ᠦᠴᠦᠸᠠᠨ ᠰᠢᠶᠠᠨ ᠤ ᠵᠠᠰᠠᠭ ᠤᠨ ᠣᠷᠳᠤᠨ ᠤ ᠠᠯᠪᠠᠨ ᠭᠡᠷ
ᠨᠡᠶᠢᠲᠡᠯᠡᠭᠰᠡᠨ ᠴᠠᠭ᠄
2018/6/13
     ᠨᠢᠭᠡ᠂ ᠡᠭᠦᠷᠭᠡ ᠴᠢᠳᠠᠪᠬᠢ ᠶᠢᠨ ᠲᠣᠬᠢᠷᠠᠭᠤᠯᠭ᠎ᠠ      ︵ᠨᠢᠭᠡ︶ ᠮᠡᠳᠡᠭᠡ ᠵᠠᠩᠬᠢᠴᠢᠯᠠᠯᠲᠠ ᠶᠢᠨ ᠠᠯᠪᠠᠨ ᠭᠡᠷ ᠤᠨ ᠫᠠᠶᠢᠰᠠ ᠢᠯᠡᠷᠬᠡᠶᠢᠯᠡᠯ ᠢ ᠳᠠᠬᠢᠵᠤ ᠡᠯᠭᠦᠬᠦ ᠦᠭᠡᠢ᠃      ︵ᠬᠤᠶᠠᠷ︶ ᠪᠥᠬᠦ ᠰᠢᠶᠠᠨ ᠤ ᠵᠠᠰᠠᠭ ᠤᠨ ᠶᠠᠪᠤᠳᠠᠯ ᠤᠨ ᠮᠡᠳᠡᠭᠡ  ᠵᠠᠩᠬᠢ ᠶᠢ ᠢᠯᠡ ᠪᠤᠯᠭᠠᠬᠤ ᠠᠵᠢᠯ ᠢ ᠵᠢᠭᠠᠨ ᠵᠢᠯᠤᠭᠤᠳᠬᠤ᠂ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠨᠡᠮᠡᠨ᠎ᠡ᠃      ︵ᠭᠤᠷᠪᠠ︶ ᠦᠢᠯᠡᠴᠢᠯᠡᠭᠡ ᠪᠠ ᠪᠠᠴᠢᠮ ᠠᠰᠠᠭᠤᠳᠠᠯ ᠢ ᠰᠢᠢᠳᠪᠦᠷᠢᠯᠡᠬᠦ᠂ ᠰᠢᠮᠳᠠᠭᠤᠯᠤᠨ ᠪᠠᠶᠢᠴᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ‌‍ᠴᠢᠩᠭᠠᠳᠬᠠᠨ᠎ᠠ᠃      ︵ᠳᠥᠷᠪᠡ︶ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠡᠮᠡᠨ᠎ᠡ᠃      ᠬᠤᠶᠠᠷ᠂ ᠭᠤᠣᠯ ᠡᠭᠦᠷᠭᠡ ᠴᠢᠳᠠᠪᠬᠢ      ︵ᠨᠢᠭᠡ︶ ᠰᠢᠶᠠᠨ ᠤ ᠵᠠᠰᠠᠭ ᠤᠨ ᠣᠷᠳᠣᠨ ᠤ ᠡᠯ᠎ᠡ ᠲᠦᠷᠦᠯ ‍ᠤᠨ‌ᠬᠤᠷᠠᠯ ᠢ ᠵᠣᠬᠢᠶᠠᠨ ᠪᠠᠶᠢᠭᠤᠯᠵᠤ ᠪᠡᠯᠡᠳᠬᠡᠬᠦ ᠠᠵᠢᠯ ᠢ ᠬᠠᠷᠢᠭᠤᠴᠠᠵᠤ᠂ ᠵᠠᠰᠠᠭ ᠤᠨ ᠣᠷᠳᠤᠨ ᠤ ᠣᠳᠤᠷᠢᠳᠤᠯᠭ᠎ᠠ ᠶᠢ ᠬᠠᠪᠰᠤᠷᠤᠨ ᠬᠤᠷᠠᠯ ᠠᠴᠠ ᠲᠤᠭᠲᠠᠭᠠᠭᠰᠠᠨ ᠵᠦᠢᠯᠡᠰ ᠢ ᠬᠡᠷᠡᠭᠵᠢᠭᠦᠯᠬᠦ ᠶᠢ ᠵᠤᠬᠢᠶᠠᠨ ᠪᠠᠶᠢᠭᠤᠯᠤᠨ᠎ᠠ᠃      ︵ᠬᠤᠶᠠᠷ︶ ᠰᠢᠶᠠᠨ ᠤ ᠤᠳᠤᠷᠢᠳᠤᠯᠭ᠎ᠠ ᠶᠢ ᠬᠠᠪᠰᠤᠷᠴᠤ ᠰᠢᠶᠠᠨ ᠤ ᠵᠠᠰᠠᠭ ᠤᠨ ᠣᠷᠳᠤᠨ ᠤ ᠠᠯᠪᠠᠨ ᠭᠡᠷ ᠤᠨ ᠨᠡᠷ᠎ᠡ ᠪᠠᠷ ᠪᠠᠭᠤᠯᠭᠠᠭᠰᠠᠨ ᠠᠯᠪᠠᠨ ᠪᠢᠴᠢᠭ ᠢ ᠲᠣᠭᠤᠷᠪᠢᠨ ᠪᠢᠴᠢᠬᠦ ᠪᠤᠶᠤ ᠬᠢᠨᠠᠨ ᠬᠠᠷᠭᠤᠭᠤᠯᠤᠨ᠎ᠠ᠃ ᠰᠢᠶᠠᠨ ᠤ ᠵᠠᠰᠠᠭ ᠤᠨ ᠣᠷᠳᠤᠨ ᠤ ᠤᠳᠤᠷᠢᠳᠤᠯᠭ᠎ᠠ ᠶᠢᠨ ᠶᠠᠷᠢᠶᠠᠨ ᠤ ᠨᠣᠣᠷᠠᠭ᠂ ᠠᠵᠢᠯ ᠤᠨ ᠮᠡᠳᠡᠭᠦᠯᠦᠯᠲᠡ ᠵᠢᠴᠢ ᠪᠣᠰᠤᠳ ᠶᠠᠷᠢᠶᠠᠨ ᠤ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠨ ᠪᠢᠴᠢᠨ᠎ᠡ᠃      ︵ᠭᠤᠷᠪᠠ︶ ᠰᠢᠶᠠᠨ ᠤ ᠵᠠᠰᠠᠭ ᠤᠨ ᠣᠷᠳᠤᠨ ᠤ ᠡᠯ᠎ᠡ ᠰᠠᠯᠠᠭ᠎ᠠ ᠮᠦᠴᠢᠷ ᠪᠤᠯᠤᠨ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ᠤ ᠵᠢᠭᠠᠪᠤᠷᠢ ᠠᠪᠤᠭᠰᠠᠨ ᠬᠠᠮᠢᠶ᠎ᠠ ᠪᠦᠬᠦᠢ ᠠᠰᠠᠭᠤᠳᠠᠯ ᠢ ᠰᠣᠳᠤᠯᠵᠤ᠂ ᠬᠢᠨᠠᠨ‌ᠬᠠᠷᠭᠤᠭᠤᠯᠬᠤ ᠰᠠᠨᠠᠯ ᠳᠤᠷᠠᠳᠴᠤ᠂ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠠᠮᠢᠶ᠎ᠠ ᠪᠦᠬᠦᠢ ᠤᠳᠤᠷᠢᠳᠤᠯᠭ᠎ᠠ ᠳᠤ ᠮᠡᠳᠡᠭᠦᠯᠵᠤ ᠬᠢᠨᠠᠨ ᠵᠥᠪᠰᠢᠶᠡᠷᠡᠭᠦᠯᠦᠨ᠎ᠡ᠃      ︵ᠳᠥᠷᠪᠡ︶ ᠰᠢᠶᠠᠨ ᠤ ᠵᠠᠰᠠᠭ ᠤᠨ ᠣᠷᠳᠤᠨ ᠤ ᠤᠳᠤᠷᠢᠳᠤᠯᠭ᠎ᠠ ᠶᠢᠨ ᠵᠢᠭᠠᠪᠤᠷᠢ ᠴᠤᠬᠤᠯᠠᠪᠦᠷᠢ ᠶᠢ ᠦᠨᠳᠦᠰᠦᠯᠡᠨ᠂ ᠰᠢᠶᠠᠨ ᠤ ᠵᠠᠰᠠᠭ ᠤᠨ ᠣᠷᠳᠤᠨ ᠤ ᠰᠠᠯᠠᠭ᠎ᠠ ᠮᠦᠴᠢᠷ ᠤᠨ ᠬᠤᠭᠤᠷᠤᠨᠳᠤᠬᠢ ᠮᠠᠷᠭᠤᠭᠠᠨ ᠲᠠᠢ ᠴᠢᠬᠤᠯᠠ ᠠᠰᠠᠭᠤᠳᠠᠯ ᠢ ᠵᠤᠬᠢᠴᠠᠭᠤᠯᠤᠨ᠂ ᠰᠢᠶᠠᠨ ᠤ ᠵᠠᠰᠠᠭ ᠤᠨ ᠣᠷᠳᠤᠨ ᠤ ᠤᠳᠤᠷᠢᠳᠤᠯᠭ᠎ᠠ ᠳᠤ ᠮᠡᠳᠡᠭᠦᠯᠵᠤ ᠰᠢᠢᠳᠪᠦᠷᠢᠯᠡᠭᠦᠯᠦᠨ᠎ᠡ᠃      ︵ᠲᠠᠪᠤ︶ ᠰᠢᠶᠠᠨ ᠤ ᠠᠷᠠᠳ ᠤᠨ ᠵᠠᠰᠠᠭ ᠤᠨ ᠣᠷᠳᠤᠨ ᠤ ᠡᠯ᠎ᠡ ᠰᠠᠯᠠᠭ᠎ᠠ ᠮᠦᠴᠢᠷ ᠪᠠ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ᠤ ᠰᠢᠶᠠᠨ ᠤ ᠵᠠᠰᠠᠭ ᠤᠨ ᠣᠷᠳᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠬᠤᠷᠠᠯ ᠳᠡᠭᠡᠷ᠎ᠡ ᠲᠤᠭᠲᠠᠭᠠᠭᠰᠠᠨ ᠵᠦᠢᠯᠡᠰ ᠵᠢᠴᠢ ᠵᠢᠭᠠᠪᠤᠷᠢ ᠴᠤᠬᠤᠯᠠᠪᠦᠷᠢ ᠶᠢ ᠬᠡᠷᠡᠭᠵᠢᠭᠦᠯᠦᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ ᠶᠢᠨ ᠬᠠᠮᠲᠤ ᠮᠥᠷᠳᠡᠨ ᠪᠠᠶᠢᠴᠠᠭᠠᠯᠲᠠ ᠬᠢᠵᠤ ᠴᠠᠭ ᠲᠤᠬᠠᠢ ᠳᠤᠨᠢ ᠰᠢᠶᠠᠨ ᠤ ᠵᠠᠰᠠᠭ ᠤᠨ ᠣᠷᠳᠤᠨ ᠤ ᠤᠳᠤᠷᠢᠳᠤᠯᠭ᠎ᠠ ᠳᠤ ᠬᠠᠷᠢᠭᠤ ᠮᠡᠳᠡᠭᠦᠯᠦᠨ᠎ᠡ︔ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ᠂ ᠤᠯᠤᠰ ᠲᠥᠷᠦ ᠶᠢᠨ ᠵᠦᠪᠯᠡᠯᠭᠡᠨ ᠤ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠵᠤᠬᠢᠶᠠᠨ ᠪᠠᠶᠢᠭᠤᠯᠵᠤ ᠵᠢᠯᠤᠭᠤᠳᠤᠨ᠎ᠠ᠃      ︵ᠵᠢᠷᠭᠤᠭ᠎ᠠ︶ ᠰᠢᠶᠠᠨ ᠤ ᠵᠠᠰᠠᠭ ᠤᠨ ᠣᠷᠳᠤᠨ ᠤ ᠤᠳᠤᠷᠢᠳᠤᠯᠭ᠎ᠠ ᠶᠢ ᠬᠠᠪᠰᠤᠷᠤᠨ ᠰᠢᠶᠠᠨ ᠤ ᠵᠠᠰᠠᠭ ᠤᠨ ᠣᠷᠳᠤᠨ ᠠᠴᠠ ᠰᠢᠭᠤᠳ ᠰᠢᠢᠳᠪᠦᠷᠢᠯᠡᠬᠦ ᠴᠢᠬᠤᠯᠠᠲᠠᠢ ᠭᠡᠨᠡᠳᠲᠡ ᠶᠢᠨ ᠬᠡᠷᠡᠭ ᠪᠠ ᠴᠢᠬᠤᠯᠠ ᠶᠡᠭᠡ ᠬᠡᠷᠡᠭ ᠶᠠᠪᠤᠳᠠᠯ ᠢ ᠵᠤᠬᠢᠶᠠᠨ ᠪᠠᠶᠢᠭᠤᠯᠤᠨ ᠰᠢᠢᠳᠪᠦᠷᠢᠯᠡᠨ᠎ᠡ᠃      ︵ᠳᠣᠯᠤᠭ᠎ᠠ︶ ᠣᠯᠠᠨ ᠲᠦᠮᠡᠨ ᠤ ᠵᠠᠬᠢᠲᠠᠯ ᠰᠣᠷᠪᠤᠯᠵᠢᠯᠠᠭ᠎ᠠ ᠶᠢᠨ ᠠᠵᠢᠯ ᠢ ᠵᠤᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠨ᠎ᠠ︔ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠵᠢᠴᠢ ᠳᠡᠭᠡᠳᠤ ᠱᠠᠲᠤᠨ ᠠᠴᠠ ᠲᠤᠰᠢᠶᠠᠭᠰᠠᠨ ᠵᠠᠬᠢᠲᠠᠯ ᠰᠣᠷᠪᠤᠯᠵᠢᠯᠠᠭ᠎ᠠ ᠶᠢᠨ ᠬᠡᠷᠡᠭ ᠢ ᠭᠠᠷᠳᠠᠵᠤ ᠬᠢᠨ᠎ᠡ︔ ᠳᠡᠭᠡᠳᠤ ᠱᠠᠲᠤᠨ ᠤ ᠵᠠᠬᠢᠲᠠᠯ ᠰᠣᠷᠪᠤᠯᠵᠢᠯᠠᠭ᠎ᠠ ᠶᠢᠨ ᠠᠵᠢᠯ ᠤᠨ ᠴᠢᠭᠯᠡᠯᠲᠡ ᠲᠥᠷᠦ ᠶᠢᠨ ᠪᠣᠳᠤᠯᠭ᠎ᠠ ᠶᠢ ᠲᠤᠤᠱᠠᠯᠠᠭᠤᠯᠤᠨ ᠬᠡᠷᠡᠭᠵᠢᠭᠦᠯᠵᠤ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠦᠴᠢᠷ ᠤᠨ ᠵᠠᠬᠢᠲᠠᠯ ᠰᠣᠷᠪᠤᠯᠵᠢᠯᠠᠭ᠎ᠠ ᠶᠢᠨ ᠠᠵᠢᠯ ᠢ ᠵᠣᠬᠢᠴᠠᠭᠤᠯᠤᠨ᠎ᠠ᠃      ︵ᠨᠠᠢᠮᠠ︶ ᠪᠥᠬᠦ ᠰᠢᠶᠠᠨ ᠤ ᠠᠵᠤ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠪᠠᠶᠢᠴᠠᠭᠠᠨ ᠰᠣᠳᠤᠯᠬᠤ᠂ ᠵᠢᠭᠠᠨ ᠵᠢᠯᠤᠭᠤᠳᠬᠤ᠂ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃      ︵ᠶᠢᠰᠦ︶ ᠵᠠᠰᠠᠭ ᠤᠨ ᠣᠷᠳᠤᠨ ᠤ ᠰᠢᠰᠲ᠋ᠧᠮ ᠤᠨ ᠠᠯᠪᠠᠨ ᠠᠵᠢᠯ ᠤᠨ ᠠᠦ᠋ᠲ᠋ᠣᠴᠢᠯᠠᠯᠲᠠ ᠶᠢᠨ ᠪᠥᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠦᠴᠢᠷ ᠤᠨ ᠠᠯᠪᠠᠨ ᠠᠵᠢᠯ ᠤᠨ ᠠᠦ᠋ᠲ᠋ᠤᠴᠢᠯᠠᠯᠲᠠ ᠶᠢᠨ ᠪᠥᠲᠦᠭᠡᠨ ᠪᠠᠶᠢᠭᠤᠯᠤᠯᠲᠠ ᠶᠢᠨ ᠠᠵᠢᠯ ᠢ ᠵᠢᠭᠠᠨ ᠵᠢᠯᠤᠭᠤᠳᠤᠨ᠎ᠠ᠃      ︵ᠠᠷᠪᠠ︶ ᠰᠢᠶᠠᠨ ᠤ ᠵᠠᠰᠠᠭ ᠤᠨ ᠣᠷᠳᠤᠨ ᠤ ᠡᠭᠡᠯᠵᠢ  ᠵᠢᠵᠢᠭᠦᠷ ᠤᠨ ᠠᠵᠢᠯ ᠢ ᠬᠠᠷᠢᠭᠤᠴᠠᠵᠤ᠂ ᠰᠢᠶᠠᠨ ᠤ ᠵᠠᠰᠠᠭ ᠤᠨ ᠣᠷᠳᠤᠨ ᠤ ᠤᠳᠤᠷᠢᠳᠤᠯᠭ᠎ᠠ ᠳᠤ ᠴᠢᠬᠤᠯᠠ ᠪᠠᠶᠢᠳᠠᠯ ᠢ ᠴᠠᠭ ᠲᠤᠬᠠᠢ ᠳᠤᠨᠢ ᠮᠡᠳᠡᠭᠦᠯᠵᠤ᠂ ᠡᠯ᠎ᠡ ᠰᠢᠶᠠᠩ ᠪᠠᠯᠭᠠᠰᠤ ᠪᠠ ᠡᠯ᠎ᠡ ᠰᠠᠯᠠᠭ᠎ᠠ ᠮᠦᠴᠢᠷ ᠤᠨ ᠲᠤᠰᠬᠠᠭᠰᠠᠨ ᠴᠢᠬᠤᠯᠠ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ᠃      ︵ᠠᠷᠪᠠᠨ ᠨᠢᠭᠡ︶ ᠰᠢᠶᠠᠨ ᠤ ᠵᠠᠰᠠᠭ ᠤᠨ ᠣᠷᠳᠤᠨ ᠤ ᠠᠯᠪᠠᠨ ᠪᠠᠶᠢᠭᠤᠯᠭ᠎ᠠ ᠶᠢᠨ ᠲᠣᠲᠤᠭᠠᠳᠤ ᠶᠢᠨ ᠠᠮᠤᠷ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠡᠳᠦᠷ ᠳᠣᠲᠤᠮ ᠤᠨ ᠠᠵᠢᠯ ᠤᠨ ᠡᠮᠬᠢ ᠲᠢᠭᠯᠢᠮ ᠢ ᠬᠠᠮᠠᠭᠠᠯᠠᠨ᠎ᠠ᠃      ︵ᠠᠷᠪᠠᠨ ᠬᠤᠶᠠᠷ︶ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠮᠠᠰᠢᠨ ᠲᠡᠷᠭᠡᠨ ᠤ ᠣᠷᠤᠨ ᠲᠣᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠭᠤᠷᠪᠠ︶ ᠳᠡᠭᠡᠲᠤ ᠱᠠᠲᠤᠨ ᠤ ᠬᠠᠤᠯᠢ ᠳᠦᠷᠢᠮ ᠤᠨ ᠠᠵᠢᠯ ᠤᠨ ᠴᠢᠭᠯᠡᠯᠲᠡ᠂ ᠲᠥᠷᠦ ᠶᠢᠨ ᠪᠣᠳᠤᠯᠭ᠎ᠠ᠂ ᠬᠠᠤᠯᠢ ᠴᠠᠭᠠᠵᠠ᠂ ᠬᠠᠣᠯᠢ ᠳᠦᠷᠢᠮ ᠢ ᠲᠤᠤᠱᠠᠯᠠᠭᠤᠯᠤᠨ ᠬᠡᠷᠡᠭᠵᠢᠭᠦᠯᠦᠨ᠎ᠡ᠃      ︵ᠠᠷᠪᠠᠨ ᠳᠥᠷᠪᠡ︶ ᠡᠯ᠎ᠡ ᠰᠠᠯᠠᠭ᠎ᠠ ᠮᠦᠴᠢᠷ ᠠᠴᠠ ᠰᠢᠶᠠᠨ ᠤ ᠠᠷᠠᠳ ᠤᠨ ᠵᠠᠰᠠᠭ ᠤᠨ ᠣᠷᠳᠤᠨ ᠢ ᠣᠷᠤᠯᠠᠨ ᠲᠣᠭᠤᠷᠪᠢᠨ ᠪᠢᠴᠢᠭᠰᠡᠨ ᠲᠦᠷᠢᠮᠵᠢᠭᠰᠡᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ ᠵᠠᠰᠠᠪᠤᠷᠢ ᠤᠷᠤᠭᠤᠯᠤᠨ᠎ᠠ᠃      ︵ᠠᠷᠪᠠᠨ ᠲᠠᠪᠤ︶ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠦᠴᠢᠷ ᠤᠨ ᠬᠠᠤᠯᠢ ᠳᠦᠷᠢᠮ ‍ᠦᠨ‌ᠠᠵᠢᠯ ᠢ ᠬᠢᠨᠠᠨ ᠵᠢᠯᠤᠭᠤᠳᠤᠨ᠎ᠠ︔ ᠬᠦᠨᠳᠡᠯᠡᠨ ᠠᠴᠠ ᠲᠠᠰᠤᠯᠬᠤ ᠠᠵᠢᠯ ᠢ ᠵᠢᠭᠠᠨ ᠵᠢᠯᠤᠭᠤᠳᠤᠨ᠎ᠠ︔ ᠰᠢᠶᠠᠨ ᠤ ᠨᠠᠮ ᠤᠨ ᠬᠤᠷᠢᠶ᠎ᠠ ᠪᠠ ᠬᠤᠲᠠ ᠶᠢᠨ ᠵᠠᠰᠠᠭ ᠤᠨ ᠣᠷᠳᠤᠨ ᠤ ᠬᠠᠣᠯᠢ ᠳᠦᠷᠢᠮ ‍ᠦᠨ‌ᠠᠵᠢᠯ ᠤᠨ ᠠᠯᠪᠠᠨ ᠭᠡᠷ ᠤᠨ ᠲᠤᠰᠢᠶᠠᠭᠰᠠᠨ ᠪᠤᠰᠣᠳ ᠵᠦᠢᠯᠡᠰ ᠢ ᠭᠠᠷᠳᠠᠵᠤ ᠬᠢᠨ᠎ᠡ᠃      ︵ᠠᠷᠪᠠᠨ ᠵᠢᠷᠭᠤᠭ᠎ᠠ︶ ᠪᠥᠬᠦ ᠰᠢᠶᠠᠨ ᠤ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠢ ᠪᠠᠴᠢᠮ ᠠᠷᠭᠠᠴᠠᠬᠤ ᠪᠡᠯᠡᠳᠬᠡᠯ ᠲᠥᠰᠦᠯ᠂ ᠤᠷᠢᠳᠴᠢᠯᠠᠨ ᠰᠡᠷᠭᠡᠶᠢᠯᠡᠬᠦ ᠲᠦᠰᠦᠯ ᠪᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃      ︵ᠠᠷᠪᠠᠨ ᠳᠣᠯᠤᠭ᠎ᠠ︶ ᠪᠥᠬᠦ ᠰᠢᠶᠠᠨ ᠤ ᠵᠠᠰᠠᠭ ᠤᠨ ᠣᠷᠳᠤᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢᠨ ᠠᠵᠢᠯ ᠢ ᠵᠤᠬᠢᠶᠠᠨ ᠪᠠᠶᠢᠭᠤᠯᠤᠨ ᠵᠢᠭᠠᠨ ᠵᠢᠯᠤᠭᠤᠳᠬᠤ ᠠᠵᠢᠯ ᠢ ᠬᠠᠷᠢᠭᠤᠴᠠᠨ᠎ᠠ︔ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢ ᠬᠤᠷᠢᠶᠠᠨ ᠴᠤᠭᠯᠠᠭᠤᠯᠬᠤ᠂ ᠡᠮᠬᠢᠯᠡᠬᠦ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠡᠭᠦᠷᠭᠡᠯᠡᠨ᠎ᠡ︔ ᠬᠤᠲᠠ ᠶᠢᠨ ᠵᠠᠰᠠᠭ ᠤᠨ ᠣᠷᠳᠤᠨ ᠤ ᠠᠯᠪᠠᠨ ᠲᠢᠩᠭᠬᠢᠮ ᠳᠤ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢ ᠮᠡᠳᠡᠭᠦᠯᠦᠨ ᠬᠦᠷᠭᠡᠵᠤ᠂ ᠬᠤᠲᠠ ᠶᠢᠨ ᠵᠠᠰᠠᠭ ᠤᠨ ᠣᠷᠳᠤᠨ ᠤ ᠠᠯᠪᠠᠨ ᠲᠢᠩᠭᠬᠢᠮ ᠤᠨ ᠵᠢᠯ ᠤᠨ ᠮᠡᠳᠡᠭᠡ ᠵᠠᠩᠬᠢ ᠶᠢ ᠬᠢᠨᠠᠨ ᠰᠢᠯᠭᠠᠬᠤ ᠡᠭᠦᠷᠭᠡ ᠶᠢ ᠪᠡᠶᠡᠯᠡᠭᠦᠯᠦᠨ᠎ᠡ︔ ᠵᠠᠰᠠᠭ ᠤᠨ ᠣᠷᠳᠤᠨ ᠤ ᠰᠢᠰᠲ᠋ᠧᠮ ᠤᠨ ᠮᠡᠳᠡᠭᠡ ᠵᠠᠩᠬᠢ  ᠶᠢᠨ ᠰᠦᠯᠵᠢᠶ᠎ᠡ ᠶᠢ ᠬᠠᠮᠢᠶᠠᠷᠬᠤ ᠠᠵᠢᠯ ᠢ ᠬᠠᠷᠢᠭᠤᠴᠠᠨ᠎ᠠ︔ ᠪᠥᠬᠦ ᠰᠢᠶᠠᠨ ᠤ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠵᠢᠭᠠᠨ ᠵᠢᠯᠤᠭᠤᠳᠤᠨ᠎ᠠ᠃      ︵ᠠᠷᠪᠠᠨ ᠨᠠᠢᠮᠠ︶ ᠰᠢᠶᠠᠨ ᠤ ᠵᠠᠰᠠᠭ ᠤᠨ ᠣᠷᠳᠤᠨ ᠪᠠ ᠬᠤᠲᠠ ᠶᠢᠨ ᠵᠠᠰᠠᠭ ᠤᠨ ᠣᠷᠳᠤᠨ ᠤ ᠠᠯᠪᠠᠨ ᠲᠢᠩᠭᠬᠢᠮ ᠤᠨ ᠲᠤᠰᠢᠶᠠᠭᠰᠠᠨ ᠪᠣᠰᠤᠳ ᠵᠦᠢᠯᠡᠰ ᠢ ᠭᠠᠷᠳᠠᠵᠤ ᠬᠢᠨ᠎ᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号