︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2018-07-12
    ᠰᠤᠷᠪᠤᠯᠵᠢᠯᠠᠭᠰᠠᠨ ᠴᠠᠭ᠄      2018 ᠣᠨ ᠤ 3 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨᠠᠬᠢ 15 ᠴᠠᠭ     ᠰᠤᠷᠪᠤᠯᠵᠢᠯᠠᠭᠰᠠᠨ ᠵᠣᠴᠢᠨ᠄      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠵᠠᠩ ᠭᠠᠩ     ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠡᠮᠦᠨᠡᠬᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠢ ᠨᠡᠶᠢᠲᠡᠯᠡᠨ ᠬᠡᠷᠡᠭᠵᠢᠭᠦᠯᠪᠡ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠠᠩ ᠭᠠᠩ ᠳᠡᠳ᠋ ᠡᠷᠬᠢᠯᠡᠭᠴᠢ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ᠰᠤᠷᠪᠤᠯᠵᠢᠯᠠᠭ᠎ᠠ ᠶᠢᠨ ᠪᠤᠯᠤᠩ ᠳᠤ ᠤᠷᠢᠵᠤ᠂ ᠮᠠᠨ ᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠣᠯᠠᠨ ᠲᠠᠢ ᠰᠠᠨᠠᠯ ᠰᠣᠯᠢᠯᠴᠠᠭᠤᠯᠬᠤ ᠪᠣᠯᠣᠯ᠎ᠠ᠃ ᠥᠷᠭᠡᠨ ᠣᠯᠠᠨ ᠰᠦᠯᠵᠢᠶᠡᠨ ᠤ ᠠᠨᠳᠠ ᠶᠢᠨ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ ᠦᠵᠡᠭᠰᠡᠨ ᠳᠤ ᠴᠢᠨᠢ ᠪᠠᠶᠠᠷᠯᠠᠯ᠎ᠠ᠃ ᠡᠮᠦᠨᠡᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ︵ᠳᠣᠣᠷ᠎ᠠ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ ︶ ᠢ ᠳᠠᠷᠤᠮᠠᠯᠯᠠᠨ ᠲᠠᠷᠬᠠᠭᠠᠭᠰᠠᠨ ᠨᠢ᠂ ᠣᠳᠣᠬᠠᠨ ᠤ ᠪᠠ ᠡᠭᠦᠨ ᠠᠴᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠠᠬᠢ ᠮᠠᠨ ᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠳᠤ ᠬᠦᠨᠳᠦ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠪᠠᠶᠢᠳᠠᠭ᠃ ᠥᠨᠥᠳᠥᠷ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠠᠩ ᠭᠠᠩ ᠳᠡᠳ᠋ ᠡᠷᠬᠢᠯᠡᠭᠴᠢ ᠶᠢ ᠤᠷᠢᠵᠤ᠂ ᠮᠠᠨ ᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠰᠦᠯᠵᠢᠶ᠎ᠡ ᠪᠠᠷ ᠣᠯᠠᠨ ᠲᠠᠢ ᠰᠠᠨᠠᠯ ᠰᠣᠯᠢᠯᠴᠠᠭᠤᠯᠬᠤ ᠪᠣᠯᠣᠯ᠎ᠠ᠃ ᠵᠠᠩ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ᠃      ᠵᠠᠩ ᠭᠠᠩ᠄      ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃      ᠬᠥᠲᠥᠯᠥᠭᠴᠢ᠄      ᠣᠶᠢᠷ᠎ᠠ ᠶᠢᠨ ᠬᠡᠳᠦᠨ ᠵᠢᠯ ᠳᠤ᠂ ᠤᠯᠤᠰ ᠠᠴᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠨᠡᠯᠢᠶᠡᠳ ᠣᠯᠠᠨ ᠱᠠᠭᠠᠷᠳᠠᠯᠭ᠎ᠠ ᠳᠤᠷᠠᠳᠴᠤ᠂ ᠡᠯ᠎ᠡ ᠬᠦᠷᠢᠶ᠎ᠡ ᠴᠠᠷᠠᠭᠠᠨ ᠳᠠᠬᠢ ᠢᠲᠡᠭᠡᠮᠵᠢ ᠶᠢᠨ ᠪᠠᠶᠢᠭᠤᠯᠤᠯᠲᠠ ᠶᠢ ᠶᠡᠭᠡ ᠪᠠᠷ ᠠᠬᠢᠭᠤᠯᠪᠠ᠃ ᠲᠠᠨ ᠤ ᠦᠵᠡᠬᠦ ᠪᠠᠷ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠬᠦ ᠨᠢ ᠶᠠᠮᠠᠷ ᠴᠢᠬᠤᠯᠠ ᠠᠴᠢ ᠬᠤᠯᠪᠣᠭᠳᠠᠯ ᠲᠠᠢ ᠪᠣᠢ︖      ᠵᠠᠩ ᠭᠠᠩ᠄      ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠣᠯ ᠣᠳᠣ ᠦᠶ᠎ᠡ ᠶᠢᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠰᠠᠭᠤᠷᠢ ᠪᠠᠶᠢᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠨᠢ ᠪᠦᠬᠦ᠋ᠢᠯᠡ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠳᠤᠮᠳᠠ ᠵᠢᠱᠢᠶ᠎ᠡ ᠦᠵᠡᠭᠦᠯᠬᠦ ᠪᠠ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠵᠦ ᠪᠠᠶᠢᠳᠠᠭ᠃ ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠨ ᠬᠡᠷᠡᠭᠵᠢᠭᠦᠯᠦᠭᠰᠡᠨ ︽ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ ︵2014 — 2020 ᠣᠨ︶︾ ᠳᠤ᠄ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠣᠯ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠵᠠᠩᠭᠢᠯᠠᠭ᠎ᠠ ᠪᠠᠶᠢᠵᠤ᠂ ᠵᠠᠰᠠᠭ ᠤᠨ ᠶᠠᠪᠤᠳᠠᠯ ᠤᠨ ᠡᠯ᠎ᠡ ᠲᠥᠷᠥᠯ ᠤᠨ ᠠᠵᠢᠯᠯᠠᠭ᠎ᠠ ᠶᠢᠨ ᠭᠤᠣᠯ ᠴᠣᠭᠴᠠ ᠶᠢᠨ ᠦᠨᠡᠨᠴᠢ ᠢᠲᠡᠭᠡᠮᠵᠢ ᠶᠢᠨ ᠬᠢᠷᠢ ᠲᠦᠪᠰᠢᠨ ᠨᠢ᠂ ᠪᠤᠰᠤᠳ ᠨᠡᠶᠢᠭᠡᠮ ᠤᠨ ᠭᠤᠣᠯ ᠴᠣᠭᠴᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠴᠢᠬᠤᠯᠠ ᠥᠯᠢᠭᠡᠷ ᠳᠠᠭᠤᠷᠢᠶᠠᠯ ᠪᠠ ᠤᠳᠤᠷᠢᠳᠤᠮᠵᠢ ᠶᠢᠨ ᠦᠢᠯᠡᠳᠦᠯ ᠦᠵᠡᠭᠦᠯᠵᠦ ᠪᠠᠶᠢᠳᠠᠭ︾ ᠭᠡᠵᠦ ᠵᠢᠭᠠᠵᠤ ᠭᠠᠷᠭᠠᠪᠠ᠃ ᠡᠨᠡ ᠨᠢ ᠨᠠᠮ ᠪᠠ ᠵᠠᠰᠠᠭ ᠤᠨ ᠣᠷᠳᠣᠨ ᠠᠴᠠ ᠨᠢᠭᠡᠨᠲᠡ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠮᠠᠰᠢ ᠲᠣᠪᠤᠶᠢᠮ᠎ᠠ ᠴᠢᠬᠤᠯᠠ ᠪᠠᠶᠢᠷᠢᠨ ᠳᠤ ᠲᠠᠯᠪᠢᠨ ᠠᠬᠢᠭᠤᠯᠵᠤ ᠪᠠᠶᠢᠬᠤ ᠪᠠᠷ ᠪᠠᠷᠠᠬᠤ ᠦᠭᠡᠢ᠂ ᠡᠨᠡ ᠦᠶ᠎ᠡ ᠳᠤ ᠥᠪᠡᠷᠲᠡᠭᠡᠨ ᠵᠠᠰᠠᠬᠤ ᠣᠷᠣᠨ ︽ᠬᠡᠷᠡᠭᠵᠢᠭᠦᠯᠬᠦ ᠲᠥᠰᠥᠯ︾ ᠢ ᠨᠡᠶᠢᠲᠡᠯᠡᠭᠰᠡᠨ ᠨᠢ ᠪᠠᠴᠢᠮ ᠲᠤᠯᠭᠠᠮ᠎ᠠ ᠪᠠ ᠬᠦᠨᠳᠦ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠢ ᠭᠦᠢᠴᠡᠳ ᠲᠣᠳᠣᠷᠬᠠᠶᠢᠯᠠᠵᠠᠢ᠃ ᠠᠵᠤ ᠠᠬᠤᠢ ᠨᠡᠶᠢᠭᠡᠮ ᠤᠨ ᠬᠥᠭᠵᠢᠯᠲᠡ ᠪᠠ ᠣᠳᠣ ᠦᠶ᠎ᠡ ᠶᠢᠨ ᠤᠯᠤᠰ ᠲᠥᠷᠥ ᠶᠢᠨ ᠪᠣᠯᠪᠠᠰᠤᠨ ᠤ ᠪᠣᠯᠪᠠᠰᠤᠷᠠᠩᠭᠤᠢ ᠪᠣᠯᠬᠤ ᠶᠢ ᠳᠠᠭᠠᠯᠳᠤᠨ᠂ ᠨᠡᠶᠢᠲᠡ ᠣᠯᠠᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠳᠠᠬᠢ ᠬᠦᠰᠡᠯ ᠡᠷᠡᠮᠡᠯᠵᠡᠯ ᠨᠢ ᠲᠠᠰᠤᠷᠠᠯᠲᠠ ᠦᠭᠡᠢ ᠳᠡᠭᠡᠭᠰᠢᠯᠡᠵᠦ ᠪᠠᠶᠢᠪᠠᠴᠤ᠂ ᠣᠳᠣᠬᠢ ᠱᠠᠲᠤᠨ ᠤ ᠬᠠᠤᠯᠢ ᠪᠠᠶᠢᠭᠠᠳ ᠵᠢᠷᠤᠮᠯᠠᠬᠤ ᠦᠭᠡᠢ᠂ ᠬᠠᠤᠯᠢ ᠬᠡᠷᠡᠭᠵᠢᠭᠦᠯᠦᠯᠲᠡ ᠨᠢ ᠴᠢᠩᠭ᠎ᠠ ᠪᠤᠰᠤ᠂ ᠲᠥᠷᠥ ᠶᠢᠨ ᠪᠣᠳᠣᠯᠭ᠎ᠠ ᠶᠢ ᠪᠠᠶᠢᠨ ᠳᠠᠬᠢᠨ ᠥᠭᠡᠷᠡᠴᠢᠯᠡᠬᠦ᠂ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤᠮᠳᠠᠬᠢ ︽JQK︾ ᠵᠡᠷᠭᠡ ᠠᠰᠠᠭᠤᠳᠠᠯ ᠨᠢ ᠳᠠᠬᠢᠨ ᠳᠠᠪᠲᠠᠨ ᠡᠭᠦᠰᠴᠦ᠂ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠪᠠ ᠣᠯᠠᠨ ᠨᠡᠶᠢᠲᠡ ᠶᠢᠨ ᠦᠢᠯᠡᠴᠢᠯᠡᠭᠡ ᠶᠢᠨ ᠦᠷ᠎ᠡ ᠪᠦᠲᠦᠮᠵᠢ ᠶᠢ ᠪᠠᠭᠤᠷᠠᠭᠤᠯᠵᠤ ᠪᠠᠶᠢᠬᠤ ᠪᠠᠷ ᠪᠠᠷᠠᠬᠤ ᠦᠭᠡᠢ᠂ ᠤᠯᠤᠰ ᠲᠥᠷᠥ ᠶᠢᠨ ᠠᠮᠢ ᠠᠬᠤᠢ ᠪᠠ ᠨᠡᠶᠢᠭᠡᠮ ᠤᠨ ᠬᠡᠪ ᠰᠤᠷᠲᠠᠯ ᠢ ᠢᠯᠵᠠᠷᠠᠭᠤᠯᠤᠨ ᠮᠠᠭᠤᠳᠠᠭᠤᠯᠵᠤ ᠪᠠᠶᠢᠨ᠎ᠠ᠃ ᠡᠭᠦᠨ ᠳᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠣᠷᠣᠨ ᠤ ᠦᠵᠥ ᠲᠥᠯᠥᠪᠯᠡᠭᠡ ᠶᠢᠨ ᠠᠴᠢ ᠬᠤᠯᠪᠣᠭᠳᠠᠯ ᠪᠦᠬᠦᠢ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠬᠦᠷᠢᠶ᠎ᠡ ᠴᠠᠷᠠᠭᠠᠨ ᠳᠠᠬᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠡᠭᠦᠨ ᠠᠴᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠠᠬᠢ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠣᠯ ᠪᠣᠯᠬᠤ ᠬᠦᠷᠢᠶ᠎ᠡ ᠴᠠᠷᠠᠭ᠎ᠠ ᠪᠠ ᠴᠢᠬᠤᠯᠠ ᠵᠠᠩᠭᠢᠶᠠᠰᠤ ᠶᠢ ᠪᠦᠬᠦ ᠲᠠᠯ᠎ᠠ ᠪᠠᠷ ᠲᠥᠯᠥᠪᠵᠢᠭᠦᠯᠬᠦ ᠨᠢ ᠮᠠᠰᠢ ᠲᠤᠯᠭᠠᠮ᠎ᠠ ᠪᠠ ᠴᠢᠬᠤᠯᠠᠲᠠᠢ ᠪᠠᠶᠢᠳᠠᠭ᠃      ᠬᠥᠲᠥᠯᠥᠭᠴᠢ᠄      ᠮᠠᠨ ᠤ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠪᠦᠷ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠬᠦᠴᠦᠯᠡᠨ ᠠᠬᠢᠭᠤᠯᠵᠤ ᠪᠠᠶᠢᠨ᠎ᠠ᠃ ᠮᠠᠨ ᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠳᠦᠷᠢᠮ ᠲᠣᠭᠲᠠᠭᠠᠯ ᠨᠢ ᠠᠯᠬᠤᠮ ᠠᠯᠬᠤᠮ ᠢᠶᠠᠷ ᠲᠡᠭᠦᠯᠳᠡᠷᠵᠢᠵᠦ᠂ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠨ ᠬᠡᠷᠡᠭᠯᠡᠬᠦ ᠶᠢ ᠲᠠᠰᠤᠷᠠᠯᠲᠠ ᠦᠭᠡᠢ ᠥᠷᠭᠡᠳᠬᠡᠵᠦ᠂ ᠢᠲᠡᠭᠡᠮᠵᠢ ᠶᠢᠨ ᠬᠠᠮᠲᠤᠷᠠᠭᠰᠠᠨ ᠱᠠᠩᠨᠠᠯ ᠲᠣᠷᠭᠤᠭᠤᠯᠢ ᠶᠢ ᠡᠮᠬᠢ ᠵᠢᠷᠤᠮ ᠲᠠᠢ ᠥᠷᠨᠢᠭᠦᠯᠦᠨ᠂ ᠢᠲᠡᠭᠡᠮᠵᠢ ᠶᠢᠨ ᠦᠢᠯᠡᠴᠢᠯᠡᠭᠡ ᠶᠢᠨ ᠵᠠᠬ᠎ᠠ ᠳᠡᠯᠭᠡᠭᠦᠷ ᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠮᠠᠨ ᠤ ᠣᠷᠣᠨ ᠤ ᠰᠠᠶᠢᠨ ᠰᠠᠶᠢᠬᠠᠨ ᠢᠲᠡᠭᠡᠮᠵᠢ ᠶᠢᠨ ᠣᠷᠴᠢᠨ ᠲᠣᠭᠤᠷᠢᠨ ᠢ ᠪᠣᠢ ᠪᠣᠯᠭᠠᠭᠰᠠᠨ ᠲᠤᠬᠠᠢ ᠣᠯᠠᠨ ᠤ ᠰᠡᠳᠬᠢᠯ ᠳᠤ ᠭᠦᠨᠵᠡᠭᠡᠢ ᠲᠥᠷᠥᠭᠳᠡᠯ ᠲᠠᠢ ᠪᠠᠶᠢᠳᠠᠭ᠃ ᠲᠡᠭᠡᠪᠡᠯ᠂ ᠲᠤᠰ ᠤᠳᠠᠭᠠᠨ ᠤ ᠨᠡᠶᠢᠲᠡᠯᠡᠭᠰᠡᠨ ︽ᠬᠡᠷᠡᠭᠵᠢᠭᠦᠯᠬᠦ ᠲᠥᠰᠥᠯ︾ ᠳᠤ ᠶᠠᠮᠠᠷ ᠶᠠᠮᠠᠷ ᠪᠣᠳᠣᠯᠬᠢᠯᠠᠯ ᠪᠠᠶᠢᠬᠤ ᠪᠣᠢ︖      ᠵᠠᠩ ᠭᠠᠩ᠄      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠳᠤ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠳᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠲᠡᠷᠢᠭᠦᠨ ᠪᠠᠶᠢᠷᠢᠨ ᠳᠤ ᠵᠢᠭᠰᠠᠭᠠᠬᠤ ᠬᠡᠷᠡᠭᠲᠡᠢ︾ ᠭᠡᠵᠦ ᠳᠤᠷᠠᠳᠴᠠᠢ᠃ ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠪᠠᠨ ︽ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶᠢᠷᠡᠭᠦᠯᠦᠨ᠂ ᠬᠢᠨᠠᠨ ᠬᠠᠮᠢᠶᠠᠷᠬᠤ ᠠᠷᠭ᠎ᠠ ᠬᠡᠯᠪᠡᠷᠢ ᠶᠢ ᠰᠢᠨᠡᠴᠢᠯᠡᠵᠦ᠂ ᠵᠠᠰᠠᠭ ᠤᠨ ᠣᠷᠳᠣᠨ ᠤ ᠨᠡᠶᠢᠲᠡ ᠶᠢ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ ᠴᠢᠩᠭᠠᠷᠠᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡ ᠶᠢᠨ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠢ︾ ᠭᠡᠵᠦ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠢᠲᠡᠭᠡᠮᠵᠢ ᠠᠯᠳᠠᠭᠰᠠᠨ ᠬᠡᠷᠡᠭᠵᠢᠭᠦᠯᠦᠭᠳᠡᠭᠴᠢ ᠳᠤ ᠢᠲᠡᠭᠡᠮᠵᠢ ᠶᠢᠨ ᠬᠢᠨᠠᠯᠲᠠ᠂ ᠰᠡᠷᠡᠮᠵᠢᠯᠡᠭᠦᠯᠦᠯ ᠪᠠ ᠵᠠᠯᠬᠠᠭᠠᠯ ᠰᠢᠢᠳᠬᠡᠯ ᠶᠠᠪᠤᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠰᠠᠨᠠᠯ︾ ᠳᠤ᠄ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠬᠢᠭᠡᠳ ᠢᠲᠡᠭᠡᠮᠵᠢ ᠠᠯᠳᠠᠭᠰᠠᠨ ᠠᠰᠠᠭᠤᠳᠠᠯ ᠢ ᠳᠥᠭᠦᠮ ᠬᠢᠯᠪᠠᠷ ᠢᠶᠠᠷ ᠵᠠᠰᠠᠭ ᠤᠨ ᠣᠷᠳᠣᠨ ᠵᠢᠴᠢ ᠠᠯᠪᠠᠨ ᠲᠤᠰᠢᠶᠠᠯᠲᠠᠳ ᠤᠨ ᠥᠯᠥ ᠬᠠᠷᠢᠭᠤᠴᠠᠨ ᠠᠵᠢᠯᠯᠠᠭᠰᠠᠨ᠂ ᠲᠤᠰᠢᠶᠠᠯ ᠳᠤ ᠪᠠᠨ ᠴᠠᠯᠠᠭᠠᠶᠢᠳᠠᠭᠰᠠᠨ ᠲᠠᠢ ᠠᠳᠠᠯᠢ ᠪᠠᠷ ᠦᠵᠡᠵᠦ ᠪᠣᠯᠬᠤ ᠦᠭᠡᠢ᠂ ᠨᠡᠩ ᠴᠤ ᠳᠠᠩ ᠴᠣᠯᠭᠤᠢ ᠪᠠᠷ ᠶᠣᠰᠣ ᠰᠤᠷᠲᠠᠬᠤᠨ ᠤ ᠳᠤᠲᠠᠭᠤᠳᠠᠯ ᠢᠶᠠᠷ ᠦᠵᠡᠵᠦ ᠪᠣᠯᠬᠤ ᠦᠭᠡᠢ᠂ ᠬᠠᠷᠢᠨ ᠳᠦᠷᠢᠮᠵᠢᠭᠦᠯᠬᠦ ᠬᠢᠭᠡᠳ ᠬᠠᠤᠯᠢ ᠪᠠᠷ ᠵᠠᠰᠠᠵᠢᠬᠤ ᠵᠠᠮ ᠢᠶᠠᠷ ᠰᠢᠯᠭᠠᠨ ᠦᠨᠡᠯᠡᠬᠦ ᠬᠡᠷᠡᠭᠲᠡᠢ ᠭᠡᠵᠦ ᠳᠤᠷᠠᠳᠴᠠᠢ᠃ ᠡᠶᠢᠮᠦ ᠠᠴᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠬᠤ ᠶᠢᠨ ᠲᠥᠯᠥᠭᠡ᠂ ᠮᠠᠨ ᠤ ᠣᠷᠣᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠠᠵᠢᠯ ᠲᠠᠢ ᠤᠶᠠᠯᠳᠤᠭᠤᠯᠵᠤ᠂ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠢ ᠲᠣᠭᠲᠠᠭᠠᠪᠠ᠃ ︽ᠬᠡᠷᠡᠭᠵᠢᠭᠦᠯᠬᠦ ᠲᠥᠰᠥᠯ︾ ᠨᠢ ᠮᠠᠨ ᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠤ ᠬᠠᠮᠲᠤ ᠂ ᠭᠤᠷᠪᠠᠨ ᠵᠦᠢᠯ ᠤᠨ ᠭᠤᠣᠯ ᠡᠭᠦᠷᠭᠡ ᠶᠢ ᠲᠣᠳᠣᠷᠬᠠᠶᠢᠯᠠᠪᠠ᠄ ᠨᠢᠭᠡ ᠳᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠂ ᠢᠯᠡ ᠪᠠᠷ ᠵᠠᠰᠠᠭ ᠶᠠᠪᠤᠭᠤᠯᠬᠤ ᠪᠠᠷ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠴᠢᠬᠤᠯᠠ ᠠᠷᠭ᠎ᠠ ᠪᠠᠷᠢᠯ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ ︔ ᠬᠤᠶᠠᠷ ᠲᠤ᠂ ᠵᠠᠰᠠᠭ ᠤᠨ ᠶᠠᠪᠤᠳᠠᠯ ᠤᠨ ᠬᠦᠷᠢᠶ᠎ᠡ ᠴᠠᠷᠠᠭᠠᠨ ᠳᠤ ᠢᠲᠡᠭᠡᠮᠵᠢ ᠠᠯᠳᠠᠭᠰᠠᠨ ᠲᠡᠮᠳᠡᠭᠯᠡᠯ ᠢ ᠪᠠᠶᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠰᠢᠢᠳᠬᠡᠬᠦ ᠠᠷᠭ᠎ᠠ ᠬᠡᠮᠵᠢᠶ᠎ᠡ ᠪᠠᠷ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠬᠢᠨᠠᠨ ᠵᠢᠯᠣᠭᠤᠳᠤᠯᠭ᠎ᠠ ᠪᠠ ᠰᠢᠯᠭᠠᠨ ᠦᠨᠡᠯᠡᠯᠲᠡ ᠶᠢ ᠴᠢᠩᠭᠠᠳᠬᠠᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢᠲᠡᠢ ᠪᠠᠷ ᠵᠠᠰᠠᠭ ᠶᠠᠪᠤᠭᠤᠯᠬᠤ ᠬᠢᠷᠢ ᠲᠦᠪᠰᠢᠨ ᠪᠠ ᠠᠯᠪᠠᠲᠠᠨ ᠤ ᠡᠩᠨᠡᠭᠡ ᠶᠢᠨ ᠦᠨᠡᠨᠴᠢ ᠢᠲᠡᠭᠡᠮᠵᠢᠲᠡᠢ ᠪᠠᠷ ᠡᠭᠦᠷᠭᠡ ᠭᠦᠢᠴᠡᠳᠬᠡᠬᠦ ᠦᠵᠡᠯ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︔ ᠭᠤᠷᠪᠠ ᠳᠤ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ᠂ ᠵᠠᠬ᠎ᠠ ᠳᠡᠯᠭᠡᠭᠦᠷ ᠤᠨ ᠡᠷᠬᠡ ᠲᠡᠭᠰᠢ ᠶᠢ ᠬᠤᠬᠢᠷᠠᠭᠤᠯᠬᠤ ᠵᠡᠷᠭᠡ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠠᠵᠢᠯᠯᠠᠭ᠎ᠠ ᠪᠠᠷ ᠵᠠᠰᠠᠯᠲᠠ ᠬᠢᠬᠦ ᠭᠤᠣᠯᠳᠠᠯᠭ᠎ᠠ ᠪᠣᠯᠭᠠᠵᠤ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠡᠨᠡ ᠭᠤᠷᠪᠠᠨ ᠵᠦᠢᠯ ᠤᠨ ᠭᠤᠣᠯᠳᠠᠯᠭᠠᠲᠤ ᠡᠭᠦᠷᠭᠡ ᠶᠢ ᠳᠤᠷᠠᠳᠤᠭᠰᠠᠨ ᠨᠢ ᠮᠠᠨ ᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠯᠬᠤᠴᠠ ᠶᠢ ᠬᠦᠴᠦᠲᠡᠢ ᠠᠬᠢᠭᠤᠯᠬᠤ ᠪᠣᠯᠣᠨ᠎ᠠ᠃      ᠬᠥᠲᠥᠯᠥᠭᠴᠢ᠄      ᠳᠡᠭᠡᠷ᠎ᠡ ᠶᠠᠷᠢᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠮᠠᠨ ᠤ ᠣᠷᠣᠨ ᠬᠡᠷᠬᠢᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠪᠠᠶᠢᠭᠤᠯᠵᠤ᠂ ᠶᠠᠮᠠᠷ ᠶᠠᠮᠠᠷ ᠪᠣᠳᠠᠲᠠᠢ ᠠᠵᠢᠯ ᠢ ᠥᠷᠨᠢᠭᠦᠯᠬᠦ ᠪᠠᠷ ᠪᠠᠶᠢᠭ᠎ᠠ ᠶᠢ ᠵᠠᠩ ᠡᠷᠬᠢᠯᠡᠭᠴᠢ ᠲᠠ ᠶᠠᠷᠢᠭᠠᠳ ᠥᠭᠭᠦᠨ᠎ᠡ ᠦᠦ︖      ᠵᠠᠩ ᠭᠠᠩ᠄      ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠳᠤᠮᠳᠠᠬᠢ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠵᠠᠰᠠᠭ ᠤᠨ ᠣᠷᠳᠣᠨ ᠤ ᠨᠡᠶᠢᠲᠡ ᠶᠢ ᠢᠲᠡᠭᠡᠭᠦᠯᠬᠦ ᠬᠦᠴᠦᠨ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠶᠢᠨ ᠲᠥᠯᠥᠭᠡ᠂ ᠪᠢᠳᠡ ᠳᠥᠷᠪᠡᠨ ᠲᠠᠯ᠎ᠠ ᠪᠠᠷ ᠪᠣᠳᠠᠲᠠᠢ ᠠᠵᠢᠯ ᠤᠨ ᠡᠭᠦᠷᠭᠡ ᠶᠢ ᠪᠠᠶᠢᠷᠢᠯᠠᠭᠤᠯᠪᠠ᠃ ᠨᠢᠭᠡ ᠳᠤ᠂ ᠵᠠᠰᠠᠭ ᠤᠨ ᠶᠠᠪᠤᠳᠠᠯ ᠤᠨ ᠭᠤᠣᠯ ᠴᠣᠭᠴᠠ ᠶᠢᠨ ᠦᠨᠡᠨᠴᠢ ᠢᠲᠡᠭᠡᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠡᠭᠦᠨ ᠳᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠶᠠᠪᠤᠴᠠ ᠶᠢ ᠢᠯᠡ ᠪᠣᠯᠭᠠᠬᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠪᠡᠯᠡ ᠣᠷᠤᠯᠠᠭᠤᠯᠤᠯᠲᠠ ᠶᠢ ᠬᠢᠨᠠᠨ ᠵᠥᠪᠰᠢᠶᠡᠷᠡᠬᠦ ᠳᠦᠷᠢᠮ ᠢ ᠥᠭᠡᠷᠡᠴᠢᠯᠡᠬᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠠᠵᠢᠯᠯᠠᠭ᠎ᠠ ᠶᠢ ᠵᠢᠷᠤᠮᠵᠢᠭᠤᠯᠬᠤ᠂ ᠡᠯ᠎ᠡ ᠬᠦᠷᠢᠶ᠎ᠡ ᠴᠠᠷᠠᠭᠠᠨ ᠳᠤ ᠦᠨᠡᠨ ᠨᠡᠷ᠎ᠡ ᠪᠠᠷ ᠳᠠᠩᠰᠠᠯᠠᠭᠤᠯᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ ᠵᠡᠷᠭᠡ ᠪᠠᠭᠲᠠᠵᠤ ᠪᠠᠶᠢᠨ᠎ᠠ᠃ ᠬᠤᠶᠠᠷ ᠲᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠭᠤᠣᠯ ᠪᠣᠯᠬᠤ ᠠᠷᠭ᠎ᠠ ᠬᠡᠮᠵᠢᠶ᠎ᠡ ᠭᠡᠪᠡᠯ ︽ᠨᠢᠭᠡ ᠶᠢ ᠴᠢᠩᠭᠠᠳᠬᠠᠬᠤ︾ ᠪᠠ ︽ᠵᠢᠷᠭᠤᠭ᠎ᠠ ᠶᠢ ᠪᠠᠶᠢᠭᠤᠯᠬᠤ︾᠂ ᠲᠤᠬᠠᠶᠢᠯᠠᠪᠠᠯ ᠠᠯᠪᠠᠲᠠᠨ ᠤ ᠦᠨᠡᠨᠴᠢ ᠢᠲᠡᠭᠡᠮᠵᠢ ᠶᠢᠨ ᠬᠥᠮᠥᠵᠢᠯ ᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠢ ᠪᠠᠶᠢᠭᠤᠯᠬᠤ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠢ ᠴᠤᠭᠯᠠᠭᠤᠯᠤᠨ ᠨᠡᠶᠢᠯᠡᠭᠦᠯᠬᠦ ᠲᠣᠭᠲᠠᠴᠠ ᠶᠢ ᠪᠠᠶᠢᠭᠤᠯᠬᠤ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠢ ᠮᠡᠳᠡᠭᠦᠯᠦᠨ ᠳᠡᠪᠰᠢᠭᠦᠯᠬᠦ ᠲᠣᠭᠲᠠᠴᠠ ᠶᠢ ᠪᠠᠶᠢᠭᠤᠯᠬᠤ᠂ ᠢᠲᠡᠭᠡᠮᠵᠢ ᠶᠢ ᠪᠠᠷᠢᠮᠲᠠᠯᠠᠭᠰᠠᠳ ᠢ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠪᠠᠶᠢᠭᠤᠯᠬᠤ᠂ ᠢᠲᠡᠭᠡᠮᠵᠢ ᠠᠯᠳᠠᠭᠰᠠᠳ ᠢ ᠵᠠᠯᠬᠠᠭᠠᠨ ᠰᠢᠢᠳᠬᠡᠬᠦ ᠲᠣᠭᠲᠠᠴᠠ ᠶᠢ ᠪᠠᠶᠢᠭᠤᠯᠬᠤ᠂ ᠢᠲᠡᠭᠡᠮᠵᠢ ᠶᠢᠨ ᠡᠷᠬᠡ ᠠᠰᠢᠭ ᠢ ᠬᠠᠮᠠᠭᠠᠯᠠᠬᠤ ᠪᠠ ᠢᠲᠡᠭᠡᠮᠵᠢ ᠶᠢ ᠵᠠᠰᠠᠨ ᠰᠡᠷᠭᠦᠭᠡᠬᠦ ᠲᠣᠭᠲᠠᠴᠠ ᠶᠢ ᠪᠠᠶᠢᠭᠤᠯᠬᠤ ᠵᠡᠷᠭᠡ ᠪᠣᠯᠣᠨ᠎ᠠ᠃ ᠭᠤᠷᠪᠠ ᠳᠤ᠂ ᠭᠤᠣᠯ ᠪᠣᠯᠬᠤ ᠬᠦᠷᠢᠶ᠎ᠡ ᠴᠠᠷᠠᠭ᠎ᠠ ᠳᠠᠬᠢ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠪᠢᠳᠡ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠬᠡᠮᠵᠢᠶ᠎ᠡ ᠥᠨᠳᠥᠷ᠂ ᠠᠷᠠᠳ ᠣᠯᠠᠨ ᠤ ᠲᠤᠰᠬᠠᠯ ᠴᠢᠩᠭ᠎ᠠ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠬᠡᠷᠡᠭ ᠠᠮᠠᠷᠬᠠᠨ ᠡᠭᠦᠰᠴᠦ ᠣᠯᠠᠨ ᠡᠭᠦᠰᠳᠡᠭ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶ᠎ᠡ ᠴᠠᠷᠠᠭ᠎ᠠ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ᠂ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠬᠦᠷᠢᠶ᠎ᠡ ᠴᠠᠷᠠᠭ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠦᠷᠢᠶ᠎ᠡ ᠴᠠᠷᠠᠭ᠎ᠠ᠂ ᠵᠠᠰᠠᠭ ᠤᠨ ᠣᠷᠳᠣᠨ ᠤ ᠥᠷᠢ ᠥᠭᠴᠡᠭᠡᠨ ᠤ ᠬᠦᠷᠢᠶ᠎ᠡ ᠴᠠᠷᠠᠭ᠎ᠠ ᠪᠠ ᠵᠡᠭᠡᠯᠢ ᠭᠤᠳᠤᠮᠵᠢ ᠰᠢᠶᠠᠩ ᠪᠠᠯᠭᠠᠰᠤᠨ ᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠵᠡᠷᠭᠡ ᠵᠢᠷᠭᠤᠭᠠᠨ ᠬᠦᠷᠢᠶ᠎ᠡ ᠴᠠᠷᠠᠭᠠᠨ ᠳᠤ ᠭᠤᠣᠯᠳᠠᠯᠭ᠎ᠠ ᠲᠠᠢ ᠪᠠᠷ ᠠᠵᠢᠯ ᠤᠨ ᠲᠣᠬᠢᠷᠠᠭᠤᠯᠤᠯᠲᠠ ᠬᠢᠪᠡ᠃ ᠡᠭᠦᠨ ᠳᠤ ᠢᠲᠡᠭᠡᠮᠵᠢ ᠶᠢᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠬᠦ᠂ ᠵᠠᠰᠠᠭ ᠤᠨ ᠶᠠᠪᠤᠳᠠᠯ ᠤᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠬᠦ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠠᠶᠤᠯ ᠲᠦᠭᠰᠢᠭᠦᠷᠢ ᠶᠢ ᠪᠠᠭᠤᠷᠠᠭᠤᠯᠬᠤ ᠵᠡᠷᠭᠡ ᠪᠠᠭᠲᠠᠵᠤ ᠪᠠᠶᠢᠨ᠎ᠠ᠃ ᠳᠥᠷᠪᠡ ᠳᠤ᠂ ᠰᠢᠯᠭᠠᠨ ᠦᠨᠡᠯᠡᠵᠦ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠎ᠠ ᠃ ᠪᠢᠳᠡ ᠳᠡᠭᠡᠳᠦ ᠱᠠᠲᠤᠨ ᠤ ᠲᠤᠰᠬᠠᠢ ᠵᠦᠢᠯ ᠤᠨ ᠬᠢᠨᠠᠨ ᠵᠢᠯᠣᠭᠤᠳᠬᠤ ᠲᠣᠭᠲᠠᠴᠠ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠳᠤ ᠬᠥᠨᠳᠡᠯᠡᠨ ᠴᠢᠭᠯᠡᠯ ᠢᠶᠠᠷ ᠬᠢᠨᠠᠯᠲᠠ ᠲᠠᠯᠪᠢᠬᠤ ᠲᠣᠭᠲᠠᠴᠠ ᠪᠠ ᠭᠤᠷᠪᠠᠳᠠᠭᠴᠢ ᠡᠲᠡᠭᠡᠳ ᠤᠨ ᠨᠡᠶᠢᠭᠡᠮ ᠤᠨ ᠪᠠᠶᠢᠭᠤᠯᠤᠮᠵᠢ ᠶᠢᠨ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠡᠷᠴᠢᠮ ᠢ ᠪᠦᠬᠦ ᠲᠠᠯ᠎ᠠ ᠪᠠᠷ ᠴᠢᠩᠭᠠᠷᠠᠭᠤᠯᠤᠨ᠎ᠠ᠃ ᠬᠠᠤᠯᠢ ᠴᠠᠭᠠᠵᠠ ᠲᠣᠭᠲᠠᠭᠠᠯ ᠢ ᠵᠢᠷᠤᠮᠯᠠᠭᠰᠠᠨ ᠤᠷᠢᠳᠠᠯ ᠳᠣᠣᠷ᠎ᠠ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠠᠵᠢᠯᠯᠠᠭ᠎ᠠ ᠶᠢ ᠪᠣᠢ ᠪᠣᠯᠭᠠᠭᠰᠠᠨ ᠭᠤᠣᠯ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠵᠦ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠣᠷᠣᠰᠢᠵᠤ ᠪᠠᠶᠢᠭ᠎ᠠ ᠠᠯᠪᠠᠲᠠᠨ ᠳᠤ ᠰᠢᠯᠢᠳᠡᠭ ᠪᠠ ᠲᠡᠷᠢᠭᠦᠨ ᠤ ᠬᠢ ᠪᠠᠷ ᠦᠨᠡᠯᠡᠭᠳᠡᠬᠦ ᠶᠢ ᠬᠢᠵᠠᠭᠠᠷᠯᠠᠬᠤ ᠵᠡᠷᠭᠡ ᠰᠢᠢᠳᠪᠦᠷᠢᠯᠡᠬᠦ ᠠᠷᠭ᠎ᠠ ᠬᠡᠮᠵᠢᠶ᠎ᠡ ᠠᠪᠤᠨ᠎ᠠ      ᠬᠥᠲᠥᠯᠥᠭᠴᠢ᠄      ᠰᠠᠶ᠋ᠢᠬᠠᠨ ᠲᠠ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠠᠯᠪᠠᠲᠠᠨ ᠳᠤ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠢ ᠪᠠᠶᠢᠭᠤᠯᠬᠤ ᠬᠡᠷᠡᠭᠲᠡᠢ ᠭᠡᠵᠦ ᠳᠤᠷᠠᠳᠴᠠᠢ᠂ ᠲᠡᠭᠡᠪᠡᠯ ᠶᠠᠮᠠᠷ ᠶᠠᠮᠠᠷ ᠠᠵᠢᠯᠯᠠᠭ᠎ᠠ ᠨᠢ ᠢᠲᠡᠭᠡᠮᠵᠢ ᠠᠯᠳᠠᠭᠰᠠᠨ ᠲᠡᠮᠳᠡᠭᠯᠡᠯ ᠳᠤ ᠣᠷᠣᠬᠤ ᠪᠣᠢ︖ ᠢᠲᠡᠭᠡᠮᠵᠢ ᠠᠯᠳᠠᠭᠰᠠᠨ ᠲᠡᠮᠳᠡᠭᠯᠡᠯ ᠳᠤ ᠣᠷᠣᠭᠰᠠᠨ ᠤ ᠳᠠᠷᠠᠭ᠎ᠠ ᠵᠠᠰᠠᠨ ᠰᠡᠷᠭᠦᠭᠡᠬᠦ ᠠᠷᠭ᠎ᠠ ᠵᠠᠮ ᠪᠠᠶᠢᠨ᠎ᠠ ᠦᠦ︖      ᠵᠠᠩ ᠭᠠᠩ᠄      ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠳᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠠᠯᠪᠠᠲᠠᠨ ᠳᠤ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ ᠭᠡᠵᠦ ᠳᠤᠷᠠᠳᠤᠨ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠪᠣᠯ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠠᠯᠪᠠᠲᠠᠨ ᠤ ᠡᠭᠦᠷᠭᠡ ᠭᠦᠢᠴᠡᠳᠬᠡᠬᠦ ᠶᠠᠪᠤᠴᠠ ᠳᠤ᠂ ᠬᠠᠤᠯᠢ ᠴᠠᠭᠠᠵᠠ ᠲᠣᠭᠲᠠᠭᠠᠯ ᠢ ᠵᠥᠷᠢᠴᠡᠵᠦ᠂ ᠢᠲᠡᠭᠡᠮᠵᠢ ᠠᠯᠳᠠᠵᠤ ᠭᠡᠷ᠎ᠡ ᠶᠢ ᠵᠥᠷᠢᠴᠡᠭᠰᠡᠨ ᠠᠴᠠ ᠪᠣᠯᠵᠤ ᠣᠯᠣᠭᠰᠠᠨ ᠰᠢᠭᠦᠬᠦ ᠲᠢᠩᠬᠢᠮ ᠤᠨ ᠰᠢᠭᠦᠨ ᠲᠠᠰᠤᠯᠤᠯᠲᠠ᠂ ᠵᠠᠰᠠᠭ ᠵᠠᠬᠢᠷᠭᠠᠨ ᠤ ᠰᠢᠢᠳᠬᠡᠯ ᠲᠣᠷᠭᠤᠭᠤᠯᠢ᠂ ᠰᠠᠬᠢᠯᠭ᠎ᠠ ᠪᠠᠲᠤ ᠶᠢᠨ ᠰᠢᠢᠳᠬᠡᠯ᠂ ᠬᠠᠷᠢᠭᠤᠴᠠᠯᠭ᠎ᠠ ᠬᠡᠯᠡᠯᠴᠡᠬᠦ ᠰᠢᠢᠳᠬᠡᠯ ᠵᠡᠷᠭᠡ ᠳᠥᠷᠪᠡᠨ ᠶᠡᠭᠡ ᠲᠥᠷᠥᠯ ᠤᠨ ᠢᠲᠡᠭᠡᠮᠵᠢ ᠠᠯᠳᠠᠭᠰᠠᠨ ᠮᠡᠳᠡᠭᠡ ᠵᠠᠩᠭᠢ ᠪᠣᠯᠣᠨ᠎ᠠ ᠭᠡᠵᠦ ᠲᠣᠳᠣᠷᠬᠠᠢ ᠵᠠᠭᠠᠭ ᠬᠢᠵᠠᠭᠠᠷ ᠢ ᠲᠣᠭᠲᠠᠭᠠᠵᠠᠢ᠃ ᠪᠢᠳᠡ ᠡᠯ᠎ᠡ ᠲᠥᠷᠥᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠢ ᠡᠮᠬᠢᠯᠡᠨ ᠨᠡᠶᠢᠯᠡᠭᠦᠯᠬᠦ ᠶᠢᠨ ᠬᠠᠮᠲᠤ᠂ ᠬᠤᠯᠪᠣᠭᠳᠠᠯ ᠪᠦᠬᠦᠢ ᠲᠡᠮᠳᠡᠭᠯᠡᠯ ᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠴᠤᠭᠯᠠᠭᠤᠯᠤᠨ ᠨᠡᠶᠢᠯᠡᠭᠦᠯᠵᠦ᠂ ︽ᠢᠲᠡᠭᠡᠮᠵᠢᠲᠦ ᠥᠪᠥᠷ ᠮᠣᠩᠭᠤᠯ︾ ᠰᠦᠯᠵᠢᠶ᠎ᠡ ᠵᠡᠷᠭᠡ ᠵᠠᠭᠤᠴᠢᠯᠠᠭᠤᠷ ᠲᠤ ᠲᠦᠰᠢᠭᠯᠡᠨ ᠬᠠᠤᠯᠢ ᠴᠠᠭᠠᠵᠠ ᠲᠣᠭᠲᠠᠭᠠᠯ ᠶᠣᠰᠣᠭᠠᠷ ᠡᠯ᠎ᠡ ᠱᠠᠲᠤᠨ ᠤ ᠵᠠᠰᠠᠭ ᠤᠨ ᠣᠷᠳᠣᠨ ᠪᠠ ᠠᠯᠪᠠᠲᠠᠨ ᠤ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠢ ᠠᠯᠬᠤᠮ ᠠᠯᠬᠤᠮ ᠢᠶᠠᠷ ᠢᠯᠡ ᠪᠣᠯᠭᠠᠨ᠎ᠠ᠃ ᠡᠭᠦᠨ ᠤ ᠬᠠᠮᠲᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠠᠯᠪᠠᠲᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠪᠢᠳᠡ ᠠᠯᠳᠠᠭ᠎ᠠ ᠪᠠᠨ ᠥᠪᠡᠷ ᠢᠶᠠᠨ ᠵᠠᠯᠠᠷᠠᠭᠤᠯᠬᠤ᠂ ᠰᠠᠨᠠᠭᠠᠴᠢᠯᠠᠭ᠎ᠠ ᠠᠴᠠ ᠪᠠᠨ ᠥᠪᠡᠷ ᠢ ᠪᠠᠨ ᠰᠢᠨᠡᠳᠬᠡᠬᠦ ᠬᠠᠯᠠᠮᠵᠢᠯᠠᠨ ᠬᠠᠶᠢᠷᠠᠯᠠᠬᠤ ᠲᠣᠭᠲᠠᠴᠠ ᠪᠠ ᠠᠯᠪᠠᠲᠠᠨ ᠤ ᠢᠲᠡᠭᠡᠮᠵᠢ ᠶᠢᠨ ᠮᠡᠳᠡᠭᠡ ᠵᠠᠩᠭᠢ ᠳᠤ ᠣᠨᠳᠣᠣ ᠰᠠᠨᠠᠯ ᠳᠡᠪᠰᠢᠭᠦᠯᠬᠦ᠂ ᠵᠠᠭᠠᠯᠳᠤᠬᠤ ᠵᠡᠷᠭᠡ ᠳᠦᠷᠢᠮ ᠪᠠ ᠠᠯᠳᠠᠭ᠎ᠠ ᠪᠠᠨ ᠵᠠᠯᠠᠷᠠᠭᠤᠯᠬᠤ᠂ ᠵᠠᠰᠠᠨ ᠰᠡᠷᠭᠦᠭᠡᠬᠦ ᠵᠡᠷᠭᠡ ᠳᠦᠷᠢᠮ ᠢ ᠪᠠᠶᠢᠭᠤᠯᠵᠤ᠂ ᠠᠯᠪᠠᠲᠠᠨ ᠤ ᠢᠲᠡᠭᠡᠮᠵᠢ ᠠᠯᠳᠠᠭᠰᠠᠨ ᠲᠡᠮᠳᠡᠭᠯᠡᠯ ᠢ ᠵᠠᠰᠠᠨ ᠰᠡᠷᠭᠦᠭᠡᠬᠦ ᠠᠷᠭ᠎ᠠ ᠬᠡᠯᠪᠡᠷᠢ ᠪᠠ ᠠᠷᠭ᠎ᠠ ᠵᠠᠮ ᠢ ᠲᠣᠭᠲᠠᠭᠠᠨ᠎ᠠ᠃ ᠡᠭᠦᠨ ᠠᠴᠠ ᠭᠠᠳᠠᠨ᠎ᠠ᠂ ᠠᠯᠪᠠᠲᠠᠨ ᠤ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠠᠵᠢᠯᠯᠠᠭ᠎ᠠ ᠡᠭᠦᠰᠦᠭᠰᠡᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠬᠤᠬᠢᠷᠠᠯ ᠢ ᠡᠷᠭᠢᠭᠦᠯᠦᠨ ᠪᠤᠴᠠᠭᠠᠬᠤ᠂ ᠡᠷᠡᠭᠦᠯ ᠪᠤᠰᠤ ᠨᠥᠯᠥᠭᠡ ᠶᠢ ᠠᠷᠢᠯᠭᠠᠬᠤ ᠪᠤᠶᠤ ᠠᠶᠤᠯ ᠬᠥᠨᠥᠭᠡᠯᠲᠦ ᠦᠷ᠎ᠡ ᠳ᠋ᠦᠩ ᠡᠭᠦᠰᠬᠦ ᠶᠢ ᠪᠦᠲᠦᠮᠵᠢᠲᠡᠢ ᠬᠤᠷᠢᠭᠯᠠᠭᠰᠠᠳ ᠲᠤ᠂ ᠢᠲᠡᠭᠡᠮᠵᠢ ᠠᠯᠳᠠᠭᠰᠠᠨ ᠵᠠᠯᠬᠠᠭᠠᠯ ᠰᠢᠢᠳᠬᠡᠯ ᠠᠴᠠ ᠬᠡᠯᠲᠦᠷᠢᠭᠦᠯᠬᠦ ᠪᠤᠶᠤ ᠬᠥᠩᠭᠡᠨ ᠢᠶᠠᠷ ᠬᠡᠷᠡᠭᠵᠢᠭᠦᠯᠦᠨ᠎ᠡ᠃      ᠬᠥᠲᠥᠯᠥᠭᠴᠢ᠄      ᠲᠠᠨ ᠤ ᠬᠡᠯᠡᠭᠰᠡᠨ ᠮᠡᠲᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠣᠯ ᠵᠠᠰᠠᠭ ᠤᠨ ᠣᠷᠳᠣᠨ ᠤ ᠪᠣᠳᠠᠰᠯᠢᠭ ᠪᠤᠰᠤ ᠬᠥᠷᠥᠩᠭᠡ ᠪᠠᠶᠢᠵᠤ᠂ ᠨᠡᠶᠢᠭᠡᠮ ᠤᠨ ᠢᠲᠡᠭᠡᠮᠵᠢ ᠶᠢᠨ ᠴᠢᠬᠤᠯᠠ ᠡᠬᠢ ᠪᠠᠶᠠᠯᠢᠭ ᠪᠣᠯᠣᠨ᠎ᠠ᠃ ᠭᠡᠲᠡᠯ᠎ᠡ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠨᠢ ᠵᠠᠰᠠᠭ ᠤᠨ ᠣᠷᠳᠣᠨ ᠤ ᠪᠣᠢ ᠪᠦᠬᠦᠢ ᠰᠠᠯᠠᠭ᠎ᠠ ᠮᠥᠴᠢᠷ ᠲᠤ ᠬᠤᠯᠪᠣᠭᠳᠠᠵᠤ ᠪᠠᠶᠢᠳᠠᠭ ᠪᠣᠯᠬᠤᠷ᠂ ᠬᠡᠷᠬᠢᠨ ᠡᠯ᠎ᠡ ᠰᠠᠯᠠᠭ᠎ᠠ ᠮᠥᠴᠢᠷ ᠤᠨ ᠬᠤᠭᠤᠷᠣᠨᠳᠤᠬᠢ ᠠᠵᠢᠯ ᠤᠨ ᠬᠤᠪᠢᠶᠠᠷᠢᠯᠠᠯ ᠬᠠᠮᠲᠤᠷᠠᠯᠴᠠᠭ᠎ᠠ ᠶᠢ ᠵᠣᠬᠢᠴᠠᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠥᠨᠳᠥᠷ ᠦᠷ᠎ᠡ ᠪᠦᠲᠦᠮᠵᠢᠲᠡᠢ ᠠᠵᠢᠯᠯᠠᠭᠠᠨ ᠢ ᠪᠠᠲᠤᠯᠠᠬᠤ ᠶᠢᠨ ᠬᠠᠮᠲᠤ᠂ ᠡᠯ᠎ᠡ ᠭᠠᠵᠠᠷ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠥᠷᠨᠢᠯᠲᠡ ᠶᠢ ᠵᠢᠷᠤᠮᠵᠢᠭᠤᠯᠤᠨ᠂ ᠳᠦᠷᠢᠮ ᠤᠨ ᠬᠢᠨᠠᠯᠲᠠ ᠲᠠᠯᠪᠢᠨ ᠬᠢᠵᠠᠭᠠᠷᠯᠠᠬᠤ ᠦᠢᠯᠡᠳᠦᠯ ᠢ ᠪᠠᠳᠠᠷᠠᠭᠤᠯᠬᠤ ᠪᠣᠢ︖      ᠵᠠᠩ ᠭᠠᠩ᠄      ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠠᠵᠢᠯ ᠤᠨ ᠵᠣᠬᠢᠴᠠᠭᠤᠯᠭ᠎ᠠ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠨᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠳᠤ ᠭᠤᠣᠯᠳᠠᠯᠭᠠᠲᠤ ᠡᠭᠦᠷᠭᠡ ᠶᠢᠨ ᠠᠵᠢᠯ ᠤᠨ ᠬᠤᠪᠢᠶᠠᠷᠢᠯᠠᠯ ᠬᠢᠭᠡᠳ ᠠᠬᠢᠴᠠ ᠶᠢᠨ ᠲᠣᠬᠢᠷᠠᠭᠤᠯᠤᠯᠲᠠ ᠬᠢᠪᠡ᠃ ᠡᠭᠦᠨ ᠤ ᠬᠠᠮᠲᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠤᠬᠢ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠢ ᠥᠷᠨᠢᠭᠦᠯᠬᠦ ᠶᠢ ᠠᠬᠢᠭᠤᠯᠤᠨ᠎ᠠ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠳᠤ ᠳᠡᠭᠡᠳᠦ ᠱᠠᠲᠤᠨ ᠤ ᠲᠤᠰᠬᠠᠢ ᠵᠦᠢᠯ ᠤᠨ ᠬᠢᠨᠠᠨ ᠵᠢᠯᠣᠭᠤᠳᠬᠤ ᠲᠣᠭᠲᠠᠴᠠ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠳᠤ ᠬᠥᠨᠳᠡᠯᠡᠨ ᠴᠢᠭᠯᠡᠯ ᠢᠶᠠᠷ ᠬᠢᠨᠠᠯᠲᠠ ᠲᠠᠯᠪᠢᠬᠤ ᠲᠣᠭᠲᠠᠴᠠ ᠪᠠ ᠭᠤᠷᠪᠠᠳᠠᠭᠴᠢ ᠲᠠᠯ᠎ᠠ ᠶᠢᠨ ᠨᠡᠶᠢᠭᠡᠮ ᠤᠨ ᠪᠠᠶᠢᠭᠤᠯᠤᠮᠵᠢ ᠶᠢᠨ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠡᠷᠴᠢᠮ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠭᠡᠵᠦ ᠲᠣᠳᠣᠷᠬᠠᠶᠢᠯᠠᠪᠠ᠃ ᠬᠠᠤᠯᠢ ᠴᠠᠭᠠᠵᠠ ᠲᠣᠭᠲᠠᠭᠠᠯ ᠢ ᠵᠢᠷᠤᠮᠯᠠᠭᠰᠠᠨ ᠤᠷᠢᠳᠠᠯ ᠳᠣᠣᠷ᠎ᠠ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠠᠵᠢᠯᠯᠠᠭ᠎ᠠ ᠶᠢ ᠪᠣᠢ ᠪᠣᠯᠭᠠᠭᠰᠠᠨ ᠭᠤᠣᠯ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠵᠦ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠣᠷᠣᠰᠢᠵᠤ ᠪᠠᠶᠢᠭ᠎ᠠ ᠠᠯᠪᠠᠲᠠᠨ ᠳᠤ ᠰᠢᠯᠢᠳᠡᠭ ᠪᠠ ᠲᠡᠷᠢᠭᠦᠨ ᠤ ᠬᠢ ᠪᠠᠷ ᠦᠨᠡᠯᠡᠭᠳᠡᠬᠦ ᠶᠢ ᠬᠢᠵᠠᠭᠠᠷᠯᠠᠬᠤ ᠵᠡᠷᠭᠡ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ︽ᠬᠥᠮᠥᠨ ᠪᠦᠬᠦᠨ ᠲᠡᠮᠳᠡᠭᠯᠡᠯ ᠲᠠᠢ᠂ ᠬᠥᠮᠥᠨ ᠪᠦᠬᠦᠨ ᠬᠠᠷᠢᠭᠤᠴᠠᠯᠭ᠎ᠠ ᠲᠠᠢ︾ ᠪᠠᠶᠢᠬᠤ ᠶᠢ ᠦᠨᠡᠨ ᠬᠦ ᠭᠦᠢᠴᠡᠳᠬᠡᠨ᠎ᠡ᠃ ᠪᠢᠳᠡ ᠪᠠᠰᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠦᠨᠡᠯᠡᠬᠦ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠲᠠᠰᠤᠭ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠤ ᠰᠢᠯᠭᠠᠨ ᠬᠢᠨᠠᠯᠲᠠ ᠪᠠ ᠬᠢᠨᠠᠨ ᠪᠠᠶᠢᠴᠠᠭᠠᠯᠲᠠ ᠬᠢᠬᠦ ᠶᠢᠨ ᠬᠠᠮᠲᠤ᠂ ᠰᠢᠯᠭᠠᠨ ᠬᠢᠨᠠᠭᠰᠠᠨ ᠦᠷ᠎ᠡ ᠳ᠋ᠦᠩ ᠢ ᠠᠶᠢᠮᠠᠭ ᠬᠤᠲᠠ ᠲᠢᠩᠬᠢᠮ ᠲᠣᠪᠴᠢᠶ᠎ᠠ ᠶᠢᠨ ᠤᠳᠤᠷᠢᠳᠬᠤ ᠪᠠᠭ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠦᠷᠢᠶ᠎ᠡ ᠬᠡᠪᠴᠢᠶᠡᠨ ᠳᠤ ᠣᠷᠣᠭᠤᠯᠵᠤ᠂ ᠠᠵᠢᠯ ᠤᠨ ᠥᠷᠨᠢᠯᠲᠡ ᠶᠢ ᠤᠯᠠᠮ ᠴᠢᠨᠠᠭᠰᠢᠳᠠ ᠠᠬᠢᠭᠤᠯᠤᠨ᠎ᠠ᠃      ᠬᠥᠲᠥᠯᠥᠭᠴᠢ᠄      ᠰᠠᠶ᠋ᠢᠬᠠᠨ ᠲᠠᠨ ᠤ ᠲᠠᠨᠢᠯᠴᠠᠭᠤᠯᠭ᠎ᠠ ᠪᠠᠷ ᠳᠠᠮᠵᠢᠭᠤᠯᠵᠤ᠂ ᠮᠠᠨ ᠤ ᠣᠷᠣᠨ ᠤ ᠦᠷ᠎ᠡ ᠪᠦᠲᠦᠮᠵᠢ ᠲᠠᠢ᠂ ᠢᠯᠡ ᠲᠣᠳᠣ᠂ ᠦᠨᠡᠨᠴᠢ ᠢᠲᠡᠭᠡᠮᠵᠢᠲᠡᠢ ᠵᠠᠰᠠᠭ ᠵᠠᠬᠢᠷᠭᠠᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠬᠤ ᠳᠤ ᠪᠢᠳᠡ ᠢᠲᠡᠭᠡᠯ ᠳᠦᠭᠦᠷᠡᠩ ᠪᠣᠯᠵᠠᠢ᠃ ᠲᠡᠭᠡᠪᠡᠯ ᠮᠠᠨ ᠤ ᠣᠷᠣᠨ ᠣᠳᠣᠬᠠᠨ ᠳᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠨᠢᠭᠡᠨᠲᠡ ᠶᠠᠮᠠᠷ ᠶᠠᠮᠠᠷ ᠠᠵᠢᠯ ᠥᠷᠨᠢᠭᠦᠯᠦᠭᠰᠡᠨ ᠪᠣᠢ︖ ᠡᠭᠦᠨ ᠠᠴᠠ ᠬᠤᠶᠢᠰᠢᠳᠠ ᠶᠢᠨ ᠠᠵᠢᠯ ᠳᠤ ᠲᠠ ᠶᠠᠮᠠᠷ ᠶᠠᠮᠠᠷ ᠪᠣᠳᠣᠯᠬᠢᠯᠠᠯ ᠪᠠᠶᠢᠬᠤ ᠪᠣᠢ︖      ᠵᠠᠩ ᠭᠠᠩ᠄      2016 ᠣᠨ ᠠᠴᠠ ᠡᠬᠢᠯᠡᠨ᠂ ᠮᠠᠨ ᠤ ᠣᠷᠣᠨ ᠳᠠᠷᠤᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠵᠦᠢᠯᠡᠰ ᠢ ᠬᠦᠴᠦᠯᠡᠨ ᠠᠬᠢᠭᠤᠯᠬᠤ ᠶᠠᠪᠤᠴᠠ ᠳᠤ ᠢᠲᠡᠭᠡᠮᠵᠢ ᠶᠢᠨ ᠲᠡᠮᠳᠡᠭᠯᠡᠯ ᠪᠠ ᠢᠲᠡᠭᠡᠮᠵᠢ ᠶᠢᠨ ᠮᠡᠳᠡᠭᠦᠯᠦᠯᠲᠡ ᠵᠡᠷᠭᠡ ᠢᠲᠡᠭᠡᠮᠵᠢ ᠶᠢᠨ ᠨᠡᠷᠡᠳᠬᠦᠨ ᠢ ᠬᠡᠷᠡᠭᠯᠡᠭᠰᠡᠨ ᠤ ᠬᠠᠮᠲᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶᠠᠷᠤᠯᠲᠠ᠂ ᠺᠠᠳ᠋ᠷ ᠢ ᠰᠢᠯᠢᠵᠦ ᠬᠡᠷᠡᠭᠯᠡᠬᠦ ᠪᠠ ᠬᠢᠨᠠᠨ ᠬᠠᠮᠢᠶᠠᠷᠬᠤ᠂ ᠵᠠᠰᠠᠭ ᠤᠨ ᠣᠷᠳᠣᠨ ᠤ ᠪᠡᠯᠡ ᠮᠥᠩᠭᠦ ᠶᠢᠨ ᠳᠡᠮᠵᠢᠯᠭᠡ ᠶᠢ ᠭᠤᠶᠤᠴᠢᠯᠠᠬᠤ᠂ ᠮᠥᠩᠭᠦᠨ ᠭᠦᠢᠯᠭᠡᠭᠡ ᠵᠡᠷᠭᠡ ᠬᠦᠷᠢᠶ᠎ᠡ ᠴᠠᠷᠠᠭ᠎ᠠ ᠳᠤ᠂ ᠢᠲᠡᠭᠡᠮᠵᠢ ᠶᠢᠨ ᠮᠡᠳᠡᠭᠡ ᠵᠠᠩᠭᠢ ᠪᠠ ᠢᠲᠡᠭᠡᠮᠵᠢ ᠶᠢᠨ ᠨᠡᠷᠡᠳᠬᠦᠨ ᠢ ᠤᠷᠢᠳ ᠢᠶᠠᠷ ᠬᠡᠷᠡᠭᠯᠡᠵᠦ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠬᠢᠷᠢ ᠲᠦᠪᠰᠢᠨ ᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠢᠲᠡᠭᠡᠮᠵᠢ ᠶᠢᠨ ᠮᠡᠳᠡᠭᠡ ᠵᠠᠩᠭᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠵᠦᠢᠯᠡᠰ ᠳᠤᠮᠳᠠᠬᠢ ᠥᠷᠭᠡᠨ ᠳᠡᠯᠭᠡᠷ ᠬᠡᠷᠡᠭᠯᠡᠭᠡ ᠶᠢ ᠤᠯᠠᠮ ᠴᠢᠨᠠᠭᠰᠢᠳᠠ ᠠᠬᠢᠭᠤᠯᠬᠤ ᠶᠢᠨ ᠲᠥᠯᠥᠭᠡ᠂ ᠪᠢᠳᠡ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠬᠤ ᠡᠷᠴᠢᠮ ᠢ ᠴᠢᠩᠭᠠᠷᠠᠭᠤᠯᠤᠭᠰᠠᠨ ᠤ ᠬᠠᠮᠲᠤ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽ᠪᠡᠯᠡ ᠣᠷᠤᠯᠠᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠬᠢᠨᠠᠨ ᠬᠠᠮᠢᠶᠠᠷᠬᠤ ᠲᠠᠪᠴᠠᠩ︾᠂ ᠡᠳ᠋ ᠤᠨ ᠵᠠᠰᠠᠭ ᠤᠨ ᠲᠢᠩᠬᠢᠮ ᠤᠨ ︽ᠵᠠᠰᠠᠭ ᠤᠨ ᠣᠷᠳᠣᠨ ᠤ ᠬᠤᠳᠠᠯᠳᠤᠨ ᠠᠪᠬᠤ ᠰᠢᠰᠲ᠋ᠧᠮ︾᠂ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ︽ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢᠨ ᠲᠠᠪᠴᠠᠩ︾᠂ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ︽ᠪᠠᠩᠬᠢ ᠭᠠᠶᠢᠯᠢ ᠶᠢᠨ ᠦᠢᠯᠡᠳᠦᠯᠴᠡᠬᠦ ᠲᠠᠪᠴᠠᠩ︾᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ︽ᠵᠠᠰᠠᠮᠠᠯ ᠵᠠᠮ ᠤᠰᠤᠨ ᠵᠠᠮ ᠤᠨ ᠪᠠᠶᠢᠭᠤᠯᠤᠯᠲᠠ ᠬᠢᠭᠡᠳ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢᠨ ᠰᠢᠰᠲ᠋ᠧᠮ︾᠂ ᠥᠪᠥᠷ ᠮᠣᠩᠭᠤᠯ ᠤᠨ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠨᠡᠶᠢᠭᠡᠮᠯᠢᠭ ᠤᠨ ︽ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠡᠯᠧᠺᠳ᠋ᠷᠣᠨ ᠰᠢᠰᠲ᠋ᠧᠮ︾ ᠵᠡᠷᠭᠡ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠲᠠᠢ ᠵᠣᠯᠭᠠᠭᠤᠯᠬᠤ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠡᠯ᠎ᠡ ᠲᠥᠷᠥᠯ ᠤᠨ ᠵᠦᠢᠯᠡᠰ ᠢ ᠭᠤᠶᠤᠴᠢᠯᠠᠭᠴᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠠᠷᠭᠤᠭᠤᠯᠤᠨ ᠪᠠᠶᠢᠴᠠᠭᠠᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠶᠤᠯ ᠲᠦᠭᠰᠢᠭᠦᠷᠢ ᠶᠢ ᠪᠠᠭᠤᠷᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ᠃ 2017 ᠣᠨ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ ᠪᠠᠰᠠ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠢᠲᠡᠭᠡᠮᠵᠢ ᠠᠯᠳᠠᠭᠰᠠᠨ ᠠᠰᠠᠭᠤᠳᠠᠯ ᠳᠤ ᠵᠠᠰᠠᠯᠲᠠ ᠬᠢᠬᠦ ᠠᠵᠢᠯ ᠢ ᠢᠳᠡᠪᠬᠢᠲᠡᠢ ᠥᠷᠨᠢᠭᠦᠯᠵᠦ᠂ ᠮᠠᠨ ᠤ ᠣᠷᠣᠨ ᠳᠤ ᠬᠤᠯᠪᠣᠭᠳᠠᠭᠰᠠᠨ 71 ᠢᠲᠡᠭᠡᠮᠵᠢ ᠠᠯᠳᠠᠭᠰᠠᠨ ᠵᠠᠰᠠᠭ ᠤᠨ ᠣᠷᠳᠣᠨ ᠤ ᠪᠠᠶᠢᠭᠤᠯᠤᠮᠵᠢ ᠳᠤ ᠲᠤᠰᠬᠠᠢ ᠵᠦᠢᠯ ᠤᠨ ᠵᠠᠰᠠᠯᠲᠠ ᠬᠢᠵᠦ᠂ ᠦᠯᠡᠳᠡᠭᠡᠯ ᠢ ︽ᠪᠦᠬᠦᠨ ᠢ ᠦᠭᠡᠢ ᠪᠣᠯᠭᠠᠬᠤ︾ ᠶᠢ ᠪᠡᠶᠡᠯᠡᠭᠦᠯᠵᠦ᠂ ᠵᠠᠰᠠᠯᠲᠠ ᠬᠢᠬᠦ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠭᠰᠡᠨ ᠪᠠᠶᠢᠨ᠎ᠠ᠃            ᠵᠠᠩ ᠭᠠᠩ᠄      ᠡᠭᠦᠨ ᠤ ᠬᠠᠮᠲᠤ᠂ ᠪᠢᠳᠡ ᠪᠠᠰᠠ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯ ᠨᠢᠭᠡᠨ ᠵᠦᠢᠯ ᠤᠨ ᠰᠢᠰᠲ᠋ᠧᠮᠲᠦ ᠢᠨᠵᠧᠨᠧᠷᠢᠩ ᠪᠠᠶᠢᠵᠤ᠂ ᠥᠩᠭᠡᠨ ᠲᠠᠯ᠎ᠠ ᠪᠠ ᠦᠨᠳᠦᠰᠦᠨ ᠠᠴᠠ ᠨᠢ ᠵᠡᠷᠭᠡ ᠪᠠᠷ ᠵᠠᠰᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠤᠳᠠᠭᠠᠨ ᠳᠠᠭᠠᠭᠠᠮᠠᠭᠠᠢ ᠪᠠᠷ ᠪᠠᠷᠢᠮᠲᠠᠯᠠᠬᠤ ᠶᠢ ᠱᠠᠭᠠᠷᠳᠠᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠪᠢᠳᠡ ᠲᠤᠰ ᠤᠳᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠡᠶᠢᠲᠡᠯᠡᠭᠰᠡᠨ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠢᠶᠠᠷ ᠦᠨᠳᠦᠰᠦᠯᠡᠯ ᠪᠣᠯᠭᠠᠵᠤ᠂ ᠰᠠᠭᠤᠷᠢ ᠪᠠᠶᠢᠭᠤᠯᠤᠯᠲᠠ ᠶᠢ ᠴᠢᠩᠭᠠᠳᠬᠠᠨ᠂ ᠠᠵᠢᠯ ᠤᠨ ᠪᠠᠲᠤᠯᠠᠭ᠎ᠠ ᠶᠢ ᠰᠠᠶᠢᠲᠤᠷ ᠬᠢᠵᠦ᠂ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠡᠭᠦᠷᠭᠡ ᠶᠢ ᠪᠣᠳᠠᠲᠠᠢ ᠲᠣᠬᠢᠷᠠᠭᠤᠯᠬᠤ ᠪᠠᠷ ᠳᠠᠮᠵᠢᠭᠤᠯᠤᠨ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠦᠨᠡᠨ ᠬᠦ ᠠᠬᠢᠭᠤᠯᠤᠨ᠎ᠠ᠃ ᠡᠭᠦᠨ ᠤ ᠬᠠᠮᠲᠤ᠂ ᠪᠢᠳᠡ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠷᠠᠳᠢᠣ᠋᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠵᠠᠭᠤᠴᠢᠯᠠᠭᠤᠷ ᠢ ᠢᠳᠡᠪᠬᠢᠲᠡᠢ ᠠᠰᠢᠭᠯᠠᠨ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠠᠬᠢᠴᠠ ᠪᠠ ᠦᠷ᠎ᠡ ᠪᠦᠲᠦᠭᠡᠯ ᠢ ᠶᠡᠭᠡ ᠪᠠᠷ ᠤᠬᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠥᠷᠭᠡᠨ ᠳᠡᠯᠭᠡᠷ ᠬᠢᠨᠠᠯᠲᠠ ᠶᠢ ᠬᠦᠯᠢᠶᠡᠨ᠎ᠡ᠃ ᠪᠢᠳᠡ ᠪᠦᠬᠦᠨ ᠤ ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠤᠯᠤᠨ᠂ ᠮᠠᠨ ᠤ ᠣᠷᠣᠨ ᠤ ᠦᠨᠡᠨᠴᠢ ᠢᠲᠡᠭᠡᠮᠵᠢ ᠶᠢᠨ ᠨᠡᠷ᠎ᠡ ᠶᠢᠨ ᠬᠠᠭᠤᠳᠠᠰᠤ ᠶᠢ ᠴᠣᠭᠴᠠᠯᠠᠨ ᠪᠦᠲᠦᠭᠡᠵᠦ᠂ ᠮᠠᠨ ᠤ ᠣᠷᠣᠨ ᠤ ᠡᠷᠬᠡ ᠲᠡᠭᠰᠢ ᠥᠨᠳᠥᠷ ᠪᠦᠲᠦᠮᠵᠢᠲᠡᠢ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠪᠠᠶᠢᠭᠤᠯᠬᠤ ᠳᠤ ᠬᠦᠴᠦᠨ ᠪᠦᠬᠦᠢ ᠬᠥᠳᠡᠯᠭᠡᠭᠴᠢ ᠬᠦᠴᠦᠨ ᠨᠡᠮᠡᠷᠢᠯᠡᠵᠦ᠂ ᠡᠬᠡ ᠤᠯᠤᠰ ᠤᠨ ᠤᠮᠠᠷᠠᠲᠤ ᠬᠢᠵᠠᠭᠠᠷ ᠤᠨ ᠰᠣᠳᠣᠨ ᠦᠵᠡᠮᠵᠢ ᠶᠢ ᠴᠣᠭᠴᠠᠯᠠᠨ ᠪᠠᠶᠢᠭᠤᠯᠬᠤ ᠳᠤ ᠪᠠᠶᠢᠪᠠᠰᠤ ᠵᠣᠬᠢᠬᠤ ᠬᠤᠪᠢ ᠨᠡᠮᠡᠷᠢ ᠪᠠᠨ ᠬᠠᠨᠳᠢᠪᠯᠠᠬᠤ ᠶᠢ ᠬᠦᠰᠡᠵᠦ ᠪᠠᠶᠢᠨ᠎ᠠ᠃      ᠬᠥᠲᠥᠯᠥᠭᠴᠢ᠄      ᠰᠠᠶᠢᠨ ᠪᠣᠯᠣᠯ᠎ᠠ᠂ ᠵᠠᠩ ᠡᠷᠬᠢᠯᠡᠭᠴᠢ ᠶᠢᠨ ᠭᠤᠶᠢᠳᠠ ᠰᠠᠶᠢᠬᠠᠨ ᠲᠠᠶᠢᠯᠤᠮᠵᠢ ᠳᠤ ᠪᠠᠶᠠᠷᠯᠠᠯ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠲᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ︕
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号