ᠬᠦᠬᠡᠬᠤᠲᠠ ᠶᠢᠨ ᠦᠴᠦᠸᠠᠨ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠶᠢᠨ 2018 ᠣᠨ ᠤ ᠳᠡᠭᠡᠷ᠎ᠡ ᠬᠠᠭᠠᠰ ᠵᠢᠯ ᠤᠨ ᠪᠡᠯᠡ ᠤᠷᠤᠭᠤᠯᠤᠯᠲᠠ ᠶᠢᠨ ᠬᠢᠨᠠᠨ ᠲᠣᠭᠲᠠᠭᠠᠬᠤ ᠠᠵᠢᠯ ᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2018/8/23
     6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠦᠴᠦᠸᠠᠨ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠠᠴᠠ 9 ᠰᠢᠶᠠᠩ ᠪᠠᠯᠭᠠᠰᠤ ᠶᠢᠨ 208 ᠬᠡᠰᠡᠭ ︵ᠡᠭᠦᠨ ᠳᠤ 2015 ᠣᠨ ᠤ 37 ᠬᠡᠰᠡᠭ᠂ 2016 ᠣᠨ ᠤ 171 ᠬᠡᠰᠡᠭ︶᠂ ᠣᠢ ᠰᠢᠭᠤᠢ ᠶᠢᠨ ᠲᠣᠪᠴᠢᠶ᠎ᠠ ᠶᠢᠨ 12 ᠬᠡᠰᠡᠭ᠂ ᠤᠰᠤᠨ ᠤ ᠶᠠᠪᠤᠳᠠᠯ ᠤᠨ ᠲᠣᠪᠴᠢᠶ᠎ᠠ ᠶᠢᠨ 6 ᠬᠡᠰᠡᠭ ᠨᠡᠶᠢᠲᠡ 226 ᠬᠡᠰᠡᠭ ᠲᠤ ᠡᠳ᠋ ᠤᠨ ᠵᠠᠰᠠᠭ ᠤᠨ ᠴᠢᠨᠠᠷᠲᠠᠢ ᠪᠡᠯᠡ ᠣᠷᠤᠭᠤᠯᠤᠯᠲᠠ ᠶᠢᠨ ᠲᠥᠷᠦᠯ ᠵᠦᠢᠯ ᠤᠨ ᠳ᠋ᠦᠩᠨᠡᠨ ᠪᠣᠳᠤᠯᠲᠠ ᠬᠢᠨᠠᠨ ᠬᠠᠷᠭᠤᠭᠤᠯᠲᠠ ᠦᠷᠨᠢᠭᠦᠯᠪᠡ᠂ ᠣᠳᠣᠬᠠᠨ ᠳᠤ ᠢᠨᠵᠧᠨᠧᠷᠢᠩ ᠤᠨ ᠪᠣᠳᠠᠲᠤ ᠴᠣᠭᠴᠠ ᠶᠢᠨ ᠲᠥᠷᠦᠯ ᠵᠦᠢᠯ ᠢ ᠨᠢᠭᠡᠨᠲᠡ ᠬᠡᠷᠡᠭᠵᠢᠭᠦᠯᠵᠤ ᠳᠠᠭᠤᠰᠤᠭᠰᠠᠨ ᠮᠥᠷᠲᠡᠭᠡᠨ ᠲᠥᠷᠦᠯ ᠵᠦᠢᠯ ᠢ ᠭᠤᠣᠯᠯᠠᠨ ᠬᠠᠮᠢᠶᠠᠷᠬᠤ ᠪᠠᠶᠢᠭᠤᠯᠭ᠎ᠠ ᠶᠢᠨ ᠪᠠᠷᠢᠯᠭ᠎ᠠ ᠳᠠᠭᠤᠰᠤᠭᠠᠳ ᠰᠢᠯᠭᠠᠨ ᠠᠪᠬᠤ ︵ᠰᠢᠯᠭᠠᠨ ᠠᠪᠬᠤ ᠳᠤ ᠬᠢᠷᠢ ᠲᠡᠩᠴᠡᠪᠡ︶ ᠶᠢ ᠥᠩᠭᠡᠷᠡᠪᠡ᠃ 2017 ᠣᠨ ᠤ 6 ᠰᠠᠷ᠎ᠠ ᠶᠢᠨ 10 ᠤ ᠡᠳᠤᠷ ᠦᠨ᠎ᠡ ᠶᠢ ᠬᠢᠨᠠᠨ ᠪᠠᠶᠢᠴᠠᠭᠠᠬᠤ ᠠᠵᠢᠯ ᠵᠢᠩᠬᠢᠨᠢ ᠪᠠᠷ ᠡᠬᠢᠯᠡᠵᠤ᠂ 2018 ᠣᠨ ᠤ 6 ᠰᠠᠷ᠎ᠠ ᠶᠢᠨ15 ᠤ ᠡᠳᠤᠷ ᠪᠣᠯᠲᠠᠯ᠎ᠠ ᠦᠨ᠎ᠡ ᠶᠢ ᠬᠢᠨᠠᠨ ᠪᠠᠶᠢᠴᠠᠭᠠᠬᠤ ᠠᠵᠢᠯ ᠢ ᠦᠨᠳᠦᠰᠦᠨ ᠳᠤ ᠪᠠᠨ ᠪᠡᠶᠡᠯᠡᠭᠦᠯᠪᠡ᠃      ᠡᠭᠦᠨ ᠤ ᠳᠣᠲᠤᠷ᠎ᠠ᠂ ᠨᠡᠶᠢᠲᠡ ᠬᠢᠨᠠᠭᠤᠯᠬᠤ ᠪᠠᠷ ᠮᠡᠳᠡᠭᠦᠯᠦᠭᠰᠡᠨ ᠮᠥᠩᠭᠦ 299395.85 ᠲᠦᠮᠡᠨ ᠲᠥᠭᠦᠷᠢᠭ ᠪᠠᠶᠢᠵᠤ᠂ ᠬᠢᠨᠠᠨ ᠲᠣᠭᠲᠠᠭᠠᠭᠰᠠᠨ ᠮᠥᠩᠭᠦ 181381.75 ᠲᠥᠮᠡᠨ ᠲᠥᠭᠦᠷᠢᠭ ︵ᠠᠷᠪᠠᠨ ᠵᠦᠢᠯ ᠤᠨ ᠢᠨᠵᠧᠨᠧᠷᠢᠩ 124105.03 ᠲᠦᠮᠡᠨ ᠲᠥᠭᠦᠷᠢᠭ᠂ ᠦᠷᠭᠡᠳᠬᠡᠭᠰᠡᠨ ᠢᠨᠵᠧᠨᠧᠷᠢᠩ 57276.20 ᠲᠥᠮᠡᠨ ᠲᠥᠭᠦᠷᠢᠭ︶ ᠬᠢᠨᠠᠨ ᠬᠠᠰᠤᠭᠰᠠᠨ ᠮᠥᠩᠭᠦ 112567 ᠲᠥᠮᠡᠨ ᠲᠥᠭᠦᠷᠢᠭ᠂ ᠬᠢᠨᠠᠨ ᠬᠠᠰᠤᠭᠰᠠᠨ ᠨᠣᠷᠮ᠎ᠠ 36.27%᠂ ᠡᠭᠦᠨ ᠳᠤ ᠦᠨ᠎ᠡ ᠶᠢ ᠬᠢᠨᠠᠨ ᠪᠠᠶᠢᠴᠠᠭᠠᠬᠤ ᠮᠡᠳᠡᠭᠦᠯᠦᠯᠲᠡ 202 ︵ᠰᠢᠶᠠᠩ ᠪᠠᠯᠭᠠᠰᠤ 196 ᠬᠤᠪᠢ᠂ ᠤᠰᠤᠨ ᠠᠰᠢᠭᠯᠠᠯᠲᠠ ᠶᠢᠨ ᠲᠣᠪᠴᠢᠶ᠎ᠠ 6 ᠬᠤᠪᠢ︶ ᠬᠤᠪᠢ  ᠭᠠᠷᠭᠠᠵᠤ᠂ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢ 112567 ᠲᠥᠮᠡᠨ ᠲᠥᠭᠦᠷᠢᠭ ᠠᠷᠪᠢᠯᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号