ᠦᠴᠦᠸᠠᠨ ᠰᠢᠶᠠᠨ ᠤ ᠲᠤᠶᠢᠮᠤ ᠪᠠᠶᠢᠳᠠᠯ
ᠨᠡᠶᠢᠲᠡᠯᠡᠭᠰᠡᠨ ᠴᠠᠭ᠄
2018/5/7
     ᠦᠴᠦᠸᠠᠨ ᠰᠢᠶᠠᠨ ᠨᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠤᠮᠳᠠ ᠬᠡᠰᠡᠭ᠂ ᠤᠷᠤᠨ ᠤ ᠲᠦᠪ ᠬᠦᠬᠡᠬᠤᠲᠠ ᠶᠢᠨ ᠬᠤᠶᠢᠲᠤ ᠪᠡᠶ᠎ᠡ ᠳᠤ ᠪᠠᠶᠢᠷᠢᠯᠠᠵᠤ᠂ ᠲᠠᠯᠠᠨ ᠬᠠᠷ᠎ᠠ ᠠᠭᠤᠯᠠ ᠶᠢᠨ ᠠᠷᠤ ᠳᠤ ᠤᠷᠤᠰᠢᠨ᠎ᠠ᠃ ᠪᠦᠬᠦ ᠰᠢᠶᠠᠨ ᠤ ᠶᠡᠷᠦᠩᠬᠡᠢ ᠲᠠᠯᠠᠪᠠᠢ4885 ᠲᠡᠭᠰᠢ ᠳᠦᠷᠪᠡᠯᠵᠢᠨ ᠺᠢᠯᠥᠮᠧᠲᠷ ᠪᠠᠶᠢᠵᠤ ᠬᠤᠰᠢᠭᠤᠨ ᠤ ᠬᠢᠵᠠᠭᠠᠷ  ᠨᠢ ᠵᠡᠭᠦᠨᠰᠢ ᠪᠠᠷᠠᠭᠤᠨᠰᠢ 110 ᠺᠢᠯᠥᠮᠧᠲᠷ᠂ ᠡᠮᠦᠨᠡᠰᠢ ᠬᠤᠶᠢᠰᠢ 60 ᠺᠢᠯᠥᠮᠧᠲᠷ ᠦᠷᠭᠡᠨ᠃ ᠭᠠᠵᠠᠷ ᠵᠦᠢ ᠶᠢᠨ ᠪᠠᠶᠢᠷᠢᠰᠢᠯ ᠨᠢ ᠤᠮᠠᠷᠠᠲᠤ ᠦᠷᠭᠡᠷᠢᠭ ᠤᠨ 40 ᠭᠷᠠᠳᠦ᠋ᠰ 47 ᠮᠢᠨᠦ᠋ᠲ ᠠᠴᠠ ᠵᠡᠭᠦᠨ ᠤᠷᠲᠤᠷᠢᠭ ᠤᠨ 110 ᠭᠷᠠᠳᠦ᠋ᠰ 31 ᠮᠢᠨᠦ᠋ᠲ —111 ᠭᠷᠠᠳᠦ᠋ᠰ 53 ᠮᠢᠨᠦ᠋ᠲ ᠤᠨ ᠬᠤᠭᠤᠷᠤᠨᠳᠤ ᠤᠷᠤᠰᠢᠵᠤ ᠪᠤᠢ᠂ ᠪᠠᠷᠠᠭᠤᠨᠰᠢ ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤ᠂ ᠭᠦ᠋ ᠶᠠᠩ ᠰᠢᠶᠠᠨ ᠲᠠᠢ ᠵᠠᠯᠭᠠᠯᠳᠤᠨ᠂ ᠡᠮᠦᠨᠡᠰᠢ ᠬᠦᠬᠡᠬᠤᠲᠠ ᠶᠢᠨ ᠰᠢᠨ᠎ᠡ ᠬᠤᠲᠠ ᠲᠤᠭᠤᠷᠢᠭ᠂ ᠬᠤᠲᠤᠩ ᠲᠤᠭᠤᠷᠢᠭ ᠪᠤᠯᠤᠨ ᠲᠦᠮᠡᠳ ᠵᠡᠭᠦᠨ ᠬᠤᠰᠢᠭᠤ ᠲᠠᠢ ᠬᠦᠷᠰᠢᠯᠡᠵᠤ ᠤᠮᠠᠷᠠᠰᠢ ᠪᠤᠭᠤᠲᠤ ᠬᠤᠲᠠ ᠶᠢᠨ ᠲᠠᠷᠬᠠᠨ ᠮᠤᠤᠮᠢᠩᠭᠠᠨ ᠬᠤᠯᠪᠤᠭᠠᠲᠤ ᠬᠤᠰᠢᠭᠤ᠂ ᠲᠦᠷᠪᠡᠳ ᠬᠤᠰᠢᠭᠤ  ᠲᠠᠢ ᠬᠢᠯᠢᠯᠡᠵᠤ᠂ ᠵᠡᠭᠦᠨᠰᠢ ᠤᠯᠠᠭᠠᠨᠴᠠᠪ ᠤᠨ ᠵᠦᠸᠧᠽᠢ ᠰᠢᠶᠠᠨ ᠲᠠᠢ ᠵᠠᠯᠭᠠᠯᠳᠤᠨ᠎ᠠ᠃ ᠦᠴᠦᠸᠠᠨ ᠰᠢᠶᠠᠨ ᠤ ᠵᠠᠮ ᠬᠠᠷᠢᠯᠴᠠᠭ᠎ᠠ ᠲᠦᠭᠦᠮ᠂ ᠴᠢᠮᠡᠭᠡ ᠬᠤᠯᠪᠤᠭ᠎ᠠ ᠨᠡᠪᠲᠡᠷᠬᠡᠢ᠃ ᠰᠢᠶᠠᠨ ᠤ ᠵᠠᠰᠠᠭ ᠤᠨ ᠤᠷᠳᠤᠨ ᠤ ᠰᠠᠭᠤᠭ᠎ᠠ ᠭᠠᠵᠠᠷ ᠬᠥᠬᠡ ᠡᠷᠭᠢ ᠪᠠᠯᠭᠠᠰᠤ ᠨᠢ ᠬᠦᠬᠡᠬᠤᠲᠠ ᠠᠴᠠ 33 ᠺᠢᠯᠦᠮᠧᠲᠷ ᠵᠠᠶᠢᠲᠠᠢ᠂ ᠪᠡᠶᠢᠯᠡ ᠶᠢᠨ ᠰᠦᠮ᠎ᠡ ᠪᠠᠯᠭᠠᠰᠤ ᠠᠴᠠ 120 ᠺᠢᠯᠥᠮᠧᠲᠷ ᠵᠠᠶᠢᠲᠠᠢ᠂ ᠤᠯᠠᠭᠠᠨᠬᠤᠸᠠ ᠪᠠᠯᠭᠠᠰᠤ ᠠᠴᠠ 60 ᠺᠢᠯᠤᠮᠧᠲᠷ ᠵᠠᠶᠢᠲᠠᠢ᠃ ᠦᠴᠦᠸᠠᠨ ᠰᠢᠶᠠᠨ ᠢᠶᠠᠷ ᠬᠦᠬᠡᠬᠤᠲᠠ — ᠪᠠᠶᠠᠨ ᠤᠪᠤᠭ᠎ᠠ ᠬᠦᠷᠬᠦ᠂ ᠬᠦᠬᠡᠬᠤᠲᠠ — ᠰᠢᠯᠢᠩᠬᠤᠲᠠ ᠬᠦᠷᠬᠦ᠂ ᠵᠢᠨᠢᠩ — ᠭᠦ᠋ ᠶᠠᠩ ᠬᠦᠷᠬᠦ ᠵᠠᠰᠠᠮᠠᠯ ᠵᠠᠮ ᠦᠩᠭᠡᠷᠡᠵᠤ ᠪᠤᠭᠤᠲᠤ᠂ ᠰᠢᠯᠢᠩᠬᠤᠲᠠ᠂ ᠵᠢᠨᠢᠩ ᠵᠡᠷᠭᠡ ᠬᠤᠲᠠ ᠲᠠᠢ ᠵᠠᠯᠭᠠᠯᠳᠤᠨ᠎ᠠ᠃ ᠪᠦᠬᠦ ᠰᠢᠶᠠᠨ ᠨᠢ 3 ᠪᠠᠯᠭᠠᠰᠤ 6 ᠰᠢᠶᠠᠩ 8 ᠨᠡᠶᠢᠭᠡᠮ ᠲᠤᠭᠤᠷᠢᠭ ᠲᠠᠢ ᠪᠠᠶᠢᠵᠤ ᠶᠡᠷᠦᠩᠬᠡᠢ ᠬᠦᠮᠦᠨ ᠠᠮᠠ ᠨᠢ17.1 ᠲᠦᠮᠡ ᠬᠦᠷᠦᠨ᠎ᠡ᠃      ᠦᠴᠦᠸᠠᠨ ᠰᠢᠶᠠᠨ ᠨᠢ ᠤᠷᠲᠤ ᠤᠳᠠᠭᠠᠨ ᠰᠤᠶᠤᠯ ᠲᠡᠤᠬᠡ ᠲᠠᠢ ᠪᠠᠶᠢᠵᠤ᠂ ᠠᠯᠢ ᠡᠷᠲᠡ ᠲᠦᠮᠡᠨ ᠵᠢᠯ ᠤᠨ ᠡᠮᠦᠨ᠎ᠡ ᠬᠦᠮᠦᠨ ᠲᠦᠷᠦᠯᠬᠢᠲᠡᠨ ᠠᠳᠡ ᠤᠷᠤᠰᠢᠨ‌ᠠᠮᠢᠳᠤᠷᠠᠵᠤ ᠪᠠᠶᠢᠭᠰᠠᠨ ᠢ ᠬᠠᠭᠤᠴᠢ ᠰᠤᠳᠤᠯᠭᠠᠲᠠᠳ ᠢᠯᠡᠷᠡᠭᠦᠯᠦᠭᠰᠡᠨ ᠶᠤᠮ᠃ ᠴᠢᠨ ᠬᠠᠨ ᠤ ᠦᠶ᠎ᠡ ᠳᠤ ᠰᠢᠶᠠᠨ ᠤ ᠬᠠᠷᠢᠶ᠎ᠠ ᠭᠠᠵᠠᠷ ᠨᠢ ᠾᠦᠩᠨᠦ ᠪᠠ ᠴᠢᠨ ᠬᠠᠨ ᠤ ᠪᠠᠶᠢᠯᠳᠤᠭᠠᠨ ᠤ ᠲᠠᠯᠠᠪᠠᠢ ᠪᠠᠶᠢᠵᠤ ᠾᠦᠩᠨᠦ ᠶᠢᠨ ᠨᠤᠶᠠᠷᠬᠠᠭᠰᠠᠨ ᠬᠤᠭᠤᠴᠠᠭ᠎ᠠ ᠨᠢ ᠨᠢᠯᠢᠶᠡᠳ ᠤᠷᠲᠤ᠃ ᠭᠤᠷᠪᠠᠨ ᠤᠯᠤᠰ ᠬᠤᠶᠠᠷ ᠶᠢᠨ ᠤ ᠦᠶ᠎ᠡ ᠳᠤ ᠰᠢᠶᠠᠨᠪᠢ ᠶᠢᠨ ᠲᠦᠸᠧ ᠪᠠ ᠤᠪᠤᠭᠲᠠᠨ ᠳᠤ ᠬᠠᠷᠢᠶᠠᠯᠠᠭᠳᠠᠵᠤ ᠪᠠᠶᠢᠪᠠ᠃ ᠤᠮᠠᠷᠠᠲᠤ ᠸᠧᠢ ᠶᠢᠨ ᠦᠶ᠎ᠡ ᠳᠤ ᠳ᠋ᠤᠤ ᠡᠤ ᠳ᠋ᠢ ᠬᠠᠭᠠᠨ ᠵᠡᠭᠦᠨ ᠬᠡᠰᠡᠭ ᠤᠨ ᠪᠠᠶᠠᠳ ᠨᠤᠶᠠᠳ ᠵᠢᠴᠢ ᠬᠠᠭᠠᠨ ᠤ ᠤᠭᠰᠠᠭᠠᠨ ᠤ ᠬᠡᠤᠬᠡᠳ ᠲᠡᠭᠦᠤ ᠨᠠᠷ ᠤᠨ ᠲᠤᠮᠳᠠ ᠠᠴᠠ2000 ᠭᠠᠷᠤᠢ ᠡᠷᠦᠬᠡ ᠶᠢ ᠤᠮᠠᠷᠠᠰᠢ ᠨᠡᠭᠦᠯᠭᠡᠵᠤ ᠤᠮᠠᠷᠠᠲᠤ ᠬᠢᠵᠠᠭᠠᠷ ᠢ ᠰᠠᠬᠢᠵᠤ ᠰᠠᠭᠤᠷᠢᠰᠢᠭᠤᠯᠤᠭᠰᠠᠨ ᠪᠠᠶᠢᠨ᠎ᠠ᠃ ᠦᠴᠦᠸᠠᠨ ᠪᠣᠯ ᠤᠮᠠᠷᠠᠲᠤ ᠸᠧᠢ ᠶᠢᠨ ᠦᠶ᠎ᠡ ᠳᠤ ᠪᠠᠶᠢᠭᠤᠯᠤᠭᠰᠠᠨ《 ᠵᠢᠷᠭᠤᠭᠠᠨ ᠪᠠᠯᠭᠠᠰᠤ》 ᠶᠢᠨ ᠨᠢᠭᠡ ᠮᠦᠨ᠃ ᠤᠮᠠᠷᠠᠲᠤ ᠲᠦᠷᠤ ᠶᠢᠨ ᠦᠶ᠎ᠡ ᠳᠤ ᠦᠴᠦᠸᠠᠨ ᠨᠢ ᠤᠷᠢᠳ ᠬᠤᠵᠢᠳ ᠤᠮᠠᠷᠠᠲᠤ ᠸᠧᠢ᠂ ᠤᠮᠠᠷᠠᠲᠤ ᠵᠸᠤ ᠳᠤ ᠨᠤᠶᠠᠷᠬᠠᠭᠳᠠᠵᠤ ᠪᠠᠶᠢᠪᠠ᠃ ᠮᠢᠩ ᠤᠯᠤᠰ ᠤᠨ ᠦᠶ᠎ᠡ ᠪᠠᠷ ᠪᠠᠷᠠᠭᠤᠨ ᠲᠦᠮᠡᠳ ᠤᠨ ᠮᠠᠯᠵᠢᠯ ᠤᠨ ᠲᠠᠯᠠᠪᠠᠢ ᠪᠠᠶᠢᠵᠤ ᠴᠢᠩ ᠤᠨ ᠦᠶ᠎ᠡ ᠪᠠᠷ ᠬᠠᠯᠬ᠎ᠠ ᠪᠠᠷᠠᠭᠤᠨ ᠬᠤᠰᠢᠭᠤᠨ ᠳᠤ ᠬᠠᠷᠢᠶᠠᠯᠠᠭᠳᠠᠪᠠ᠃ ᠡᠩᠬᠡ ᠠᠮᠤᠭᠤᠯᠠᠩ᠂ ᠲᠡᠭᠷᠢ ᠲᠡᠳᠬᠦᠭᠴᠢ ᠶᠢᠨ ᠦᠶ᠎ᠡ ᠳᠤ ᠬᠦᠬᠡ ᠡᠷᠭᠢ ᠪᠠᠯᠭᠠᠰᠤᠨ ᠳᠤ ᠨᠡᠭᠦᠳᠡᠯ ᠢᠷᠭᠡᠳ ᠤᠯᠠᠰᠢᠷᠠᠨ᠂ ᠲᠠᠷᠢᠶᠠᠯᠠᠩ ᠦᠢᠯᠡᠳᠪᠦᠷᠢᠯᠡᠯ ᠬᠢᠵᠤ ᠰᠠᠭᠤᠷᠢᠰᠢᠨ ᠠᠮᠢᠳᠤᠷᠠᠭᠰᠠᠳ ᠠᠯᠭᠤᠷ ᠨᠡᠮᠡᠭᠳᠡᠪᠡ᠃ ᠪᠠᠳᠠᠷᠠᠭᠤᠯᠲᠤ ᠲᠥᠷᠤ ᠶᠢᠨ ᠦᠶ᠎ᠡ ᠳᠤ᠂ ᠭᠦᠢᠬᠤᠸᠠ ᠬᠤᠲᠠ ᠳᠤ ᠬᠠᠷᠢᠶᠠᠯᠠᠭᠳᠠᠪᠠ᠃ ᠢᠷᠭᠡᠨ ᠤᠯᠤᠰ ᠤᠨ ᠦᠶ᠎ᠡ ᠳᠤ ᠰᠢᠶᠠᠨ ᠤ ᠭᠠᠵᠠᠷ ᠨᠤᠲᠤᠭ ᠨᠢ 2 ᠲᠦᠮᠡ ᠭᠠᠷᠤᠢ ᠲᠡᠭᠰᠢ ᠲᠦᠷᠪᠡᠯᠵᠢᠨ ᠺᠢᠯᠥᠮᠧᠲᠷ ᠬᠦᠷᠴᠤ ᠤᠳᠤ ᠶᠢᠨ ᠤᠯᠠᠭᠠᠨᠬᠤᠸᠠ᠂ ᠴᠢ ᠰᠢᠶᠠ ᠶᠢᠩ ᠵᠡᠷᠭᠡ ᠭᠠᠵᠠᠷ ᠢ ᠪᠠᠭᠲᠠᠭᠠᠵᠤ ᠪᠠᠶᠢᠪᠠ᠃ 1949 ᠤᠨ ᠤ 9 ᠰᠠᠷ᠎ᠠ ᠳᠤ ᠦᠴᠦᠸᠠᠨ ᠰᠢᠶᠠᠨ ᠨᠢ ᠾᠧ ᠫᠢᠩ ᠤᠨ ᠪᠤᠰᠤᠯᠭ᠎ᠠ ᠪᠠᠷ ᠲᠠᠮᠵᠢᠨ ᠴᠢᠯᠦᠭᠡᠯᠡᠭᠳᠡᠵᠤ ᠰᠠᠭᠠᠯᠢᠴᠢᠨ ᠳᠤ ᠬᠠᠷᠢᠶᠠᠯᠠᠭᠳᠠᠪᠠ᠃ 1996 ᠤᠨ ᠤ 1 ᠰᠠᠷ᠎ᠠ ᠠᠴᠠ ᠬᠦᠬᠡᠬᠤᠲᠠ ᠳᠤ ᠬᠠᠷᠢᠶᠠᠯᠠᠭᠳᠠᠪᠠ᠃      ᠦᠴᠦᠸᠠᠨ ᠰᠢᠶᠠᠨ ᠨᠢ ᠲᠤᠮᠳᠠ ᠲᠤᠤᠷ᠎ᠠ ᠠᠭᠤᠯᠠᠷᠬᠠᠭ ᠤᠷᠤᠨ ᠳᠤ ᠪᠠᠶᠢᠳᠠᠭ᠃ ᠠᠭᠤᠯᠠᠷᠬᠠᠭ ᠭᠠᠵᠠᠷ ᠤᠨ ᠲᠠᠯᠠᠪᠠᠢ ᠨᠢ 2296.7 ᠲᠡᠭᠰᠢ ᠲᠦᠷᠪᠡᠯᠵᠢᠨ ᠺᠢᠯᠥᠮᠧᠲᠷ ᠪᠠᠶᠢᠵᠤ ᠪᠦᠬᠦ ᠲᠠᠯᠠᠪᠠᠢ ᠶᠢᠨ 47% ᠶᠢ ᠡᠵᠡᠯᠡᠨ᠎ᠡ᠂ ᠳᠤᠪᠤᠷᠬᠠᠭ ᠭᠠᠵᠠᠷ ᠤᠨ ᠲᠠᠯᠠᠪᠠᠢ ᠨᠢ 2588.3 ᠲᠡᠭᠰᠢ ᠳᠦᠷᠪᠡᠯᠵᠢᠨ ᠺᠢᠯᠥᠮᠧᠲᠷ ᠪᠠᠶᠢᠵᠤ ᠪᠦᠬᠦ ᠲᠠᠯᠠᠪᠠᠢ ᠶᠢᠨ 53% ᠶᠢ ᠡᠵᠡᠯᠡᠨ᠎ᠡ᠃ ᠬᠠᠮᠤᠭ ᠦᠨᠳᠦᠷ ᠡᠷᠭᠦᠭᠳᠡᠭᠰᠡᠨ ᠭᠠᠵᠠᠷ ᠨᠢ ᠳᠠᠯᠠᠢ ᠶᠢᠨ ᠲᠦᠪᠰᠢᠨ ᠠᠴᠠ ᠳᠡᠭᠡᠭᠰᠢ 2327 ᠮᠧᠲᠷ ᠪᠠᠶᠢᠵᠤ᠂ ᠲᠡᠭᠰᠢᠳᠬᠡᠭᠡᠳ ᠳᠠᠯᠠᠢ ᠶᠢᠨ ᠲᠦᠪᠰᠢᠨ ᠠᠴᠠ ᠳᠡᠭᠡᠭᠰᠢ 1500 —2000 ᠮᠧᠲᠷ ᠤᠨ ᠬᠤᠭᠤᠷᠤᠨᠳᠤ ᠪᠠᠶᠢᠳᠠᠭ᠃ ᠦᠴᠦᠸᠠᠨ ᠰᠢᠶᠠᠨ ᠨᠢ ᠳᠤᠯᠠᠭᠠᠨ ᠪᠦᠰᠡᠨ ᠤ ᠴᠢᠨᠠᠷᠲᠠᠢ ᠡᠬᠡ ᠬᠠᠭᠤᠷᠠᠢ ᠶᠢᠨ ᠤᠯᠠᠷᠢᠯ ᠤᠨ ᠰᠠᠯᠬᠢᠨ ᠤ ᠤᠷᠤᠨ ᠳᠤ ᠪᠠᠶᠢᠵᠤ᠂ ᠳᠦᠷᠪᠡᠨ ᠤᠯᠠᠷᠢᠯ ᠤᠨ ᠬᠤᠪᠢᠷᠠᠯᠲᠠ ᠲᠤᠳᠤᠷᠬᠠᠢ᠂ ᠨᠠᠷᠠᠨ ᠤ ᠲᠤᠰᠤᠯᠲᠠ ᠭᠦᠢᠴᠡᠳ᠂ ᠡᠪᠦᠯ ᠤᠷᠲᠤ ᠵᠤᠨ ᠤᠬᠤᠷ ᠤᠨᠴᠠᠯᠢᠭ ᠲᠠᠢ᠃ ᠪᠦᠬᠦ ᠰᠢᠶᠠᠨ ᠤ ᠬᠠᠭᠠᠯᠪᠤᠷᠢᠯᠠᠵᠤ ᠪᠤᠯᠬᠤ ᠭᠠᠵᠠᠷ ᠨᠢ 200 ᠭᠠᠷᠤᠢ ᠲᠦᠮᠡᠨ ᠮᠦ᠂ ᠤᠶᠢᠲᠤ ᠭᠠᠵᠠᠷ ‍ᠤᠨ‌‍ᠲ᠋ᠠᠯᠠᠪᠠᠢ ᠨᠢ 140 ᠭᠠᠷᠤᠢ ᠲᠦᠮᠡᠨ ᠮᠦ᠂ ᠡᠪᠡᠰᠦᠲᠤ ᠭᠠᠵᠠᠷ ᠤᠨ ᠲᠠᠯᠠᠪᠠᠢ ᠨᠢ 373 ᠲᠦᠮᠡᠨ ᠮᠦ ᠪᠠᠶᠢᠵᠤ ᠭᠠᠩ ᠳᠤ ᠲᠡᠰᠪᠦᠷᠢᠲᠠᠢ ᠲᠠᠷᠢᠮᠠᠯ ᠢᠶᠠᠷ ᠭᠤᠤᠯᠯᠠᠨ᠎ᠠ᠃      ᠦᠴᠦᠸᠠᠨ ᠰᠢᠶᠠᠨ ᠤ ᠠᠭᠤᠷᠬᠠᠢ ᠶᠢᠨ ᠡᠬᠢ ᠪᠠᠶᠠᠯᠢᠭ ᠡᠯᠪᠡᠭ᠃ ᠤᠳᠤ ᠪᠤᠯᠬᠤ ᠳᠤ ᠬᠦᠳᠡᠷ ᠤᠨ ᠬᠠᠪᠲᠠᠭᠠᠢ᠂ ᠭᠠᠨᠳᠢᠭ ᠴᠢᠯᠠᠭᠤ᠂ ᠸᠤᠯᠹᠷᠤᠮ᠂ ᠲᠤᠭᠤᠯᠭ᠎ᠠ᠂ ᠴᠠᠶᠢᠷ᠂ ᠮᠠᠨᠨᠢ᠂ ᠭᠧᠷᠮᠠᠨ᠂ ᠴᠠᠭᠠᠨ ᠭᠢᠯᠲᠠᠭᠠᠨᠠᠭᠤᠷ᠂ ᠢᠯᠵᠠᠮᠡᠭ ᠬᠦᠴᠢᠯ᠂ ᠪᠠᠯ ᠴᠢᠯᠠᠭᠤ᠂ ᠰᠢᠵᠢᠷ ᠠᠯᠲᠠ᠂ ᠮᠦᠩᠭᠦ᠂ ᠬᠦᠷᠡᠯ᠂ ᠲᠡᠮᠦᠷ᠂ ᠴᠤᠬᠤᠢ ᠶᠢᠨ ᠴᠢᠯᠠᠭᠤ᠂ ᠰᠢᠷᠪᠦᠰᠦᠨ ᠴᠢᠯᠠᠭᠤ ᠵᠡᠷᠭᠡ 29 ᠲᠦᠷᠦᠯ ᠤᠨ ᠦᠨᠳᠦᠷ ᠦᠨ᠎ᠡ ᠦᠷᠲᠡᠭ ᠪᠦᠬᠦᠢ ᠠᠰᠢᠭᠯᠠᠵᠤ ᠪᠤᠯᠠᠬᠤᠶᠢᠴᠠ ᠠᠭᠤᠷᠬᠠᠢ ᠶᠢᠨ ᠬᠠᠳᠠᠭᠠᠯᠠᠭᠳᠠᠴᠠ ᠶᠢ ᠢᠯᠡᠷᠡᠭᠦᠯᠵᠠᠢ᠃      ᠤᠨᠴᠠᠯᠢᠭᠲᠤ ᠲᠠᠷᠢᠶᠠᠯᠠᠩ ᠤᠨ ᠡᠬᠢ ᠪᠠᠶᠠᠯᠢᠭ ᠲᠠᠢ᠃ ᠦᠴᠦᠸᠠᠨ ᠰᠢᠶᠠᠨ ᠨᠢ ᠦᠨᠳᠦᠷᠬᠡᠭ ᠭᠠᠵᠠᠷ ᠲᠤ ᠪᠠᠶᠢᠷᠢᠰᠢᠵᠤ᠂ ᠨᠠᠷᠠᠨ ᠤ ᠲᠤᠰᠤᠯᠲᠠ ᠭᠦᠢᠴᠡᠳ᠂ ᠤᠯᠠᠭᠠᠨ ᠬᠦᠷᠤᠰᠤ ᠲᠠᠢ ᠪᠠᠶᠢᠳᠠᠭ ᠠᠴᠠ ᠲᠦᠮᠦᠰᠤ᠂ ᠰᠢᠯᠢᠮᠳᠡᠭ᠂ ᠶᠤᠤᠮᠠᠢ᠂ ᠰᠠᠭᠠᠭ᠂ ᠤᠯᠤᠰᠤ ᠵᠡᠷᠭᠡ ᠲᠠᠷᠢᠮᠠᠯ ᠢ ᠲᠠᠷᠢᠬᠤ ᠳᠤ ᠲᠤᠬᠢᠷᠠᠨ᠎ᠠ᠃ ᠲᠦᠮᠦᠰᠤ᠂ ᠶᠤᠤᠮᠠᠢ ᠶᠢᠨ ᠭᠤᠯᠢᠷ᠂ ᠰᠠᠭᠠᠭ ᠤᠨ ᠭᠤᠯᠢᠷ ᠪᠤᠯ ᠦᠴᠦᠸᠠᠨ ᠤ ᠨᠡᠷᠳᠬᠦᠨ ᠮᠦᠨ᠃ ᠶᠤᠤᠮᠠᠢ ᠶᠢᠨ ᠭᠤᠯᠢᠷ ᠨᠢ ᠴᠢᠰᠤᠨ ᠲᠠᠷᠤᠯᠳᠠ᠂ ᠯᠤᠭᠰᠢᠭᠤᠨ ᠰᠤᠳᠠᠯ ᠤᠨ ᠬᠠᠳᠠᠭᠤᠷᠠᠯ᠂ ᠲᠢᠳᠢᠮ ᠵᠢᠷᠦᠬᠡᠨ ᠤ ᠡᠪᠡᠳᠴᠢᠨ ᠵᠡᠷᠭᠡ ᠶᠢ ᠰᠡᠷᠭᠡᠶᠢᠯᠡᠬᠦ ᠳᠤ ᠲᠤᠰᠠᠲᠠᠢ᠃ ᠦᠴᠦᠸᠠᠨ ᠰᠢᠶᠠᠨ ᠤ ᠲᠦᠮᠦᠰᠦ ᠶᠢᠨ ᠭᠠᠷᠤᠯᠲᠠ ᠶᠡᠭᠡ᠂ ᠴᠢᠨᠠᠷ ᠰᠠᠶᠢᠨ᠃ 2004 ᠤᠨ ᠳᠤ᠂ ᠦᠴᠦᠸᠠᠨ ᠰᠢᠶᠠᠨ  ᠨᠢ ᠪᠠᠷᠠᠭᠤᠨ ᠤᠷᠤᠨ ᠤ 12 ᠮᠤᠵᠢ ᠬᠤᠲᠠ ᠶᠢᠨ ᠰᠤᠨᠢᠨ ᠮᠡᠳᠡᠭᠡᠨ ᠤ ᠬᠢᠨ ᠳᠤ《 ᠳᠤᠮᠳᠠᠳᠤ ᠶᠢᠨ ᠤᠨᠴᠠᠯᠢᠭᠲᠤ ᠠᠵᠤ ᠠᠬᠤᠢ ᠶᠢᠨ ᠰᠢᠯᠢᠳᠡᠭ ᠰᠢᠶᠠᠨ》᠂《 ᠲᠦᠮᠦᠰᠦ ᠶᠢᠨ ᠨᠤᠲᠤᠭ》ᠬᠡᠮᠡᠨ ᠦᠨᠡᠯᠡᠭᠳᠡᠪᠡ᠃      ᠡᠮ ᠤᠨ ᠮᠠᠲ᠋ᠧᠷᠢᠶᠠᠯ ᠡᠯᠪᠡᠭ᠃ ᠦᠴᠦᠸᠠᠨ ᠰᠢᠶᠠᠨ ᠪᠣᠯ ᠬᠤᠨᠴᠢᠷ ᠤᠨ ᠭᠤᠣᠯ ᠭᠠᠷᠤᠯᠲᠠ ᠶᠢᠨ ᠤᠷᠤᠨ ᠮᠦᠨ᠃ ᠴᠢᠩ ᠤᠨ ᠰᠡᠭᠦᠯᠴᠢ ᠢᠷᠭᠡᠨ‌ᠤᠯᠤᠰ ᠤᠨ ᠡᠬᠢᠨ ᠢᠶᠠᠷ《 ᠤᠮᠠᠷᠠᠲᠤ ᠤᠷᠤᠨ ᠤ ᠬᠤᠨᠴᠢᠷ ᠤᠨ ᠨᠤᠲᠤᠭ》ᠭᠡᠰᠡᠨ ᠰᠠᠶᠢᠬᠠᠨ ᠨᠡᠷ᠎ᠡ ᠲᠠᠢ ᠪᠠᠶᠢᠪᠠ᠃ ᠪᠦᠬᠦ ᠰᠢᠶᠠᠨ ᠤ ᠬᠡᠪᠴᠢᠶᠡᠨ ᠳᠤ ᠪᠠᠷᠤᠭ 200 ᠭᠠᠷᠤᠢ ᠲᠦᠷᠦᠯ ᠤᠨ ᠬᠡᠭᠡᠷ᠎ᠡ ᠶᠢᠨ ᠡᠮᠲᠤ ᠤᠷᠭᠤᠮᠠᠯ ᠤᠷᠭᠤᠵᠤ ᠡᠭᠦᠨ ᠳᠤ ᠰᠦᠨ ᠤᠷᠬᠤᠳᠠᠢ᠂ ᠪᠠᠪᠤ᠂ ᠲᠠᠤᠯᠠᠢ ᠶᠢᠨ ᠮᠠᠩᠬᠢᠷ᠂ ᠤᠯᠠᠭᠠᠨ᠎ᠠ ᠶᠢᠨ ᠦᠷ᠎ᠡ᠂ ᠤᠯᠠᠭᠠᠨ ᠴᠠᠨ᠎ᠠ ᠴᠡᠴᠡᠭ᠂ ᠲᠠᠯᠠᠨ ᠲᠦᠷᠦᠭᠦᠤ᠂ ᠵᠡᠭᠡᠷᠭᠡᠨ᠎ᠡ᠂ ᠵᠦᠭᠡᠯᠡᠨ ᠴᠢᠮᠡᠭ᠂ ᠬᠤᠨᠴᠢᠷ᠂ ᠪᠤᠷᠴᠠᠭ ᠡᠪᠡᠰᠦ ᠵᠡᠷᠭᠡ ᠦᠨᠳᠦᠷ ᠦᠨ᠎ᠡ ᠦᠷᠲᠡᠭ ᠪᠦᠬᠦᠢ ᠡᠮᠲᠤ ᠤᠷᠭᠤᠮᠠᠯ ᠤᠳ ᠪᠤᠢ᠃      ᠦᠴᠦᠸᠠᠨ ᠰᠢᠶᠠᠨ ᠤ ᠵᠤᠭᠠᠴᠠᠯ ᠤᠨ ᠡᠬᠢ ᠰᠤᠷᠪᠤᠯᠵᠢ ᠡᠯᠪᠡᠭ᠂ ᠬᠠᠳᠠᠭ ᠤᠨ ᠥᠨᠳᠦᠷᠯᠢᠭ ᠤᠢ ᠰᠢᠭᠤᠢ ᠶᠢᠨ ᠴᠡᠴᠡᠷᠯᠢᠭ᠂ ᠲᠠᠯᠠᠨ ᠬᠠᠷ᠎ᠠ ᠠᠭᠤᠯᠠ ᠶᠢᠨ ᠵᠤᠰᠠᠭᠠᠯ᠂ ᠡᠤ ᠭᠦᠩ ᠤᠨ ᠳᠠᠪᠠᠭ᠎ᠠ᠂ ᠳ᠋ᠧ ᠱᠧᠩ ᠭᠸᠤ ᠶᠢᠨ ᠬᠤᠪᠢᠰᠬᠠᠯ ᠤᠨ ᠰᠠᠭᠤᠷᠢᠨ ᠭᠠᠵᠠᠷ ᠵᠡᠷᠭᠡ ᠵᠤᠭᠠᠴᠠᠨ ᠲᠤᠭᠤᠷᠢᠬᠤ ᠦᠵᠡᠮᠵᠢᠲᠤ ᠭᠠᠵᠠᠷ ᠪᠤᠢ᠃ ᠤᠮᠠᠷᠠᠲᠤ ᠸᠧᠢ ᠶᠢᠨ ᠰᠤᠶᠤᠯ᠂ ᠰᠦᠢ ᠶᠢᠨ ᠰᠤᠶᠤᠯ ᠤᠨ ᠭᠤᠯᠤᠮᠳᠠ ᠶᠢᠨ ᠨᠢᠭᠡ ᠮᠦᠨ᠃ ᠦᠴᠦᠸᠠᠨ ᠰᠢᠶᠠᠨ ᠨᠢ ᠲᠠᠪᠠᠭᠤᠯᠢᠭ ᠭᠠᠵᠠᠷ ᠵᠦᠢ ᠶᠢᠨ ᠪᠠᠶᠢᠷᠢᠰᠢᠯ ᠲᠠᠢ ᠪᠠᠶᠢᠳᠠᠭ ᠢᠶᠠᠷ ᠢᠶᠠᠨ ᠤᠰᠤᠨ ᠤ ᠡᠨᠧᠷᠭᠢ᠂ ᠴᠠᠬᠢᠯᠭᠠᠨ ᠤ ᠡᠨᠧᠷᠭᠢ ᠶᠢ ᠠᠰᠢᠭᠯᠠᠨ ᠬᠦᠭᠵᠢᠭᠦᠯᠬᠦ ᠲᠠᠯ᠎ᠠ ᠪᠠᠷ ᠮᠠᠰᠢ ᠶᠡᠭᠡ ᠨᠦᠭᠡᠴᠡ ᠪᠤᠯᠤᠯᠴᠠᠭ᠎ᠠ ᠲᠠᠢ᠃  
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号