ᠥᠪᠡᠷᠲᠡᠭᠡᠨ ᠵᠠᠰᠠᠬᠤ ᠣᠷᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠦᠴᠦᠸᠠᠨ ᠰᠢᠶᠠᠨ ᠳᠤ ᠬᠦᠷᠴᠤ ᠶᠡᠭᠡ ᠰᠢᠮᠳᠠᠭᠤᠯᠤᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2018/9/28
     9 ᠳ᠋ᠦ᠋ᠭᠡᠷ ᠰᠠᠷ᠎ᠠ ᠶᠢᠨ 25 ᠤ ᠡᠳᠦᠷ᠂ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠮ ᠤᠨ ᠬᠤᠷᠢᠶ᠎ᠠ ᠶᠢᠨ ᠭᠡᠰᠢᠬᠦᠨ᠂ ᠬᠦᠷᠢᠶᠡᠯᠡᠩ ᠤᠨ ᠳᠡᠳ᠋ ᠳᠠᠷᠤᠭ᠎ᠠ᠂ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠶᠡᠷᠦᠩᠬᠡᠢ ᠳᠤᠭᠤᠶᠢᠯᠠᠩ ᠤᠨ ᠳᠠᠷᠤᠭ᠎ᠠ ᠪᠠᠷ ᠲᠣᠮᠢᠯᠠᠨ ᠰᠠᠭᠤᠯᠭ᠎ᠠ ᠯᠢᠦ ᠮᠠᠨ ᠭᠦᠢ ᠥᠪᠡᠷᠲᠡᠭᠡᠨ ᠵᠠᠰᠠᠬᠤ ᠣᠷᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠨᠢᠭᠡᠳᠦᠭᠡᠷ ᠰᠢᠮᠳᠠᠭᠤᠯᠤᠨ ᠪᠠᠶᠢᠴᠠᠭᠠᠬᠤ ᠲᠤᠰᠬᠠᠢ ᠳᠤᠭᠤᠶᠢᠯᠠᠩ ᠢ ᠳᠠᠭᠠᠭᠤᠯᠵᠤ ᠦᠴᠦᠸᠠᠨ ᠰᠢᠶᠠᠨ ᠳᠤ ᠭᠦᠨᠵᠡᠭᠡᠶᠢᠷᠡᠵᠤ᠂ 2018 ᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠰᠢᠮᠳᠠᠭᠤᠯᠤᠨ ᠵᠢᠯᠤᠭᠤᠳᠤᠭᠰᠠᠨ ᠪᠥᠭᠡᠳ ᠰᠠᠭᠤᠳᠠᠯ ᠤᠨ ᠬᠤᠷᠠᠯ ᠬᠤᠷᠠᠯᠳᠤᠭᠤᠯᠪᠠ᠃      ᠬᠦᠬᠡᠬᠤᠲᠠ ᠶᠢᠨ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠹᠧᠩ ᠢᠣᠢ ᠵᠧᠨ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠦᠴᠦᠸᠠᠨ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ᠂ ᠬᠤᠲᠠ ᠶᠢᠨ ᠵᠠᠰᠠᠭ ᠤᠨ ᠣᠷᠳᠤᠨ ᠤ ᠨᠠᠷᠢᠨ ᠪᠢᠴᠢᠭ ᠤᠨ ᠳᠠᠷᠤᠭ᠎ᠠ ᠯᠦᠸᠧ ᠯᠢᠨ ᠵᠡᠷᠭᠡ ᠬᠤᠲᠠ ᠶᠢᠨ ᠤᠳᠤᠷᠢᠳᠤᠯᠭ᠎ᠠ ᠵᠢᠴᠢ ᠰᠢᠶᠠᠨ ᠤ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤ᠂ ᠬᠤᠯᠪᠤᠭᠳᠠᠯ ᠪᠥᠬᠦᠢ ᠰᠠᠯᠠᠭ᠎ᠠ ᠮᠦᠴᠢᠷ ᠤᠨ ᠭᠤᠣᠯ ᠪᠣᠯᠬᠤ ᠬᠠᠷᠢᠭᠤᠴᠠᠯᠭᠠᠲᠠᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠤᠯᠴᠠᠪᠠ᠃      ᠰᠠᠭᠤᠳᠠᠯ ᠤᠨ ᠬᠤᠷᠠᠯ ᠳᠡᠭᠡᠷ᠎ᠡ᠂ ᠶᠦᠨ ᠬᠠᠢ ᠠᠴᠠ ᠪᠥᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ᠂ ᠴᠡᠭᠴᠡᠯᠡᠨ ᠥᠭᠡᠷᠡᠴᠢᠯᠡᠵᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠵᠢᠴᠢ ᠭᠤᠣᠯ ᠪᠣᠯᠬᠤ ᠲᠤᠷᠰᠢᠯᠭ᠎ᠠ ᠰᠤᠷᠭᠠᠮᠵᠢ ᠶᠢᠨ ᠲᠤᠬᠠᠢ ᠶᠡᠷᠦᠩᠬᠡᠶᠢᠯᠡᠨ ᠬᠠᠷᠢᠭᠤ ᠮᠡᠳᠡᠭᠦᠯᠦᠯᠲᠡ ᠬᠢᠪᠡ᠃      ᠬᠠᠷᠢᠭᠤ ᠮᠡᠳᠡᠭᠦᠯᠦᠯᠲᠡ ᠶᠢ ᠰᠣᠨᠤᠰᠤᠭᠰᠠᠨ ᠤ ᠳᠠᠷᠠᠭ᠎ᠠ᠂ ᠯᠢᠦ ᠮᠠᠨ ᠭᠦᠢ ᠠᠴᠠ ᠲᠤᠰ ᠤᠳᠠᠭᠠᠨ ᠤ ᠰᠢᠮᠳᠠᠭᠤᠯᠤᠨ ᠪᠠᠶᠢᠴᠠᠭᠠᠯᠲᠠ ᠶᠢᠨ ᠵᠣᠷᠢᠯᠭ᠎ᠠ ᠪᠠ ᠠᠴᠢ ᠬᠤᠯᠪᠤᠭᠳᠠᠯ᠂ ᠲᠣᠭᠲᠠᠭᠰᠠᠨ ᠴᠠᠭ᠂ ᠰᠢᠮᠳᠠᠭᠤᠯᠤᠨ ᠪᠠᠶᠢᠴᠠᠭᠠᠬᠤ ᠠᠷᠭ᠎ᠠ ᠬᠡᠯᠪᠡᠷᠢ᠂ ᠰᠢᠮᠳᠠᠭᠤᠯᠤᠨ ᠪᠠᠶᠢᠴᠠᠭᠠᠬᠤ ᠠᠭᠤᠯᠭ᠎ᠠ ᠪᠠ ᠱᠠᠭᠠᠷᠳᠠᠯᠭ᠎ᠠ ᠶᠢ ᠵᠢᠭᠠᠵᠤ ᠭᠠᠷᠭᠠᠭᠰᠠᠨ ᠪᠥᠭᠡᠳ ᠦᠴᠦᠸᠠᠨ ᠰᠢᠶᠠᠨ ᠤ ᠶᠠᠳᠠᠭᠤ ᠶᠢ ᠲᠡᠳᠬᠦᠬᠦ ᠬᠦᠷᠢᠶᠡᠨ ᠳᠠᠬᠢ ᠲᠤᠰᠬᠠᠢ ᠰᠢᠮᠳᠠᠭᠤᠯᠤᠨ ᠪᠠᠶᠢᠴᠠᠭᠠᠯᠲᠠ ᠶᠢᠨ ᠠᠵᠢᠯ ᠳᠤ ᠪᠥᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠤ᠂ ᠪᠥᠬᠦ ᠰᠢᠶᠠᠨ ᠤ ᠡᠯ᠎ᠡ ᠱᠠᠲᠤᠨ ᠤ ᠬᠢᠨ ᠪᠠᠶᠢᠳᠠᠯ ᠪᠠ ᠡᠭᠦᠷᠭᠡ ᠪᠠᠨ ᠲᠣᠳᠤᠷᠬᠠᠶᠢᠯᠠᠵᠤ᠂ ᠰᠢᠮᠳᠠᠭᠤᠯᠤᠨ ᠪᠠᠶᠢᠴᠠᠭᠠᠬᠤ ᠠᠵᠢᠯ ᠦᠷᠨᠢᠭᠦᠯᠬᠦ ᠴᠢᠬᠤᠯᠠ ᠠᠴᠢ ᠬᠤᠯᠪᠤᠭᠳᠠᠯ ᠢ ᠭᠦᠢᠴᠡᠳ ᠲᠠᠨᠢᠵᠤ᠂ ᠰᠢᠮᠳᠠᠭᠤᠯᠤᠨ ᠪᠠᠶᠢᠴᠠᠭᠠᠬᠤ ᠠᠷᠭ᠎ᠠ ᠠᠪᠴᠠᠯ ᠠᠯᠬᠤᠮ ᠳᠠᠷᠠᠭ᠎ᠠ ᠶᠢ ᠪᠥᠬᠦ ᠲᠠᠯ᠎ᠠ ᠪᠠᠷ ᠡᠵᠡᠮᠰᠢᠵᠤ᠂ ᠢᠳᠡᠪᠬᠢᠲᠠᠢ ᠪᠠᠷ ᠬᠠᠮᠵᠢᠯᠴᠠᠵᠤ᠂ ᠰᠢᠮᠳᠠᠭᠤᠯᠤᠨ ᠪᠠᠶᠢᠴᠠᠭᠠᠬᠤ ᠠᠵᠢᠯ ᠤᠨ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃      ᠬᠤᠷᠠᠯ ᠳᠡᠭᠡᠷ᠎ᠡ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠲᠤᠬᠠᠢ ᠶᠢᠨ ᠲᠠᠯᠠᠪᠠᠢ ᠳᠤ ᠨᠢ ᠪᠢᠲᠡᠭᠦᠮᠵᠢ ᠶᠢ ᠨᠡᠭᠡᠭᠡᠬᠦ ᠪᠠᠷ ᠳᠠᠮᠵᠢᠭᠤᠯᠤᠨ᠂ 4 ᠲᠤᠰᠬᠤᠨ ︵ᠬᠠᠷ᠎ᠠ ᠬᠤᠰᠢᠭᠤ ᠰᠢᠶᠠᠩ ᠤᠨ ᠬᠠᠷ᠎ᠠ ᠬᠤᠰᠢᠭᠤ ᠲᠤᠰᠬᠤᠨ᠂ ᠡᠯ ᠹᠧᠨ ᠽᠢ ᠰᠢᠶᠠᠩ ᠤᠨ ᠯᠢᠨ ᠵᠢᠶᠠ ᠭᠧ ᠪᠥᠸᠧ ᠲᠤᠰᠬᠤᠨ᠂ ᠳᠠᠯᠠᠨ ᠬᠠᠷ᠎ᠠ ᠰᠢᠶᠠᠩ ᠤᠨ ᠵᠡᠷᠯᠢᠭ ᠭᠤᠣᠯ ᠲᠤᠰᠬᠤᠨ᠂  ᠪᠠᠷᠠᠭᠤᠨ ᠤᠯᠠᠭᠠᠨ ᠪᠤᠯᠠᠭ ᠪᠠᠯᠭᠠᠰᠤ ᠶᠢᠨ ᠪᠠᠷᠠᠭᠤᠨ ᠤᠯᠠᠭᠠᠨ ᠪᠤᠯᠠᠭ ᠲᠤᠰᠬᠤᠨ︶ ᠢ ᠪᠠᠶᠢᠴᠠᠭᠠᠭᠳᠠᠬᠤ ᠲᠤᠰᠬᠤᠨ ᠢᠶᠠᠷ ᠰᠤᠩᠭᠤᠨ ᠭᠠᠷᠭᠠᠭᠰᠠᠨ ᠪᠥᠭᠡᠳ ᠳᠠᠷᠠᠭᠠᠴᠢ ᠶᠢᠨ ᠬᠤᠶᠠᠷ ᠡᠳᠤᠷ ᠨᠢ ᠳᠤᠭᠤᠶᠢᠯᠠᠩ ᠬᠤᠪᠢᠶᠠᠨ ᠡᠷᠦᠬᠡ ᠳᠤ ᠬᠦᠷᠴᠤ ᠪᠠᠶᠢᠴᠠᠭᠠᠬᠤ ᠠᠵᠢᠯ ᠥᠷᠨᠢᠭᠦᠯᠵᠤ᠂ ᠠᠰᠠᠭᠤᠨ ᠰᠤᠷᠪᠤᠯᠵᠢᠯᠠᠬᠤ᠂ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠬᠦ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠦᠴᠦᠸᠠᠨ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠡᠯ᠎ᠡ ᠵᠦᠢᠯ ᠤᠨ ᠠᠵᠢᠯ ᠳᠤ ᠰᠢᠮᠳᠠᠭᠤᠯᠤᠨ ᠪᠠᠶᠢᠴᠠᠭᠠᠯᠲᠠ ᠬᠢᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号