ᠶᠢᠨ ᠴᠦᠨ ᠯᠢᠶᠠᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠤᠨ ᠤ 15 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ  ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/8/8
     ᠣᠶᠢᠷ᠎ᠠ ᠶᠢᠨ ᠡᠳᠤᠷ᠂ ᠰᠢᠶᠠᠨ ᠤ ᠳᠠᠷᠤᠭ᠎ᠠ ᠶᠢᠨ ᠴᠦᠨ ᠯᠢᠶᠠᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠤᠨ ᠤ 15 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠠᠴᠠ ᠰᠢᠤᠢ ᠲᠢᠶᠠᠨ ᠫᠢᠩ᠂ ᠢᠣᠢ ᠷᠦᠢ᠂ ᠸᠠᠩ ᠶᠤᠸᠠᠢ ᠾᠦᠩ᠂ ᠯᠢᠣᠢ ᡁᠢ ᠭᠠᠩ᠂ ᠷᠧᠨ ᠶᠠᠨ ᠰᠢᠶᠠᠩ᠂ ᠵᠠᠩ ᠵᠢᠶᠦ᠋ᠨ ᠵᠢᠶᠧ᠂ ᠴᠢᠶᠠᠨ ᠶᠠ ᠯᠢᠨ ᠬᠤᠷᠠᠯ ᠳᠤ ᠣᠷᠤᠯᠴᠠᠪᠠ᠃ ᠵᠠᠰᠠᠭ ᠤᠨ ᠣᠷᠳᠤᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠢᠴᠢ ᠡᠯ᠎ᠡ ᠰᠢᠶᠠᠩ ᠪᠠᠯᠭᠠᠰᠤ ᠶᠢᠨ ᠭᠤᠣᠯ ᠬᠠᠷᠢᠭᠤᠴᠠᠯᠭᠠᠲᠠᠨ ᠨᠥᠭᠦᠳ ᠬᠤᠷᠠᠯ ᠳᠤ ᠣᠷᠤᠯᠴᠠᠪᠠ᠃      ᠬᠤᠷᠠᠯ ᠠᠴᠠ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ《ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠨ ᠤ ᠢᠯᠠᠯᠲᠠ ᠶᠢ ᠣᠯᠬᠤ ᠭᠤᠷᠪᠠᠨ ᠵᠢᠯ ᠤᠨ ᠠᠵᠢᠯᠯᠠᠭ᠎ᠠ ᠶᠢᠨ ᠵᠢᠯᠤᠭᠤᠳᠬᠤ ᠰᠠᠨᠠᠯ ᠤᠨ ᠲᠤᠬᠠᠢ》ᠵᠢᠴᠢ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠪᠠ ᠲᠥᠷᠤ ᠶᠢᠨ ᠪᠠᠶᠢᠭᠤᠯᠭ᠎ᠠ ᠶᠢᠨ ᠨᠠᠮ ᠤᠨ ᠤᠯᠤᠰ ᠲᠥᠷᠦ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢ ᠳᠠᠮᠵᠢᠭᠤᠯᠤᠨ ᠰᠤᠷᠤᠯᠴᠠᠪᠠ︔ ᠲᠥᠷᠤ ᠶᠢᠨ ᠶᠠᠪᠤᠳᠠᠯ ᠤᠨ ᠬᠤᠷᠢᠶ᠎ᠠ ᠶᠢᠨ ᠶᠡᠭᠡ ᠱᠠᠯᠠᠪᠳᠠᠭᠤᠯᠤᠨ ᠪᠠᠶᠢᠴᠠᠭᠠᠯᠲᠠ ᠶᠢᠨ ᠬᠠᠮᠢᠶ᠎ᠠ ᠪᠦᠬᠦᠢ ᠬᠡᠷᠡᠭ ᠶᠠᠪᠤᠳᠠᠯ᠂ ᠪᠡᠭᠡᠵᠢᠩ ᠥᠪᠦᠷ ᠮᠤᠩᠭᠤᠯ ᠤᠨ ᠬᠤᠶᠠᠳᠤᠭᠠᠷ ᠪᠥᠯᠦᠭ ᠲᠥᠷᠦᠯ ᠵᠦᠢᠯ ᠢ ᠲᠣᠬᠢᠷᠠᠭᠤᠯᠬᠤ ᠬᠠᠮᠢᠶ᠎ᠠ ᠪᠥᠬᠦᠢ ᠬᠡᠷᠡᠭ ᠶᠠᠪᠤᠳᠠᠯ᠂《ᠦᠴᠦᠸᠠᠨ ᠰᠢᠶᠠᠨ ᠤ 2018 ᠣᠨ ᠤ ᠡᠷᠲᠡ ᠴᠢᠯᠦᠭᠡᠯᠡᠭᠳᠡᠭᠰᠡᠨ ᠣᠷᠤᠨ ᠤ ᠨᠢᠭᠡ ᠲᠤᠰᠬᠤᠨ ᠨᠢᠭᠡ ᠵᠦᠢᠯ ᠤᠨ ᠦᠢᠯᠡᠳᠬᠦᠨ》ᠲᠥᠷᠦᠯ ᠵᠦᠢᠯ ᠤᠨ ᠪᠥᠲᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠶᠢᠨ ᠲᠥᠰᠦᠯ ᠵᠢᠴᠢ ᠠᠯᠲᠠᠨ ᠭᠤᠷᠪᠠᠯᠵᠢᠨ ᠬᠤᠶᠢᠭ ᠨᠡᠶᠢᠭᠡᠮ ᠲᠣᠭᠤᠷᠢᠭ ᠤᠨ ᠢᠯᠴᠢ ᠶᠢᠨ ᠬᠦᠴᠦᠨ ᠤ ᠬᠤᠭᠤᠯᠠᠢ ᠶᠢᠨ ᠲᠣᠣᠷ ᠤᠨ ᠬᠠᠮᠢᠶ᠎ᠠ ᠪᠦᠬᠦᠢ ᠬᠡᠷᠡᠭ ᠶᠠᠪᠤᠳᠠᠯ ᠢ ᠰᠣᠳᠤᠯᠤᠨ ᠶᠠᠷᠢᠯᠴᠠᠪᠠ᠃      ᠬᠤᠷᠠᠯ ᠳᠡᠭᠡᠷ᠎ᠡ᠂ ᠶᠢᠨ ᠴᠦᠨ ᠯᠢᠶᠠᠩ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠨ ᠤ ᠢᠯᠠᠯᠲᠠ ᠶᠢ ᠲᠡᠮᠡᠴᠡᠨ ᠣᠯᠬᠤ ᠪᠣᠯ ᠲᠥᠪ ᠠᠴᠠ ᠶᠠᠳᠠᠭᠤ ᠬᠦᠴᠢᠷᠳᠡᠯᠲᠠᠢ ᠭᠠᠵᠠᠷ ᠣᠷᠤᠨ ᠳᠤ ᠳᠤᠷᠠᠳᠤᠭᠰᠠᠨ ᠱᠠᠭᠠᠷᠳᠠᠯᠭ᠎ᠠ ᠮᠦᠨ᠂ ᠲᠥᠪ ᠤᠨ《ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠨ ᠤ ᠢᠯᠠᠯᠲᠠ ᠶᠢ ᠣᠯᠬᠤ ᠭᠤᠷᠪᠠᠨ ᠵᠢᠯ ᠤᠨ ᠠᠵᠢᠯᠯᠠᠭ᠎ᠠ ᠶᠢᠨ ᠵᠢᠯᠤᠭᠤᠳᠬᠤ ᠰᠠᠨᠠᠯ ᠤᠨ ᠲᠤᠬᠠᠢ》ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠳᠣᠮᠳᠠ ᠢᠯᠡᠷᠡᠭᠦᠯᠦᠭᠰᠡᠨ ᠠᠰᠠᠭᠤᠳᠠᠯ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠦᠵᠡᠯ ᠰᠠᠨᠠᠭ᠎ᠠ ᠶᠢ ᠪᠠᠭᠲᠠᠭᠠᠵᠤ᠂ ᠵᠣᠭᠰᠤᠴᠠ ᠦᠨᠳᠦᠷ᠂ ᠠᠭᠤᠯᠭ᠎ᠠ ᠪᠠᠶᠠᠯᠢᠭ᠂ ᠶᠡᠷᠦᠩᠬᠡᠢ ᠱᠠᠭᠠᠷᠳᠠᠯᠭ᠎ᠠ᠂ ᠬᠠᠷᠠᠯᠲᠠ ᠡᠭᠦᠷᠭᠡ ᠪᠠᠶᠢᠬᠤ ᠪᠥᠭᠡᠳ ᠭᠤᠤᠯᠳᠠᠯᠭ᠎ᠠ ᠲᠠᠢ ᠠᠵᠢᠯ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠲᠠᠢ ᠪᠠᠶᠢᠵᠤ᠂ ᠪᠣᠳᠠᠲᠠᠢ ᠠᠷᠭ᠎ᠠ ᠠᠪᠴᠠᠯ ᠪᠠ ᠵᠠᠮ ᠱᠣᠭᠤᠮ ᠢ ᠪᠠᠭᠲᠠᠭᠠᠵᠤ᠂ ᠮᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠨ ᠤ ᠢᠯᠠᠯᠲᠠ ᠶᠢ ᠲᠡᠮᠡᠴᠡᠨ ᠣᠯᠬᠤ ᠳᠤ ᠴᠢᠭᠯᠡᠯ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠪᠥᠬᠦ ᠰᠢᠶᠠᠨ ᠤ ᠡᠯ᠎ᠡ ᠱᠠᠲᠤᠨ ᠤ ᠬᠢᠨ ᠦᠵᠡᠯ ᠰᠠᠨᠠᠭ᠎ᠠ ᠲᠠᠨᠢᠯᠲᠠ ᠪᠠᠨ ᠣᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠪ ᠤᠨ ᠪᠠ ᠦᠪᠡᠷᠲᠡᠭᠡᠨ ᠵᠠᠰᠠᠬᠤ ᠣᠷᠤᠨ ᠬᠤᠲᠠ ᠶᠢᠨ ᠬᠠᠮᠤᠭ ᠰᠢᠨ᠎ᠡ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠤᠭᠠᠷ᠂ ᠤᠯᠤᠰ ᠲᠥᠷᠦ ᠶᠢᠨ ᠵᠣᠭᠰᠣᠯᠲᠠ ᠪᠠᠨ ᠣᠯᠠᠮ ᠨᠢᠭᠡ ᠠᠯᠬᠤᠮ ᠦᠨᠳᠦᠷᠵᠢᠭᠦᠯᠵᠤ᠂ ᠡᠨᠡ ᠬᠦ ᠠᠵᠢᠯ ᠤᠨ ᠴᠢᠬᠤᠯᠠ ᠴᠢᠨᠠᠷ ᠪᠠ ᠪᠠᠴᠢᠮ ᠴᠢᠨᠠᠷ ᠢ ᠭᠦᠢᠴᠡᠳ ᠲᠠᠨᠢᠵᠤ᠂ ᠲᠥᠪ ᠤᠨ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠪᠣᠳᠤᠯᠭ᠎ᠠ ᠶᠢ ᠨᠠᠷᠢᠨ ᠬᠢᠨᠠᠮᠠᠭᠠᠢ ᠲᠤᠤᠱᠠᠯᠠᠭᠤᠯᠬᠤ ᠬᠡᠷᠡᠭᠲᠠᠢ᠃ ᠤᠳᠠᠯ ᠦᠭᠡᠢ ᠦᠷᠨᠢᠭᠦᠯᠬᠦ ᠭᠡᠵᠤ ᠪᠠᠶᠢᠭ᠎ᠠ ᠲᠥᠷᠦ ᠶᠢᠨ ᠶᠠᠪᠤᠳᠠᠯ ᠤᠨ ᠬᠤᠷᠢᠶ᠎ᠠ ᠶᠢᠨ ᠶᠡᠭᠡ ᠱᠠᠯᠠᠪᠳᠠᠭᠤᠯᠤᠨ ᠪᠠᠶᠢᠴᠠᠭᠠᠯᠲᠠ ᠬᠦᠨᠳᠦ ᠶᠡᠭᠡ ᠠᠶᠤᠯ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂《ᠪᠠᠭᠤᠯᠭᠠᠬᠤ᠂ ᠤᠶᠠᠯᠳᠤᠭᠤᠯᠬᠤ᠂ ᠰᠢᠯᠢᠳᠡᠭᠵᠢᠭᠦᠯᠬᠦ》ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠳᠠᠶᠢᠯᠠᠨ ᠳᠠᠭᠠᠭᠤᠯᠬᠤ᠂ ᠭᠠᠵᠠᠷ ᠣᠷᠤᠨ ᠤ ᠣᠨᠴᠠᠯᠢᠭᠲᠤ ᠠᠵᠢᠯ᠂ ᠪᠣᠬᠢᠷᠳᠤᠯ ᠤᠨ ᠰᠡᠷᠭᠡᠶᠢᠯᠡᠨ ᠵᠠᠰᠠᠯᠲᠠ᠂ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠠᠵᠢᠯ᠂ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠬᠦ᠂ ᠲᠣᠲᠤᠭᠠᠳᠤ ᠬᠡᠷᠡᠭᠴᠡᠭᠡ ᠪᠠᠨ ᠦᠷᠬᠦᠯᠵᠢᠯᠡᠨ ᠨᠡᠮᠡᠭᠳᠡᠭᠦᠯᠬᠦ ᠵᠡᠷᠭᠡ ᠠᠷᠪᠠᠨ ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠃ ᠶᠢᠨ ᠴᠦᠨ ᠯᠢᠶᠠᠩ ᠵᠢᠭᠠᠵᠤ ᠭᠠᠷᠭᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠲᠠᠨᠢᠯᠲᠠ ᠪᠠᠨ ᠣᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠭᠡ ᠱᠠᠯᠠᠪᠳᠠᠭᠤᠯᠤᠨ ᠪᠠᠶᠢᠴᠠᠭᠠᠯᠲᠠ ᠢ ᠠᠵᠢᠯ ᠤᠨ ᠦᠷ᠎ᠡ ᠪᠥᠲᠦᠮᠵᠢ ᠶᠢ ᠰᠢᠯᠭᠠᠬᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ《ᠪᠥᠬᠦ ᠲᠠᠯ᠎ᠠ ᠶᠢᠨ ᠪᠠᠶᠢᠴᠠᠭᠠᠯᠲᠠ》 ᠪᠠᠷ ᠦᠵᠡᠵᠤ᠂ ᠠᠵᠢᠯ ᠤᠨ ᠪᠠᠴᠢᠮ᠎ᠠ ᠲᠤᠯᠭᠠᠮ᠎ᠠ ᠰᠡᠳᠭᠢᠯᠭᠡ ᠪᠠ ᠲᠥᠭᠰᠢᠭᠦᠷᠢ ᠶᠢᠨ ᠤᠬᠠᠮᠰᠠᠷ ᠢᠶᠠᠨ ᠦᠨᠡᠨᠬᠦ ᠨᠡᠮᠡᠭᠳᠡᠭᠦᠯᠵᠦ᠂ ᠡᠯ᠎ᠡ ᠲᠥᠷᠦᠯ ᠤᠨ ᠠᠵᠢᠯ ᠢᠶᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠵᠤ᠂ ᠦᠨᠡᠨ ᠪᠤᠳᠠᠲᠠᠢ ᠠᠵᠢᠯ ᠤᠨ ᠦᠷ᠎ᠡ ᠪᠥᠲᠦᠮᠵᠢ ᠪᠠᠷ ᠱᠠᠯᠠᠪᠳᠠᠭᠤᠯᠤᠨ ᠪᠠᠶᠢᠴᠠᠭᠠᠯᠲᠠ ᠶᠢ ᠤᠭᠲᠤᠵᠤ᠂《ᠰᠢᠨ᠎ᠡ ᠳᠠᠷᠤᠭ᠎ᠠ ᠬᠠᠭᠤᠴᠢᠨ ᠳᠠᠩᠰᠠ ᠶᠢ ᠲᠢᠭᠯᠡᠬᠦ》ᠵᠠᠷᠴᠢᠮ ᠢᠶᠠᠷ ᠬᠠᠷᠢᠭᠤᠴᠠᠯᠭ᠎ᠠ ᠪᠦᠬᠦᠢ ᠤᠳᠤᠷᠢᠳᠤᠯᠭ᠎ᠠ᠂ ᠬᠠᠷᠢᠭᠤᠴᠠᠯᠭ᠎ᠠ ᠪᠦᠬᠦᠢ ᠨᠢᠭᠡᠴᠡ᠂ ᠬᠠᠷᠢᠭᠤᠴᠠᠯᠭ᠎ᠠ ᠪᠦᠬᠦᠢ ᠬᠦᠮᠦᠨ ᠵᠢᠴᠢ ᠬᠠᠷᠢᠭᠤᠴᠠᠯᠭ᠎ᠠ ᠶᠢᠨ ᠬᠤᠭᠤᠴᠠᠭ᠎ᠠ ᠶᠢ ᠣᠯᠠᠮ ᠨᠢᠭᠡ ᠠᠯᠬᠤᠮ ᠲᠣᠳᠤᠷᠬᠠᠶᠢᠯᠠᠵᠤ᠂ ᠱᠠᠭᠠᠷᠳᠠᠯᠭ᠎ᠠ ᠶᠤᠰᠤᠭᠠᠷ ᠠᠵᠢᠯ ᠤᠨ ᠳᠣᠮᠳᠠᠬᠢ ᠠᠰᠠᠭᠤᠳᠠᠯ ᠪᠠ ᠳᠤᠲᠠᠭᠳᠠᠯ ᠢ ᠡᠷᠢᠵᠤ᠂《ᠭᠤᠷᠪᠠᠨ ᠶᠡᠭᠡ ᠪᠣᠭᠤᠮᠲᠠ ᠰᠢᠪᠲᠤᠯᠤᠯᠲᠠ ᠶᠢᠨ ᠳᠠᠶᠢᠨ》 ᠤ ᠢᠯᠠᠯᠲᠠ ᠶᠢ ᠣᠯᠬᠤ ᠪᠠ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠤᠯᠭ᠎ᠠ ᠶᠢ ᠠᠬᠢᠭᠤᠯᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠳᠠᠶᠢᠴᠢᠯᠠᠬᠤ ᠶᠢ ᠲᠦᠯᠬᠢᠨ ᠠᠬᠢᠭᠤᠯᠵᠤ᠂《ᠪᠠᠭᠤᠯᠭᠠᠬᠤ᠂ ᠤᠶᠠᠯᠳᠤᠭᠤᠯᠬᠤ᠂ ᠰᠢᠯᠢᠳᠡᠭᠵᠢᠭᠦᠯᠬᠦ》ᠥᠭᠡᠷᠡᠴᠢᠯᠡᠯᠲᠡ ᠶᠢ ᠭᠦᠨᠵᠡᠭᠡᠶᠢᠷᠡᠭᠦᠯᠵᠤ᠂ ᠦᠷᠬᠦᠯᠵᠢᠯᠡᠨ ᠳᠣᠲᠤᠭᠠᠳᠤ ᠬᠡᠷᠡᠭᠴᠡᠭᠡ ᠪᠠᠨ ᠨᠡᠮᠡᠭᠳᠡᠭᠦᠯᠦᠨ᠂ ᠦᠨᠳᠦᠷ ᠲᠥᠪᠰᠢᠨ ᠪᠦᠬᠦᠢ ᠨᠡᠭᠡᠭᠡᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠵᠡᠷᠭᠡ ᠴᠢᠬᠤᠯᠠ ᠠᠵᠢᠯ ᠪᠠ ᠠᠰᠠᠭᠤᠳᠠᠯ ᠢ ᠲᠥᠷᠭᠡᠪᠴᠢᠯᠡᠨ ᠠᠬᠢᠭᠤᠯᠵᠤ᠂ ᠱᠠᠯᠠᠪᠳᠠᠭᠤᠯᠤᠨ ᠪᠠᠶᠢᠴᠠᠭᠠᠯᠲᠠ ᠶᠢᠨ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠤ᠂ ᠤᠨᠴᠠᠭᠠᠶᠢᠯᠠᠨ ᠣᠯᠠᠨ ᠲᠥᠮᠡᠨ ᠤ ᠳᠤᠰᠬᠠᠭᠰᠠᠨ ᠳᠣᠪᠤᠶᠢᠮ᠎ᠠ ᠠᠰᠠᠭᠤᠳᠠᠯ ᠳᠤ ᠬᠠᠨᠳᠤᠭᠤᠯᠤᠨ᠂ ᠡᠯ᠎ᠡ ᠵᠦᠢᠯ ᠤᠨ ᠠᠷᠭ᠎ᠠ ᠠᠪᠴᠠᠯ ᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠠᠬᠢᠴᠠ ᠶᠢ ᠲᠥᠷᠭᠡᠪᠴᠢᠯᠡᠨ ᠠᠬᠢᠭᠤᠯᠬᠤ ᠬᠡᠷᠡᠭᠲᠠᠢ᠃ ᠤᠬᠠᠭᠤᠯᠭ᠎ᠠ ᠶᠢᠨ ᠬᠦᠴᠦᠯᠡᠴᠡ ᠪᠠᠨ ᠣᠯᠠᠮ ᠨᠢᠭᠡ ᠠᠯᠬᠤᠮ ᠴᠢᠩᠭᠠᠳᠬᠠᠵᠤ᠂ ᠮᠠᠨ ᠤ ᠰᠢᠶᠠᠨ ᠤ ᠦᠪᠡᠷᠮᠢᠴᠡ ᠲᠤᠷᠰᠢᠯᠭ᠎ᠠ ᠶᠢ ᠲᠠᠰᠤᠷᠠᠯᠲᠠ ᠦᠭᠡᠢ ᠬᠤᠷᠢᠶᠠᠩᠭᠤᠶᠢᠯᠠᠵᠤ᠂ ᠤᠯᠤᠰ ᠤᠨ ᠴᠢᠬᠤᠯᠠ ᠶᠡᠭᠡ ᠰᠢᠢᠳᠪᠦᠷᠢᠲᠦ ᠪᠣᠳᠤᠯᠭ᠎ᠠ ᠶᠢᠨ ᠪᠠᠶᠢᠷᠢᠯᠠᠭᠤᠯᠤᠯᠲᠠ ᠶᠢᠨ ᠪᠣᠳᠠᠳᠠᠢ ᠦᠷ᠎ᠡ ᠪᠥᠲᠦᠮᠵᠢ ᠣᠯᠬᠤ ᠶᠢ ᠪᠠᠲᠤᠯᠠᠬᠤ ᠬᠡᠷᠡᠭᠲᠠᠢ ᠭᠡᠪᠡ᠃      ᠬᠤᠷᠠᠯ ᠠᠴᠠ ᠪᠠᠰᠠ ᠪᠣᠰᠤᠳ ᠵᠦᠢᠯᠡᠰ ᠢ ᠰᠣᠳᠤᠯᠤᠨ ᠶᠠᠷᠢᠯᠴᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号