ᠶᠢᠨ ᠴᠦᠨ ᠯᠢᠶᠠᠩ ᠳᠡᠭᠡᠷ᠎ᠡ ᠳᠤᠬᠤᠢ ᠰᠢᠶᠠᠩ᠂ ᠪᠠᠷᠠᠭᠤᠨ ᠤᠯᠠᠭᠠᠨᠪᠤᠯᠠᠭ ᠪᠠᠯᠭᠠᠰᠤ ᠶᠢᠨ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠳᠤ ᠪᠠᠶᠢᠴᠠᠭᠠᠨ ᠰᠣᠳᠤᠯᠤᠯᠲᠠ ᠬᠢᠪᠡ
ᠨᠡᠶᠢᠲᠡᠯᠡᠭᠰᠡᠨ ᠴᠠᠭ᠄
2018/6/11
     6 ᠳ᠋ᠤᠭᠠᠷ ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠶᠢᠨ ᠴᠦᠨ ᠯᠢᠶᠠᠩ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠷᠧᠨ ᠶᠠᠨ ᠰᠢᠶᠠᠩ ᠳᠡᠭᠡᠷ᠎ᠡ ᠳᠤᠬᠤᠢ ᠰᠢᠶᠠᠩ ᠪᠣᠯᠤᠨ ᠪᠠᠷᠠᠭᠤᠨ ᠤᠯᠠᠭᠠᠨᠪᠤᠯᠠᠭ ᠪᠠᠯᠭᠠᠰᠤᠨ ᠳᠤ ᠭᠦᠨᠵᠡᠭᠡᠶᠢᠷᠡᠵᠤ ᠣᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃       ᠶᠢᠨ ᠴᠦᠨ ᠯᠢᠶᠠᠩ ᠵᠡᠷᠭᠡ ᠭᠥᠮᠦᠰ ᠤᠷᠢᠳ ᠬᠤᠵᠢᠳ ᠳᠡᠭᠡᠷ᠎ᠡ ᠳᠤᠬᠤᠢ ᠰᠢᠶᠠᠩ ᠤᠨ ᠴᠣᠬᠤᠶᠢᠲᠤ ᠭᠤᠤ ᠲᠣᠰᠬᠤᠨ᠂ ᠪᠠᠷᠠᠭᠤᠨ ᠤᠯᠠᠭᠠᠨᠪᠤᠯᠠᠭ ᠪᠠᠯᠭᠠᠰᠤ ᠶᠢᠨ ᠬᠤᠩ ᠱᠠᠨ ᠽᠢ ᠲᠤᠰᠬᠤᠨ ᠳᠤ ᠬᠦᠷᠴᠣ ᠨᠤᠷᠠᠬᠤ ᠠᠶᠤᠯᠲᠠᠶ ᠭᠡᠷ ᠪᠠᠶᠢᠰᠢᠩ ᠢ ᠵᠠᠰᠠᠨ ᠰᠢᠨᠡᠴᠢᠯᠡᠬᠦ ᠠᠵᠢᠯ ᠤᠨ ᠠᠬᠢᠴᠠ ᠶᠢ ᠨᠠᠷᠢᠨ ᠣᠶᠢᠯᠠᠭᠠᠵᠤ᠂ ᠶᠠᠳᠠᠭᠤ ᠶᠢ ᠲᠡᠳᠬᠦᠬᠦ ᠪᠡᠯᠠ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ ᠪᠠ ᠦᠢᠯᠡᠳᠪᠦᠷᠢᠯᠡᠯ ᠢᠶᠠᠨ ᠬᠥᠭᠵᠢᠭᠦᠯᠦᠭᠰᠡᠨ ᠪᠠᠶᠢᠳᠠᠯ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠪᠠᠶᠢᠳᠠᠯ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠪᠠ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠪᠠᠶᠢᠳᠠᠯ ᠢ ᠨᠠᠷᠢᠨ ᠣᠶᠢᠯᠭᠠᠵᠣ᠂ ᠶᠠᠳᠠᠭᠤ ᠶᠢ ᠲᠡᠳᠬᠦᠬᠦ ᠲᠠᠩᠰᠠ ᠡᠪᠬᠡᠮᠡᠯ ᠤᠨ ᠮᠠᠲ᠋ᠧᠷᠢᠶᠠᠯ ᠢ ᠰᠡᠬᠦᠵᠤ ᠦᠵᠡᠬᠦ ᠶᠢᠨ ᠬᠠᠮᠲᠤ ᠲᠤᠬᠠᠶ ᠶᠢᠨ ᠭᠠᠵᠠᠷ ᠤᠨ ᠲᠣᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ ᠲᠠᠢ ᠬᠠᠮᠲᠤ ᠰᠠᠭᠤᠳᠠᠯ ᠤᠨ ᠬᠤᠷᠠᠯ ᠬᠤᠷᠠᠯᠳᠤᠪᠠ᠃       ᠶᠢᠨ ᠴᠦᠨ ᠯᠢᠶᠠᠩ ᠴᠢᠬᠤᠯᠠᠴᠢᠯᠠᠭᠰᠠᠨ ᠨᠢ᠂ ᠲᠣᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠶᠡᠴᠢ ᠴᠢᠳᠠᠮᠠᠭᠠᠶ  ᠴᠢᠨᠠᠷ ᠢᠶᠠᠨ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠢᠳᠡᠪᠬᠢᠯᠡᠨ ᠠᠵᠢᠯᠯᠠᠵᠤ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠦᠢᠯᠡᠳᠪᠦᠷᠢᠯᠡᠯ ᠢ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠵᠢᠨ‌‍ᠲ᠋ᠣᠲᠣᠭᠠᠳᠤ ᠬᠥᠳᠡᠯᠭᠡᠬᠦ ᠬᠦᠴᠦᠨ ᠪᠠ ᠬᠠᠯᠠᠭᠤᠨ ᠰᠡᠳᠬᠢᠯᠭᠡ ᠶᠢ ᠨᠢ ᠬᠥᠭᠵᠢᠭᠡᠬᠦ ᠬᠡᠷᠡᠭᠲᠠᠢ ᠭᠡᠪᠡ᠃       ᠶᠢᠨ ᠴᠦᠨ ᠯᠢᠶᠠᠩ ᠮᠦᠨ ᠳᠠᠷᠠᠭ᠎ᠠ ᠠᠯᠬᠤᠮ ᠤᠨ ᠶᠠᠳᠠᠭᠤ ᠶᠢ ᠲᠡᠳᠬᠦᠬᠦ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号