ᠶᠢᠨ ᠴᠦᠨ ᠯᠢᠶᠠᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠤᠨ ᠤ 17 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/9/14
     9 ᠳ᠋ᠦ᠋ᠭᠡᠷ ᠰᠠᠷ᠎ᠠ ᠶᠢᠨ 7 ᠤ ᠡᠳᠤᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ  ᠶᠢᠨ ᠴᠦᠨ ᠯᠢᠶᠠᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠤᠨ ᠤ 17 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠬᠤᠯᠪᠤᠭᠳᠠᠯ ᠪᠥᠬᠦᠢ ᠬᠡᠷᠡᠭ ᠶᠠᠪᠤᠳᠠᠯ ᠢ ᠰᠣᠳᠤᠯᠤᠨ ᠶᠠᠷᠢᠯᠴᠠᠪᠠ᠃ ᠰᠢᠶᠠᠨ ᠤ ᠤᠳᠤᠷᠢᠳᠤᠯᠭ᠎ᠠ ᠠᠴᠠ ᠵᠣᠣ ᠵᠦᠩ᠂ ᠶᠤᠸᠠᠨ ᠪᠥᠸᠧ᠂ ᠼᠠᠣ ᠽᠢ ᠯᠢ᠂ ᠢᠣᠢ ᠷᠦᠢ᠂ ᠶᠦᠨ ᠰᠢᠶᠣᠣ ᠳ᠋ᠦᠩ᠂ ᠯᠢᠣᠢ ᡁᠢ ᠭᠠᠩ᠂ ᠷᠧᠨ ᠶᠠᠨ ᠰᠢᠶᠠᠩ᠂ ᠵᠠᠩ ᠵᠢᠶᠦ᠋ᠨ ᠵᠢᠶᠧ᠂ ᠵᠠᠩ ᠸᠧᠢ ᠭᠤᠸᠠᠩ᠂ ᠴᠢᠶᠠᠨ ᠶᠠ ᠯᠢᠨ ᠬᠤᠷᠠᠯ ᠳᠤ ᠣᠷᠤᠯᠴᠠᠵᠤ᠂ ᠰᠢᠶᠠᠨ ᠤ ᠳᠡᠳ᠋ ᠳᠠᠷᠤᠭ᠎ᠠ ᠯᠢ ᠶᠢᠩ ᠴᠦᠨ ᠬᠤᠷᠠᠯ ᠳᠤ ᠰᠤᠯᠠ ᠣᠷᠤᠯᠴᠠᠪᠠ᠃      ᠬᠤᠷᠠᠯ ᠠᠴᠠ《 ᠦᠴᠦᠸᠠᠨ ᠰᠢᠶᠠᠨ ᠤ ᠶᠠᠳᠠᠭᠤ ᠬᠦᠴᠢᠷᠳᠡᠯᠲᠠᠢ ᠰᠢᠶᠠᠨ ᠤ ᠲᠣᠭᠠᠨ ᠠᠴᠠ ᠤᠬᠤᠷᠢᠵᠤ ᠭᠠᠷᠤᠭᠰᠠᠨ ᠤ ᠲᠠᠷᠠᠭᠠᠬᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠵᠢᠭᠦᠯᠬᠦ ᠲᠥᠰᠦᠯ 》᠂《 ᠪᠥᠬᠦ ᠰᠢᠶᠠᠨ ᠤ ᠬᠡᠪᠴᠢᠶᠡᠨ ᠳᠤ ᠵᠣᠷᠢᠭ ᠢ ᠨᠢ ᠬᠥᠪᠴᠢᠯᠡᠨ ᠤᠶᠣᠨ ᠢᠶᠠᠷ ᠶᠠᠳᠠᠭᠤ ᠶᠢ ᠲᠡᠳᠬᠦᠬᠦ ᠠᠵᠢᠯᠯᠠᠭᠠᠨ ᠥᠷᠨᠢᠭᠦᠯᠬᠦ ᠲᠤᠬᠠᠢ ᠲᠥᠰᠦᠯ》᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ᠂ ᠮᠥᠩᠭᠦᠨ ᠭᠦᠢᠯᠭᠡᠭᠡ ᠪᠠᠷ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠵᠢᠯᠤᠭᠤᠳᠬᠤ ᠰᠠᠨᠠᠯ᠂《 2018 ᠣᠨ ᠤ ᠦᠴᠦᠸᠠᠨ ᠰᠢᠶᠠᠨ ᠤ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠬᠡᠷᠡᠭᠵᠢᠭᠦᠯᠬᠦ ᠰᠠᠨᠠᠯ 》᠂ ᠰᠢᠶᠠᠨ ᠤ ᠳᠡᠰ ᠤᠨ ᠥᠪᠡᠷᠲᠡᠭᠡᠨ ᠰᠢᠯᠭᠠᠭᠰᠠᠨ ᠦᠷ᠎ᠡ ᠳ᠋ᠦᠩ ᠤᠨ ᠢᠯᠡ ᠨᠡᠶᠢᠲᠡᠯᠡᠯ ᠵᠠᠷᠯᠠᠯ ᠵᠡᠷᠭᠡ ᠬᠤᠯᠪᠤᠭᠳᠠᠯ ᠪᠥᠬᠦᠢ ᠬᠡᠷᠡᠭ ᠶᠠᠪᠤᠳᠠᠯ ᠢ ᠰᠣᠳᠤᠯᠤᠨ ᠶᠠᠷᠢᠯᠴᠠᠪᠠ᠃ ᠤᠯᠤᠰ ᠤᠨ ᠪᠠ ᠥᠪᠡᠷᠲᠡᠭᠡᠨ ᠵᠠᠰᠠᠬᠤ ᠣᠷᠤᠨ ᠤ ᠠᠮᠵᠢᠯᠲᠠ ᠪᠥᠲᠦᠮᠵᠢ ᠶᠢᠨ ᠬᠢᠨᠠᠨ ᠰᠢᠯᠭᠠᠯᠲᠠ ᠶᠢᠨ ᠳᠤᠰᠬᠠᠭᠰᠠᠨ ᠠᠰᠠᠭᠤᠳᠠᠯ ᠵᠢᠴᠢ  ᠵᠠᠭᠤᠨ ᠲᠤᠰᠬᠤᠨ ᠵᠠᠭᠤᠨ ᠠᠵᠤ ᠠᠬᠤᠶᠢᠯᠠᠯ ᠬᠤᠯᠪᠤᠭᠠᠯᠠᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠤᠰᠪᠠ᠃       ᠶᠢᠨ ᠴᠦᠨ ᠯᠢᠶᠠᠩ ᠴᠢᠩᠭᠠᠳᠬᠠᠭᠰᠠᠨ ᠨᠢ᠂ ᠡᠩ ᠲᠡᠷᠢᠭᠦᠨ ᠳᠤ᠂ ᠣᠯᠠᠨ ᠲᠥᠷᠦᠯ ᠤᠨ ᠠᠰᠢᠭ ᠲᠤᠰᠠ ᠬᠤᠯᠪᠤᠭᠠᠯᠠᠭᠰᠠᠨ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠤ᠂ ᠮᠠᠨ ᠤ ᠰᠢᠶᠠᠨ ᠤ ᠳᠦᠷᠪᠡᠨ ᠵᠣᠷᠪᠤᠰ ᠠᠵᠤ ᠦᠢᠯᠡᠰ ᠤᠨ ᠬᠡᠯᠬᠢᠶ᠎ᠡ ᠵᠢᠴᠢ ᠲᠤᠯᠭᠠᠭᠤᠷᠢ ᠠᠵᠤ ᠠᠬᠤᠶᠢᠯᠠᠯ ᠤᠨ ᠳᠠᠭᠠᠭᠤᠯᠤᠭᠴᠢ ᠦᠢᠯᠡᠳᠦᠯ ᠳᠤ ᠲᠦᠰᠢᠭᠯᠡᠵᠦ᠂ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠪᠠᠶᠠᠵᠢᠨ ᠴᠢᠨᠡᠭᠡᠯᠢᠭᠵᠢᠬᠦ ᠶᠢ ᠠᠬᠢᠭᠤᠯᠬᠤ ᠬᠡᠷᠡᠭᠲᠡᠢ᠃ ᠳᠠᠷᠠᠭ᠎ᠠ ᠨᠢ᠂ ᠬᠦᠳᠡᠭᠡ ᠲᠤᠰᠬᠤᠨ ᠤ ᠪᠣᠯᠪᠠᠰᠤᠨ ᠮᠣᠷᠠᠯ ᠰᠤᠷᠲᠠᠯ ᠪᠠ ᠣᠶᠤᠨ ᠤ ᠪᠤᠯᠪᠠᠰᠤᠨ ᠤ ᠦᠵᠡᠯ ᠰᠠᠨᠠᠭ᠎ᠠ ᠶᠣᠰᠤ ᠰᠤᠷᠲᠠᠬᠤᠨ ᠢ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠵᠤ᠂ ᠣᠯᠠᠨ ᠲᠦᠮᠡᠨ ᠤ ᠥᠪᠡᠷ ᠢᠶᠠᠨ ᠬᠦᠴᠦᠷᠬᠡᠭᠵᠢᠬᠦ᠂ ᠰᠢᠷᠭᠠᠭᠤ ᠲᠡᠮᠡᠴᠡᠨ ᠠᠵᠤ ᠠᠮᠢᠳᠤᠷᠠᠯ ᠢᠶᠠᠨ ᠦᠭᠡᠳᠡ ᠲᠠᠳᠠᠬᠤ ᠤᠷᠮ᠎ᠠ ᠵᠣᠷᠢᠭ ᠢ ᠨᠢ ᠬᠥᠪᠴᠢᠯᠡᠬᠦ ᠬᠡᠷᠡᠭᠲᠡᠢ᠃ ᠭᠤᠷᠪᠠ ᠳᠤ᠂ ᠵᠠᠭᠤᠨ ᠠᠵᠤ ᠠᠬᠤᠶᠢᠯᠠᠯ ᠵᠠᠭᠤᠨ ᠲᠤᠰᠬᠤᠨ ᠬᠤᠯᠪᠤᠭᠠᠯᠠᠬᠤ ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠦᠷᠨᠢᠭᠦᠯᠵᠤ᠂ ᠡᠯ᠎ᠡ ᠰᠢᠶᠠᠩ ᠪᠠᠯᠭᠠᠰᠤ ᠶᠢᠨ ᠬᠢᠨ ᠬᠠᠷᠢᠴᠠᠭ᠎ᠠ ᠬᠤᠯᠪᠤᠭ᠎ᠠ ᠠᠪᠬᠤ᠂ ᠵᠣᠬᠢᠴᠠᠭᠤᠯᠬᠤ ᠪᠠ ᠵᠣᠯᠭᠠᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠤ᠂ ᠬᠤᠲᠠ ᠶᠢᠨ ᠳᠡᠰ ᠤᠨ ᠬᠠᠮᠢᠶ᠎ᠠ ᠪᠥᠬᠦᠢ ᠰᠠᠯᠠᠭ᠎ᠠ ᠮᠦᠴᠢᠷ ᠵᠢᠴᠢ ᠤᠳᠤᠷᠢᠳᠤᠯᠭ᠎ᠠ ᠳᠤ ᠬᠤᠯᠪᠤᠭᠳᠠᠯ ᠪᠥᠬᠦᠢ ᠠᠵᠢᠯ ᠢᠶᠠᠨ ᠢᠳᠡᠪᠬᠢᠲᠠᠢ ᠬᠠᠷᠢᠭᠤ ᠮᠡᠳᠡᠭᠦᠯᠵᠤ᠂ ᠲᠥᠷᠦᠯ ᠵᠦᠢᠯ ᠢ ᠮᠦᠷᠳᠡᠬᠦ ᠨᠠᠶᠢᠳᠠᠪᠤᠷᠢᠵᠢᠭᠤᠯᠬᠤ ᠠᠵᠢᠯ ᠢ ᠰᠠᠶᠢᠨ ᠬᠢᠬᠦ ᠬᠡᠷᠡᠭᠲᠡᠢ᠃ ᠳᠦᠷᠪᠡ ᠳᠤ᠂ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠳᠦᠷᠢᠮ ᠤᠨ ᠪᠥᠲᠦᠭᠡᠨ ᠪᠠᠶᠢᠭᠤᠯᠤᠯᠲᠠ ᠪᠠ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠪᠠᠲᠤᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ ᠴᠢᠬᠤᠯᠠᠲᠠᠢ ᠮᠦᠷᠲᠡᠭᠡᠨ ᠲᠤᠬᠠᠢ ᠶᠢᠨ ᠭᠠᠵᠠᠷ ᠤᠨ ᠬᠢᠨᠢ ᠪᠠᠶᠢᠳᠠᠯ ᠲᠠᠢ ᠤᠶᠠᠯᠳᠤᠭᠤᠯᠤᠨ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠦᠢᠯᠡᠳᠬᠦᠨ ᠪᠠ ᠦᠢᠯᠡᠴᠢᠯᠡᠭᠡ ᠶᠢᠨ ᠰᠢᠨ᠎ᠡ ᠶᠢ ᠡᠭᠦᠳᠬᠦ ᠬᠦᠴᠦᠯᠡᠴᠡ ᠶᠢ ᠨᠡᠮᠡᠭᠳᠡᠭᠦᠯᠬᠦ ᠬᠡᠷᠡᠭᠲᠡᠢ ᠭᠡᠪᠡ᠃      ᠲᠤᠰ ᠤᠳᠠᠭᠠᠨ ᠤ ᠬᠤᠷᠠᠯ ᠳᠤ ᠪᠠᠰᠠ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠦᠪᠯᠡᠯ᠂ ᠵᠠᠰᠠᠭ ᠤᠨ ᠣᠷᠳᠤᠨ ᠤ ᠠᠯᠪᠠᠨ ᠭᠡᠷ᠂ ᠵᠣᠬᠢᠶᠠᠨ ᠪᠠᠶᠢᠭᠤᠯᠬᠤ ᠬᠡᠯᠲᠡᠰ᠂ ᠶᠠᠳᠠᠭᠤ ᠶᠢ ᠲᠡᠳᠬᠦᠬᠦ ᠠᠯᠪᠠᠨ ᠭᠡᠷ᠂ ᠣᠢ ᠰᠢᠭᠤᠢ ᠶᠢᠨ ᠲᠣᠪᠴᠢᠶ᠎ᠠ᠂ ᠣᠷᠤᠨ ᠰᠠᠭᠤᠴᠠ ᠪᠠ ᠬᠤᠲᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡ ᠶᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠬᠡᠯᠲᠡᠰ᠂ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠤᠯᠪᠤᠭᠳᠠᠯ ᠪᠥᠬᠦᠢ ᠬᠠᠷᠢᠭᠤᠴᠠᠯᠭᠠᠲᠠᠳ ᠪᠠ ᠡᠯ᠎ᠡ ᠰᠢᠶᠠᠩ ᠪᠠᠯᠭᠠᠰᠤᠨ ᠤ ᠳᠠᠷᠤᠭ᠎ᠠ ᠨᠠᠷ ᠰᠤᠯᠠ ᠣᠷᠤᠯᠴᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号