᠣᠯᠲᠠ ᠶᠢ ᠬᠠᠪᠰᠣᠷᠣᠨ ᠪᠣᠷᠣᠯᠠᠭᠤᠯᠬᠤ᠂ ᠰᠣᠶᠣᠯ ᠤᠨ ᠠᠵᠤ ᠦᠢᠯᠡᠰ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠬᠥᠮᠦᠨ ᠤ ᠬᠦᠴᠦᠨ ᠤ ᠡᠬᠢ ᠪᠠᠶᠠᠯᠢᠭ ᠵᠡᠷᠭᠡ ᠤᠯᠠᠨ ᠲᠠᠯ᠎ᠠ ᠠᠴᠠ ᠬᠥᠬᠡ ᠡᠷᠭᠢ  ᠪᠠᠯᠭᠠᠰᠣ ᠲᠠᠢ ᠬᠠᠮᠵᠢᠯᠴᠠᠬᠤ ᠪᠠ ᠳᠡᠮᠵᠢᠯᠭᠡ ᠦᠵᠡᠭᠦᠯᠬᠦ ᠪᠣᠯᠣᠨ᠎ᠠ᠃      ᠬᠤᠷᠠᠯ ᠳᠡᠭᠡᠷ᠎ᠡ᠂ ᠼᠤᠤ ᠽᠢ ᠯᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠰᠣᠯᠢᠯᠴᠠᠭᠠᠨ ᠤ ᠠᠬᠢᠴᠠ ᠶᠢ ᠭᠦᠢᠴᠡᠳ ᠨᠣᠲᠠᠯᠠᠵᠣ᠂ ᠬᠤᠶᠠᠷ ᠲᠠᠯ᠎ᠠ ᠪᠠᠷ ᠢᠶᠠᠨ ᠬᠠᠷᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠪᠰᠤᠷᠤᠨ ᠲᠡᠳᠬᠦᠬᠦ ᠬᠡᠯᠡᠯᠴᠡᠭᠡᠷ ᠢᠶᠠᠨ ᠨᠠᠷᠢᠯᠢᠭᠵᠢᠭᠤᠯᠵᠣ᠂ ᠢᠯᠠᠩᠭᠤᠶ᠎ᠠ ᠴᠢᠩ ᠱᠦᠢ ᠪᠠᠯᠭᠠᠰᠣ ᠠᠴᠠ ᠠᠵᠤ ᠦᠢᠯᠡᠰ ᠤᠨ ᠬᠥᠭᠵᠢᠯᠲᠡ ᠪᠣᠯᠤᠨ ᠲᠥᠷᠦᠯ ᠵᠦᠢᠯ ᠤᠨ ᠪᠥᠲᠦᠭᠡᠨ ᠪᠠᠶᠢᠭᠤᠯᠣᠯᠲᠠ ᠵᠡᠷᠭᠡ ᠲᠠᠯ᠎ᠠ ᠪᠠᠷ ᠬᠥᠬᠡ ᠡᠷᠭᠢ ᠪᠠᠯᠭᠠᠰᠤ ᠳᠤ ᠬᠠᠪᠰᠣᠷᠣᠯᠭ᠎ᠠ ᠳᠡᠮᠵᠢᠯᠭᠡ ᠦᠵᠡᠭᠦᠯᠬᠦ ᠶᠢ ᠬᠦᠰᠡᠪᠡ᠃      ᠵᠤᠤ ᠵᠦᠩ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠢ ᠲᠥᠯᠦᠭᠡᠯᠡᠵᠤ ᠴᠢᠩ ᠱᠦᠢ ᠪᠠᠯᠭᠠᠰᠣ ᠶᠢᠨ ᠤᠳᠤᠷᠢᠳᠤᠯᠭ᠎ᠠ ᠨᠠᠷ ᠤᠨ ᠦᠴᠦᠸᠠᠨ ᠰᠢᠶᠠᠨ ᠳᠤ ᠬᠦᠷᠦᠯᠴᠡᠨ ᠢᠷᠡᠭᠰᠡᠨ ᠳᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠵᠣ ᠪᠠᠶᠠᠷᠯᠠᠨ ᠣᠭᠲᠣᠵᠣ ᠪᠠᠶᠢᠬᠤ ᠪᠠᠨ ᠢᠯᠡᠷᠬᠡᠶᠢᠯᠡᠬᠦ ᠶᠢᠨ ᠬᠠᠮᠲᠣ ᠦᠴᠤᠸᠠᠨ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠣᠯᠲᠠ ᠶᠢᠨ ᠠᠵᠢᠯ ᠤᠨ ᠠᠬᠢᠴᠠ ᠶᠢ  ᠨᠠᠷᠢᠯᠢᠭ ᠲᠠᠨᠢᠯᠴᠠᠭᠤᠯᠪᠠ᠃ ᠬᠥᠬᠡ ᠡᠷᠭᠢ ᠪᠠᠯᠭᠠᠰᠣ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠯᠤᠰ ᠲᠥᠷᠤ ᠶᠢᠨ ᠵᠣᠭᠰᠣᠴᠠ ᠪᠠᠨ ᠤᠯᠠᠮ ᠨᠢᠭᠡ ᠠᠯᠬᠤᠮ ᠥᠨᠳᠦᠷᠵᠢᠭᠦᠯᠵᠤ᠂ ᠶᠠᠳᠠᠭᠤ ᠶᠢ ᠲᠡᠳᠬᠦᠬᠦ ᠰᠡᠳᠬᠢᠮᠵᠢ ᠪᠠᠨ ᠲᠣᠳᠣ ᠪᠣᠯᠭᠠᠵᠣ᠂ ᠮᠧᠨ ᠲᠸᠤ ᠭᠸᠤ ᠲᠣᠭᠤᠷᠢᠭ ᠤᠨ ᠠᠵᠢᠯ ᠲᠥᠷᠦᠯ ‍ᠦᠨ‌ᠬᠠᠪᠰᠣᠷᠣᠨ ᠳᠡᠮᠵᠢᠯᠭᠡ ᠶᠢᠨ ᠰᠠᠶᠢᠨ ᠠᠵᠠ ᠲᠣᠬᠢᠶᠠᠯ ᠢ ᠠᠳᠬᠤᠨ᠂ ᠠᠮᠢ ᠠᠬᠤᠶ ᠶᠢᠨ ᠠᠵᠤ ᠦᠢᠯᠡᠰ ᠤᠨ ᠬᠥᠭᠵᠢᠯᠲᠡ᠂ ᠨᠠᠷᠢᠯᠢᠭ ᠲᠠᠷᠢᠶᠠᠯᠠᠩ ᠵᠡᠷᠭᠡ ᠲᠠᠯ᠎ᠠ ᠶᠢᠨ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠯᠠᠪᠯᠠᠯᠲᠠ ᠪᠣᠯᠭᠠᠵᠤ᠂  ᠶᠠᠳᠠᠭᠤ ᠠᠴᠠ ᠠᠩᠭᠢᠵᠢᠷᠠᠭᠰᠠᠨ ᠤ ᠲᠠᠷᠠᠭᠠᠬᠢ ᠠᠵᠤ ᠦᠢᠯᠡᠰ ᠤᠨ ᠬᠥᠭᠵᠢᠯᠲᠡ ᠳᠤ ᠰᠠᠶᠢᠨ ᠰᠠᠭᠤᠷᠢ ᠲᠠᠯᠪᠢᠬᠤ ᠬᠡᠷᠡᠭᠲᠠᠢ ᠭᠡᠪᠡ᠃      ᠰᠠᠭᠤᠳᠠᠯ ‍ᠤᠨ‌ᠬᠤᠷᠠᠯ ᠤᠨ ᠲᠠᠷᠠᠭ᠎ᠠ᠂  ᠼᠦᠢ ᠰᠢᠩ ᠵᠣ᠋ ᠵᠡᠷᠭᠡ ᠨᠢᠭᠡ ᠪᠥᠯᠦᠭ ᠬᠦᠮᠦᠨ‌‍ᠳᠠ ᠱᠦᠢ ᠭᠧ ᠳ᠋ᠦᠩ ᠲᠣᠰᠬᠤᠨ᠂ᠰᠠᠨ ᠱᠧᠩ ᠲᠠᠢ ᠲᠤᠰᠬᠤᠨ ᠤ ᠵᠠᠷᠢᠮ ᠶᠠᠳᠠᠭᠤ ᠬᠦᠴᠢᠷᠳᠡᠯᠲᠠᠢ ᠡᠷᠦᠬᠡ ᠶᠢ ᠪᠤᠯᠭᠤᠨ ᠲᠤᠬᠤᠨᠢᠭᠤᠯᠬᠤ ᠶᠢᠨ ᠬᠠᠮᠲᠣ ᠰᠠᠨ ᠱᠧᠩ ᠲᠠᠢ ᠲᠤᠰᠬᠤᠨ ᠤ ᠹᠧᠩ ᠰᠢᠨ ᠲᠠᠷᠢᠮᠠᠯ ᠤᠨ ᠲᠤᠰᠬᠠᠢ ᠬᠤᠷᠰᠢᠶᠠᠵᠢᠯ᠂ ᠱᠧᠩ ᠹᠧᠩ  ᠲᠠᠷᠢᠮᠠᠯ ᠤᠨ ᠲᠣᠰᠬᠠᠢ ᠬᠤᠷᠰᠢᠶᠠᠵᠢᠯ ᠪᠠ ᠨᠠᠨ ᠱᠠ ᠲᠠᠨ ᠹᠧᠩ ᠮᠸᠢ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ ᠳᠤ ᠬᠦᠷᠴᠤ ᠪᠠᠶᠢᠴᠠᠭᠠᠨ ᠦᠵᠡᠵᠤ᠂ ᠠᠵᠤ ᠠᠬᠤᠶᠢᠯᠠᠯ ᠪᠣᠯᠤᠨ ᠶᠠᠳᠠᠭᠤ  ᠬᠦᠴᠢᠷᠳᠡᠯᠲᠠᠢ ᠡᠷᠦᠬᠡ ᠶᠢᠨ ᠠᠰᠢᠭ ᠲᠣᠰᠠ ᠶᠢᠨ ᠬᠤᠯᠪᠤᠯᠳᠤᠭ᠎ᠠ ᠶᠢᠨ ᠲᠤᠭᠲᠠᠯᠴᠠᠭᠠᠨ ᠤ ᠪᠠᠶᠢᠳᠠᠯ ᠢ ᠨᠠᠷᠢᠨ ᠣᠶᠢᠯᠭᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号