ᠶᠢᠨ ᠴᠦᠨ ᠯᠢᠶᠠᠩ ᠠᠯᠲᠠᠨ ᠭᠤᠷᠪᠠᠯᠵᠢᠨ ᠬᠦᠷᠢᠶᠡᠯᠡᠩ ᠲᠣᠭᠤᠷᠢᠭ ᠲᠤ ᠬᠦᠷᠴᠤ ᠲᠤᠬᠠᠢ ᠶᠢᠨ ᠭᠠᠵᠠᠷ ᠤᠨ ᠪᠠᠶᠢᠴᠠᠭᠠᠨ ᠰᠣᠳᠤᠯᠤᠯᠲᠠ ᠬᠢᠪᠡ
ᠨᠡᠶᠢᠲᠡᠯᠡᠭᠰᠡᠨ ᠴᠠᠭ᠄
2018/6/20
     ᠣᠶᠢᠷ᠎ᠠ ᠶᠢᠨ ᠡᠳᠤᠷ᠂ ᠰᠢᠶᠠᠨ ᠤ ᠳᠠᠷᠤᠭ᠎ᠠ ᠶᠢᠨ ᠴᠦᠨ ᠯᠢᠶᠠᠩ ᠠᠯᠲᠠᠨ ᠭᠤᠷᠪᠠᠯᠵᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠵᠤ᠂ ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ᠂ ᠡᠵᠡᠩᠨᠡᠯᠲᠡ᠂ ᠪᠣᠷᠤᠯᠠᠭᠤᠯᠭ᠎ᠠ ᠵᠡᠷᠭᠡ ᠪᠠᠶᠢᠳᠠᠯ ᠳᠤ ᠲᠤᠬᠠᠢ ᠶᠢᠨ ᠭᠠᠵᠠᠷ ᠤᠨ ᠪᠠᠶᠢᠴᠠᠭᠠᠨ ᠰᠣᠳᠤᠯᠤᠯᠲᠠ ᠬᠢᠬᠦ ᠶᠢᠨ ᠬᠠᠮᠲᠤ10 ᠳᠦᠨ ᠠᠴᠠ ᠳᠣᠷᠤᠭᠰᠢᠬᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠬᠦᠷᠬᠦ ᠦᠭᠡᠢ ᠭᠦᠸᠧᠯᠤ ᠶᠢ ᠨᠤᠷᠠᠭᠠᠵᠤ ᠬᠠᠶᠠᠬᠤ ᠶᠠᠪᠤᠳᠠᠯ ᠢ ᠬᠢᠨᠠᠨ ᠵᠢᠯᠤᠭᠤᠳᠪᠠ᠃ ᠵᠠᠰᠠᠭ ᠤᠨ ᠣᠷᠳᠤᠨ ᠤ ᠠᠯᠪᠠᠨ ᠭᠡᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃       ᠶᠢᠨ ᠴᠦᠨ ᠯᠢᠶᠠᠩ ᠤᠷᠢᠳ ᠬᠤᠵᠢᠳ ᠤᠷᠠᠨ ᠡᠵᠢ ᠨᠡᠷᠡᠬᠦ ᠺᠣᠮᠫᠠᠨᠢ᠂ ᠰᠢ ᠹᠧᠩ ᠲᠦᠮᠦᠰᠦ ᠶᠢᠨ ᠦᠢᠯᠡᠰ᠂ ᠶᠠᠩ ᠶᠤᠸᠠᠨ ᠬᠤᠨᠢᠨ ᠨᠣᠣᠯᠤᠭᠤᠷ ᠤᠨ ᠪᠥᠲᠦᠭᠡᠭᠳᠡᠬᠦᠨ ᠵᠡᠷᠭᠡ ᠠᠵᠤ ᠠᠬᠤᠶᠢᠯᠠᠯ ᠳᠤ ᠭᠦᠨᠵᠡᠭᠡᠶᠢᠷᠡᠵᠤ᠂ ᠦᠢᠯᠡᠳᠪᠦᠷᠢᠯᠡᠬᠦ ᠲᠠᠰᠤᠭ ᠪᠠ ᠪᠣᠭᠤᠳᠠᠯᠯᠠᠬᠤ ᠲᠠᠰᠤᠭ ᠲᠤ ᠣᠷᠤᠵᠤ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠭᠠᠬᠤ ᠶᠢᠨ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠵᠤ ᠠᠵᠤ ᠠᠬᠤᠶᠢᠯᠠᠯ ᠤᠨ ᠣᠷᠤᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠯᠢᠭ ᠯᠠᠪᠯᠠᠨ ᠠᠰᠠᠭᠤᠪᠠ᠃      10 ᠳᠦᠨ ᠠᠴᠠ ᠳᠣᠷᠤᠭᠰᠢᠬᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠬᠦᠷᠬᠦ ᠦᠭᠡᠢ ᠭᠦᠸᠧᠯᠤ ᠶᠢ ᠨᠤᠷᠠᠭᠠᠵᠤ ᠬᠠᠶᠠᠬᠤ ᠠᠵᠢᠯ ᠤᠨ ᠲᠤᠬᠠᠢ ᠶᠢᠨ ᠴᠦᠨ ᠯᠢᠶᠠᠩ ᠵᠢᠭᠠᠵᠤ ᠭᠠᠷᠭᠠᠭᠰᠠᠨ ᠨᠢ᠂ ᠨᠤᠷᠠᠭᠠᠵᠤ ᠬᠠᠶᠠᠬᠤ ᠴᠢᠬᠤᠯᠠᠲᠠᠢ ᠭᠦᠸᠧᠯᠤ ᠶᠢᠨ ᠠᠰᠠᠭᠤᠳᠠᠯ ᠤᠨ ᠠᠷᠬᠠᠭ ᠭᠡᠮ ᠢ ᠡᠷᠢᠵᠤ ᠭᠠᠷᠭᠠᠨ ᠲᠤᠰ ᠲᠤᠰ ᠲᠤ ᠨᠢ ᠢᠯᠭᠠᠵᠤ ᠠᠵᠢᠯ ᠤᠨ ᠲᠥᠰᠦᠪ ᠲᠤᠭᠲᠠᠭᠠᠵᠤ᠂ ᠬᠠᠷᠢᠭᠤᠴᠠᠯᠭ᠎ᠠ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠤᠷᠬᠠᠶᠢᠯᠠᠵᠤ᠂ ᠰᠢᠶᠠᠨ ᠤ ᠵᠠᠰᠠᠭ ᠤᠨ ᠣᠷᠳᠤᠨ ᠤ ᠲᠣᠭᠲᠠᠭᠠᠭᠰᠠᠨ ᠠᠵᠢᠯ ᠤᠨ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠠᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号