1— 6 ᠰᠠᠷ᠎ᠠ ᠳᠤ ᠬᠦᠬᠡᠬᠤᠲᠠ ᠶᠢᠨ ᠦᠴᠦᠸᠠᠨ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠠᠴᠠ《ᠪᠦᠷᠢᠨ ᠴᠢᠳᠠᠮᠵᠢᠲᠤ ᠺᠠᠷᠲ》 ᠳᠤ 19868.27 ᠲᠥᠮᠡᠨ ᠲᠥᠭᠦᠷᠢᠭ ᠤᠨ ᠡᠳ᠋ ᠤᠨ ᠵᠠᠰᠠᠭ ᠤᠨ ᠨᠥᠬᠦᠪᠦᠷᠢ ᠮᠥᠩᠭᠦ ᠪᠠᠭᠤᠯᠭᠠᠪᠠ
ᠨᠡᠶᠢᠲᠡᠯᠡᠭᠰᠡᠨ ᠴᠠᠭ᠄
2018/8/21
     1— 6 ᠰᠠᠷ᠎ᠠ ᠳᠤ᠂ ᠬᠦᠬᠡᠬᠤᠲᠠ ᠶᠢᠨ ᠦᠴᠦᠸᠠᠨ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠠᠴᠠ《ᠪᠦᠷᠢᠨ ᠴᠢᠳᠠᠮᠵᠢᠲᠤ ᠺᠠᠷᠲ》 ᠳᠤ 19868.27 ᠲᠥᠮᠡᠨ ᠲᠥᠭᠦᠷᠢᠭ ᠤᠨ ᠡᠳ᠋ ᠤᠨ ᠵᠠᠰᠠᠭ ᠤᠨ ᠨᠥᠬᠦᠪᠦᠷᠢ ᠮᠥᠩᠭᠦ ᠪᠠᠭᠤᠯᠭᠠᠪᠠ᠂ ᠠᠳᠠᠯᠢ ᠬᠤᠭᠤᠴᠠᠭᠠᠨ ᠤ ᠠᠴᠠ 1957.17 ᠲᠥᠮᠡᠨ ᠲᠥᠭᠦᠷᠢᠭ ᠨᠡᠮᠡᠭᠳᠡᠵᠤ᠂ 10.9% ᠪᠠᠷ ᠨᠡᠮᠡᠭᠳᠡᠪᠡ᠃ ᠨᠥᠬᠦᠪᠦᠷᠢ ᠮᠥᠩᠭᠦ ᠨᠢ 8 ᠬᠦᠷᠢᠶᠡᠨ ᠤ 37 ᠲᠥᠷᠦᠯ ᠤᠨ 44 ᠵᠦᠢᠯ ᠢ ᠬᠠᠮᠤᠷᠴᠤ᠂ ᠠᠰᠢᠭ ᠬᠦᠷᠲᠡᠭᠰᠡᠨ ᠨᠡᠶᠢᠲᠡ ᠲᠤᠭ᠎ᠠ 296467 ︵ᠤᠳᠠᠭ᠎ᠠ︶ ᠬᠦᠷᠪᠡ᠃ ᠡᠭᠦᠨ ᠳᠤ ᠨᠡᠶᠢᠭᠡᠮ ᠤᠨ ᠪᠠᠲᠤᠯᠠᠭ᠎ᠠ ᠶᠢᠨ ᠲᠥᠷᠦᠯ ᠤᠨ ᠨᠥᠬᠦᠪᠦᠷᠢ 38.66%᠂ ᠪᠥᠲᠦᠭᠡᠨ ᠪᠠᠶᠢᠭᠤᠯᠤᠯᠲᠠ ᠶᠢᠨ ᠲᠥᠷᠦᠯ ᠤᠨ ᠨᠥᠬᠦᠪᠦᠷᠢ 27.81%᠂ ᠲᠥᠯᠦᠪᠯᠡᠭᠡᠲᠤ ᠦᠷᠡᠵᠢᠯ ᠤᠨ ᠨᠥᠬᠦᠪᠦᠷᠢ 2.81%᠂ ᠰᠤᠷᠭᠠᠨ ᠬᠥᠮᠦᠵᠢᠯ ᠤᠨ ᠲᠥᠷᠦᠯ ᠤᠨ ᠨᠥᠬᠦᠪᠦᠷᠢ 0.21%᠂ ᠣᠢ ᠰᠢᠭᠤᠢ ᠶᠢᠨ ᠲᠥᠷᠦᠯ ᠤᠨ ᠨᠥᠬᠦᠪᠦᠷᠢ 19.75%᠂ ᠮᠠᠯ ᠠᠵᠤ ᠠᠬᠤᠢ ᠶᠢᠨ ᠲᠥᠷᠦᠯ ᠤᠨ ᠨᠥᠬᠦᠪᠦᠷᠢ 4.83%᠂ ᠲᠠᠷᠢᠶᠠᠯᠠᠩ ᠤᠨ ᠲᠥᠷᠦᠯ ᠤᠨ ᠨᠥᠬᠦᠪᠦᠷᠢ 2.42%᠂ ᠴᠠᠯᠢᠩ ᠤᠨ ᠨᠥᠬᠦᠪᠦᠷᠢ 3.51% ᠶᠢ ᠡᠵᠡᠯᠡᠨ᠎ᠡ᠃      ᠡᠳ᠋ ᠤᠨ ᠵᠠᠰᠠᠭ ᠤᠨ ᠨᠥᠬᠦᠪᠦᠷᠢ ᠶᠢ ᠴᠠᠭ ᠲᠤᠬᠠᠢ ᠳᠤ ᠨᠢ᠂ ᠭᠦᠢᠴᠡᠳ ᠪᠠᠭᠤᠯᠭᠠᠬᠤ ᠪᠠᠷ ᠳᠠᠮᠵᠢᠨ᠂ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠦ ᠶᠢᠨ ᠪᠣᠳᠤᠯᠭ᠎ᠠ ᠶᠢ ᠮᠠᠯᠴᠢᠨ ᠲᠠᠷᠢᠶᠠᠴᠢᠨ ᠤ ᠪᠡᠶ᠎ᠡ ᠳᠡᠭᠡᠷ᠎ᠡ ᠦᠨᠡᠨᠬᠦ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠬᠢᠷᠢ ᠲᠥᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠠᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号