ᠦᠴᠦᠸᠠᠨ ᠰᠢᠶᠠᠨ ᠤ ᠨᠠᠮ ᠤᠨ ᠬᠤᠷᠢᠶ᠎ᠠ ᠶᠢᠨ ᠣᠨᠤᠯ ᠰᠤᠷᠤᠯᠴᠠᠬᠤ ᠭᠤᠣᠯ ᠳᠤᠭᠤᠶᠢᠯᠠᠩ ᠠᠴᠠ 2018 ᠣᠨ ᠤ 11 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/9/26
     ᠣᠶᠢᠷ᠎ᠠ ᠶᠢᠨ ᠡᠳᠤᠷ᠂ ᠦᠴᠦᠸᠠᠨ ᠰᠢᠶᠠᠨ ᠤ ᠨᠠᠮ ᠤᠨ ᠬᠤᠷᠢᠶ᠎ᠠ ᠶᠢᠨ ᠣᠨᠤᠯ ᠰᠤᠷᠤᠯᠴᠠᠬᠤ ᠭᠤᠣᠯ ᠳᠤᠭᠤᠶᠢᠯᠠᠩ ᠠᠴᠠ 2018 ᠣᠨ ᠤ 11 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠣᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠳ ᠬᠤᠷᠠᠯ ᠳᠤ ᠣᠷᠤᠯᠴᠠᠪᠠ᠃      ᠬᠤᠷᠠᠯ ᠳᠡᠭᠡᠷ᠎ᠡ《 ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ》 ᠢ ᠰᠣᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠪᠥᠬᠦ ᠤᠯᠤᠰ ᠤᠨ ᠦᠵᠡᠯ ᠰᠠᠨᠠᠭᠠᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠪᠠ᠃      ᠬᠤᠷᠠᠯ ᠠᠴᠠ ᠱᠠᠭᠠᠷᠳᠠᠭᠰᠠᠨ ᠨᠢ᠂《 ᠳᠦᠷᠢᠮ》 ᠳᠤ ᠵᠠᠰᠠᠪᠤᠷᠢ ᠣᠷᠤᠭᠤᠯᠤᠭᠰᠠᠨ ᠠᠬᠤᠢ ᠪᠠᠶᠢᠳᠠᠯ ᠪᠠ ᠠᠴᠢ ᠬᠤᠯᠪᠤᠭᠳᠠᠯ ᠢ ᠭᠦᠨᠵᠡᠭᠡᠢ ᠣᠶᠢᠯᠭᠠᠵᠤ᠂ ᠴᠢᠬᠤᠯᠠ ᠶᠡᠭᠡ ᠵᠠᠷᠴᠢᠮ ᠤᠨ ᠠᠰᠠᠭᠤᠳᠠᠯ ᠳᠡᠭᠡᠷ᠎ᠡ ᠨᠠᠮ ᠤᠨ ᠲᠥᠪ ᠬᠤᠷᠢᠶ᠎ᠠ ᠲᠠᠢ ᠢᠮᠠᠭᠲᠠ ᠨᠢᠭᠡᠳᠴᠦ᠂《 ᠳᠦᠷᠢᠮ》 ᠤᠨ ᠲᠤᠬᠠᠢ ᠰᠤᠷᠤᠯᠴᠠᠯᠭ᠎ᠠ ᠪᠠ ᠰᠤᠷᠭᠠᠨ ᠬᠥᠮᠦᠵᠢᠯ ᠢ ᠦᠨᠡᠨᠬᠦ ᠴᠢᠩᠭᠠᠳᠬᠠᠵᠤ᠂ ᠰᠢᠰᠲ᠋ᠧᠮ ᠲᠠᠢ᠂ ᠭᠦᠨᠵᠡᠭᠡᠢ  ᠦᠨᠡᠨᠬᠦ ᠳᠣᠲᠤᠭᠠᠳᠤ  ᠰᠡᠳᠬᠢᠯ ᠠᠴᠠ ᠪᠠᠨ ᠴᠢᠷᠮᠠᠶᠢᠨ ᠰᠤᠷᠤᠯᠴᠠᠵᠤ᠂ ᠭᠦᠨᠵᠡᠭᠡᠢ ᠣᠶᠢᠯᠭᠠᠵᠤ᠂ ᠤᠬᠠᠭᠠᠨ ᠢ ᠨᠢ ᠣᠯᠵᠤ ᠤᠴᠢᠷ ᠢ ᠨᠢ ᠮᠡᠳᠡᠬᠦ ᠶᠢᠨ ᠬᠠᠮᠲᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ  ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠠᠯᠠᠭᠤᠯᠬᠤ ᠶᠢ ᠴᠢᠬᠤᠯᠠ ᠤᠯᠤᠰ ᠲᠥᠷᠦ ᠶᠢᠨ ᠡᠭᠦᠷᠭᠡ ᠪᠠᠷ ᠦᠵᠡᠵᠤ᠂ ᠲᠤᠭᠤᠰᠢᠲᠠᠢ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠰᠠᠨᠠᠭᠠᠨ ᠤ ᠠᠵᠢᠯ ᠢ ᠤᠬᠠᠭᠤᠯᠬᠤ ᠲᠤᠬᠠᠢ ᠴᠢᠬᠤᠯᠠ ᠵᠣᠷᠢᠭ ᠰᠠᠨᠠᠭ᠎ᠠ ᠶᠢ ᠭᠦᠨᠵᠡᠭᠡᠢ ᠣᠶᠢᠯᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号