| | | 9 ᠳ᠋ᠦ᠋ᠭᠡᠷ ᠰᠠᠷ᠎ᠠ ᠶᠢᠨ 25 ᠤ ᠡᠳᠤᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ | ᠳᠠᠷᠤᠭ᠎ᠠ ᠹᠧᠩ ᠢᠣᠢ ᠵᠧᠨ ᠦᠴᠦᠸᠠᠨ ᠰᠢᠶᠠᠨ ᠳᠤ ᠬᠦᠷᠴᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ | ᠰᠢᠪᠲᠤᠯᠤᠯᠲᠠ ᠶᠢᠨ ᠠᠵᠢᠯ ᠢ ᠪᠠᠶᠢᠴᠠᠭᠠᠨ ᠰᠣᠳᠤᠯᠬᠤ ᠥᠶ᠎ᠡ ᠳᠤ ᠴᠢᠩᠭᠠᠳᠬᠠᠭᠰᠠᠨ ᠨᠢ᠂ ᠦᠴᠦᠸᠠᠨ ᠰᠢᠶᠠᠨ | ᠤᠯᠤᠰ ᠤᠨ ᠳᠡᠰ ᠤᠨ ᠶᠠᠳᠠᠭᠤ ᠶᠢ ᠲᠡᠳᠬᠦᠵᠤ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠰᠢᠶᠠᠨ ᠪᠣᠯᠤᠭᠰᠠᠨ ᠤ | ᠬᠤᠪᠢ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠪᠠ ᠣᠨᠳᠤᠤ ᠭᠠᠵᠠᠷ ᠨᠡᠭᠦᠯᠭᠡᠨ | ᠶᠠᠳᠠᠭᠤ ᠶᠢ ᠲᠡᠳᠬᠦᠬᠦ ᠠᠵᠢᠯ ᠤᠨ ᠲᠤᠶᠢᠯ ᠤᠨ ᠴᠢᠬᠤᠯᠠ ᠴᠢᠨᠠᠷ᠂ ᠬᠠᠲᠠᠭᠤ ᠪᠡᠷᠬᠡ ᠨᠠᠷᠢᠨ ᠪᠣᠳᠤᠯᠢᠶᠠᠨᠲᠤ ᠴᠢᠨᠠᠷ᠂ | ᠠᠬᠤᠶᠢᠴᠢ ᠪᠠᠴᠢᠮ ᠲᠤᠯᠭᠠᠮ᠎ᠠ ᠴᠢᠨᠠᠷ ᠢ ᠭᠦᠨᠵᠡᠭᠡᠢ ᠣᠶᠢᠯᠭᠠᠵᠤ᠂ ᠦᠷᠬᠦᠯᠵᠢᠯᠡᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠯᠲᠠ ᠶᠢ ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠪᠠᠷ ᠦᠵᠡᠵᠤ᠂ ᠪᠥᠬᠦ ᠰᠢᠶᠠᠨ ᠤ | ᠬᠦᠴᠦᠨ ᠢ ᠨᠢᠭᠡᠳᠬᠡᠵᠤ᠂ ᠤᠶᠤᠨ ᠪᠢᠯᠢᠭ ᠢ ᠬᠤᠷᠠᠮᠳᠤᠭᠤᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠯᠲᠠ ᠶᠢᠨ ᠳᠠᠶᠢᠨ ᠤ ᠢᠯᠠᠯᠲᠠ ᠶᠢ ᠲᠡᠮᠡᠴᠡᠨ ᠣᠯᠬᠤ ᠬᠡᠷᠡᠭᠲᠡᠢ ᠭᠡᠪᠡ᠃ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠦᠴᠦᠸᠠᠨ ᠰᠢᠶᠠᠨ ᠤ ᠨᠠᠮ ᠤᠨ | ᠬᠤᠷᠢᠶ᠎ᠠ ᠶᠢᠨ ᠱᠦᠵᠢ ᠶᠦᠨ ᠬᠠᠢ ᠵᠢᠴᠢ ᠶᠢᠨ ᠴᠦᠨ ᠯᠢᠶᠠᠩ᠂ ᠵᠠᠩ ᠬᠠᠢ ᠲᠣᠣ ᠵᠡᠷᠭᠡ ᠰᠢᠶᠠᠨ ᠤ ᠤᠳᠤᠷᠢᠳᠤᠯᠭ᠎ᠠ | ᠪᠠᠶᠢᠴᠠᠭᠠᠨ ᠰᠣᠳᠤᠯᠤᠯᠲᠠ ᠳᠤ ᠣᠷᠤᠯᠴᠠᠪᠠ᠃ | ᠲᠤᠰ ᠡᠳᠤᠷ᠂ ᠹᠧᠩ ᠢᠣᠢ ᠵᠧᠨ ᠨᠠᠷ ᠦᠴᠦᠸᠠᠨ ᠰᠢᠶᠠᠨ ᠤ ᠳᠡᠭᠡᠷ᠎ᠡ ᠲᠤᠬᠤᠢ ᠰᠢᠶᠠᠩ ᠤᠨ ᠯᠢᠦ ᠵᠢᠶᠠ | ᠲᠤᠰᠬᠤᠨ᠂ ᠯᠦ ᠾᠧ ᠶᠢᠩ ᠲᠤᠰᠬᠤᠨ ᠪᠠ ᠳᠡᠭᠡᠷ᠎ᠡ ᠲᠣᠬᠤᠢ ᠲᠤᠰᠬᠤᠨ ᠳᠤ ᠬᠦᠷᠴᠤ ᠶᠠᠳᠠᠭᠤ ᠶᠢ ᠲᠡᠳᠬᠦᠬᠦ | ᠲᠥᠷᠦ ᠶᠢᠨ ᠪᠣᠳᠤᠯᠭ᠎ᠠ ᠶᠢᠨ ᠨᠠᠶᠢᠳᠠᠪᠤᠷᠢᠵᠢᠭᠤᠯᠤᠯᠲᠠ᠂ ᠠᠵᠤ ᠦᠢᠯᠡᠰ ᠢᠶᠠᠷ ᠶᠠᠳᠠᠭᠤ ᠵᠢᠲ᠋ᠡᠳᠬᠦᠭᠰᠡᠨ ᠦᠷ᠎ᠡ | ᠪᠥᠲᠦᠮᠵᠢ᠂ ᠯᠠᠪᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠵᠢᠷᠦᠮᠵᠢᠯ ᠵᠡᠷᠭᠡ ᠪᠠᠶᠢᠳᠠᠯ ᠢ ᠨᠠᠷᠢᠯᠢᠭ ᠣᠶᠢᠯᠭᠠᠭᠰᠠᠨ | ᠪᠥᠭᠡᠳ 71 ᠨᠠᠰᠤᠲᠠᠢ ᠶᠠᠳᠠᠭᠤ ᠬᠦᠢᠷᠳᠡᠯᠲᠠᠢ ᠡᠷᠦᠬᠡ ᠬᠤ᠋ ᠭᠦᠢ ᠯᠢᠨ ᠤ ᠭᠡᠷ ᠲᠤ ᠬᠦᠷᠴᠤ ᠲᠡᠭᠦᠨ ᠤ ᠬᠥᠭᠰᠢᠨ | ᠲᠠᠢ ᠳᠣᠲᠤᠨᠤᠰᠤᠭ ᠶᠠᠷᠢᠯᠴᠠᠵᠤ᠂ ᠭᠡᠷ ᠪᠦᠯᠢ ᠶᠢᠨ ᠬᠢᠨ ᠤ ᠣᠷᠤᠯᠭ᠎ᠠ ᠶᠢᠨ ᠢᠷᠡᠯᠲᠡ ᠪᠠ ᠬᠠᠪᠰᠤᠷᠤᠨ ᠲᠡᠳᠬᠦᠵᠤ | ᠪᠠᠶᠢᠭ᠎ᠠ ᠪᠠᠶᠢᠳᠠᠯ ᠵᠡᠷᠭᠡ ᠶᠢ ᠯᠠᠪᠯᠠᠨ ᠠᠰᠠᠭᠤᠭᠰᠠᠨ ᠪᠥᠭᠡᠳ ᠨᠠᠮ ᠪᠠ ᠵᠠᠰᠠᠭ ᠤᠨ ᠰᠠᠶᠢᠨ ᠲᠥᠷᠦ ᠶᠢᠨ | ᠪᠣᠳᠤᠯᠭ᠎ᠠ ᠶᠢᠨ ᠬᠠᠪᠰᠤᠷᠤᠯᠭ᠎ᠠ ᠳᠡᠮᠵᠢᠯᠭᠡ ᠳᠣᠣᠷ᠎ᠠ᠂ ᠰᠠᠶᠢᠲᠤᠷ ᠴᠢᠷᠮᠠᠶᠢᠪᠠᠯ ᠯᠠᠪᠲᠠᠢ ᠨᠡᠩ ᠰᠠᠶᠢᠨ ᠰᠠᠶᠢᠬᠠᠨ | ᠠᠮᠢᠳᠤᠷᠠᠯ ᠢ ᠡᠳᠡᠯᠵᠤ ᠴᠢᠳᠠᠨ᠎ᠠ ᠭᠡᠵᠤ ᠵᠣᠷᠢᠭᠵᠢᠭᠤᠯᠪᠠ᠃ | ᠪᠠᠶᠢᠴᠠᠭᠠᠨ ᠰᠣᠳᠤᠯᠤᠯᠲᠠ ᠳᠣᠮᠳᠠ᠂ ᠹᠧᠩ ᠢᠣᠢ ᠵᠧᠨ ᠳᠡᠭᠡᠷ᠎ᠡ ᠲᠣᠬᠤᠢ ᠰᠢᠶᠠᠩ ᠤᠨ《 ᠨᠠᠮ ᠤᠨ | ᠪᠥᠲᠦᠭᠡᠨ ᠪᠠᠶᠢᠭᠤᠯᠤᠯᠲᠠ + ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ》 ᠶᠢᠨ ᠶᠡᠷᠦᠩᠬᠡᠢ | ᠰᠡᠳᠬᠢᠮᠵᠢ ᠵᠢᠴᠢ ᠠᠷᠭ᠎ᠠ ᠠᠪᠴᠠᠯ ᠢ ᠰᠣᠨᠤᠰᠪᠠ᠃ ᠲᠤᠰ ᠰᠢᠶᠠᠩ ᠤᠨ ᠶᠠᠳᠠᠭᠤ ᠬᠦᠴᠢᠷᠳᠡᠯᠲᠠᠢ ᠡᠷᠦᠬᠡ ᠶᠢ | ᠵᠣᠷᠢᠭᠵᠢᠭᠤᠯᠤᠨ ᠤᠷᠭᠠᠨᠢᠭ ᠨᠠᠷᠢᠮᠤ᠂ ᠨᠣᠬᠠᠢ ᠶᠢᠨ ᠬᠤᠰᠢᠭᠤ ᠲᠠᠷᠢᠭᠤᠯᠤᠭᠰᠠᠨ᠂ ᠢᠳᠡᠭᠡᠨ ᠤ ᠮᠥᠭᠦ᠂ ᠬᠠᠷ᠎ᠠ | ᠴᠢᠨ᠋ᠸ᠎ᠠ ᠶᠢᠨ ᠬᠠᠷᠮᠠᠭ ᠵᠡᠷᠭᠡ ᠪᠣᠬᠢᠷᠳᠤᠯ ᠦᠭᠡᠢ ᠢᠳᠡᠭᠡᠨ᠂ ᠤᠨᠴᠠᠯᠢᠭᠲᠤ ᠲᠠᠷᠢᠶᠠᠯᠠᠩ ᠵᠡᠷᠭᠡ ᠪᠠᠷ ᠤᠯᠠᠮᠵᠢᠯᠠᠯᠲᠤ | ᠠᠵᠤ ᠦᠢᠯᠡᠰ ᠤᠨ ᠦᠷ᠎ᠡ ᠪᠥᠲᠦᠮᠵᠢ ᠶᠢᠨ ᠳᠡᠭᠡᠭᠰᠢᠯᠡᠯᠲᠡ ᠶᠢ ᠠᠬᠢᠭᠤᠯᠤᠭᠰᠠᠨ︔ ᠠᠵᠤ ᠦᠢᠯᠡᠰ ᠤᠨ | ᠤᠳᠤᠷᠢᠳᠤᠮᠵᠢ᠂ ᠬᠠᠷᠢᠯᠴᠠᠨ ᠬᠠᠪᠰᠤᠷᠤᠯᠴᠠᠬᠤ ᠵᠢᠭᠡᠯᠡᠯᠭᠡ ᠶᠢᠨ ᠳᠡᠮᠵᠢᠯᠭᠡ᠂ ᠣᠨᠳᠤᠤ ᠭᠠᠵᠠᠷ ᠨᠡᠭᠦᠯᠭᠡᠨ ᠶᠠᠳᠠᠭᠤ ᠶᠢ | ᠲᠡᠳᠬᠦᠬᠦ ᠵᠡᠷᠭᠡ ᠠᠷᠭ᠎ᠠ ᠠᠪᠴᠠᠯ ᠢᠶᠠᠷ ᠶᠠᠳᠠᠭᠤ ᠶᠢ ᠲᠡᠳᠬᠦᠬᠦ ᠲᠥᠷᠦᠯ ᠵᠦᠢᠯ ᠤᠨ ᠬᠡᠷᠡᠭᠵᠢᠭᠦᠯᠦᠯᠲᠡ ᠶᠢ | ᠠᠬᠢᠭᠤᠯᠤᠭᠰᠠᠨ︔ ᠵᠦᠷᠢᠶᠡᠨᠲᠤ ᠡᠳ᠋ ᠪᠤᠳᠠᠰ ᠤᠨ ᠬᠥᠬᠢᠭᠦᠯᠦᠯ ᠢ ᠬᠡᠷᠡᠭᠵᠢᠭᠦᠯᠬᠦ ᠪᠠ ᠫᠠᠶᠢᠰᠠ ᠡᠯᠭᠦᠨ ᠵᠢᠱᠢᠶ᠎ᠡ | ᠦᠵᠡᠭᠦᠯᠬᠦ ᠵᠣᠷᠢᠭ ᠰᠠᠨᠠᠭ᠎ᠠ ᠶᠢ ᠠᠬᠢᠭᠤᠯᠵᠤ ᠪᠠᠷ ᠳᠠᠮᠵᠢᠨ᠂ ᠶᠠᠳᠠᠭᠤ ᠬᠦᠴᠢᠷᠳᠡᠯᠲᠠᠢ ᠬᠦᠮᠦᠰ ᠤᠨ ᠳᠤᠲᠤᠭᠠᠳᠤ | ᠬᠦᠳᠡᠯᠭᠡᠬᠦ ᠬᠦᠴᠤ ᠶᠢ ᠬᠥᠭᠵᠢᠭᠡᠬᠦ ᠵᠡᠷᠭᠡ ᠦᠢᠯᠡ ᠠᠵᠢᠯᠯᠠᠭ᠎ᠠ ᠶᠢ ᠭᠦᠢᠴᠡᠳ ᠨᠣᠲᠠᠯᠠᠪᠠ᠃ | ᠹᠧᠩ ᠢᠣᠢ ᠵᠧᠨ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ | ᠨᠢ ᠭᠤᠷᠪᠠᠨ ᠶᠡᠭᠡ ᠪᠣᠭᠤᠮᠲᠠ ᠰᠢᠪᠲᠤᠯᠤᠯᠲᠠ ᠶᠢᠨ ᠨᠢᠭᠡ ᠪᠣᠯᠤᠭᠰᠠᠨ ᠤ ᠬᠤᠪᠢ ᠳᠤ ᠠᠯᠤᠰ ᠬᠡᠳᠤ ᠶᠢᠨ ᠠᠴᠢ | ᠬᠤᠯᠪᠤᠭᠳᠠᠯ ᠲᠠᠢ ᠪᠠᠶᠢᠵᠤ᠂ ᠬᠦᠴᠦᠨ ᠴᠢᠳᠠᠯ ᠤᠶᠤᠨ ᠤᠬᠠᠭᠠᠨ ᠢᠶᠠᠨ ᠰᠢᠪᠬᠠᠨ ᠰᠠᠶᠢᠲᠤᠷ ᠬᠢᠬᠦ ᠴᠢᠬᠤᠯᠠᠲᠠᠢ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠬᠤᠸᠠᠷ ᠬᠠᠳᠬᠤᠬᠤ ᠵᠣᠷᠢᠭ ᠰᠠᠨᠠᠭ᠎ᠠ ᠪᠠᠷ ᠠᠯᠬᠤᠮ ᠠᠯᠬᠤᠮ ᠢᠶᠠᠷ᠂ | ᠪᠠᠭ᠎ᠠ ᠪᠠᠭ᠎ᠠ ᠪᠠᠷ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠢ︔ ᠦᠷᠬᠦᠯᠵᠢᠯᠡᠨ ᠣᠨᠤᠪᠴᠢᠲᠠᠢ ᠪᠠᠷ | ᠲᠥᠷᠦ ᠶᠢᠨ ᠪᠣᠳᠤᠯᠭ᠎ᠠ ᠶᠢ ᠬᠡᠷᠡᠭᠵᠢᠭᠦᠯᠵᠦ᠂ ᠨᠠᠷᠢᠯᠢᠭ᠂ ᠣᠨᠤᠪᠴᠢᠲᠠᠢ᠂ ᠪᠤᠳᠠᠲᠠᠢ᠂ ᠰᠠᠶᠢᠨ ᠭᠡᠬᠦ ᠳᠦᠷᠪᠡᠨ | ᠦᠰᠦᠭ ᠤᠨ ᠪᠠᠷᠢᠮᠵᠢᠶ᠎ᠠ ᠪᠠᠷ ᠲᠥᠷᠦ ᠶᠢᠨ ᠪᠣᠳᠤᠯᠭ᠎ᠠ ᠪᠤᠯᠠᠭᠠᠨ ᠢ ᠰᠣᠳᠤᠯᠵᠤ᠂ ᠡᠷᠡᠭᠦᠯ ᠢᠶᠠᠷ ᠶᠠᠳᠠᠭᠤ ᠶᠢ ᠲᠡᠳᠬᠦᠬᠦ᠂ | ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠶᠢ ᠪᠠᠲᠤᠯᠠᠬᠤ᠂ | ᠠᠮᠤᠷ ᠲᠥᠪᠰᠢᠨ ᠣᠷᠤᠨ ᠰᠠᠭᠤᠴᠠ ᠶᠢ ᠪᠠᠲᠤᠯᠠᠬᠤ᠂ ᠠᠵᠢᠯ ᠣᠯᠭᠤᠵᠤ ᠠᠵᠢᠯ ᠤᠨ ᠪᠠᠶᠢᠷᠢ ᠬᠠᠩᠭᠠᠬᠤ ᠵᠡᠷᠭᠡ | ᠲᠥᠷᠦ ᠶᠢᠨ ᠪᠣᠳᠤᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠷᠦᠬᠡ ᠪᠦᠷᠢ ᠬᠥᠮᠦᠨ ᠪᠦᠷᠢ ᠳᠤ ᠬᠦᠷᠲᠡᠯ᠎ᠡ | ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ | ᠹᠧᠩ ᠢᠣᠢ ᠵᠧᠨ ᠴᠢᠩᠭᠠᠳᠬᠠᠭᠰᠠᠨ ᠨᠢ᠂ ᠢᠳᠡᠬᠡᠯ ᠪᠢᠰᠢᠷᠡᠯ ᠢᠶᠠᠨ ᠴᠢᠩᠭᠠᠳᠬᠠᠵᠤ᠂ ᠪᠥᠬᠦ ᠰᠢᠶᠠᠨ ᠤ | ᠬᠦᠴᠦᠨ ᠢ ᠨᠢᠭᠡᠳᠬᠡᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠯᠠᠯᠲᠠ ᠶᠢ ᠲᠡᠮᠡᠴᠡᠨ ᠣᠯᠬᠤ | ᠬᠡᠷᠡᠭᠲᠡᠢ︔ ᠶᠠᠳᠠᠭᠤ ᠬᠦᠴᠢᠷᠳᠡᠯᠲᠠᠢ ᠰᠢᠶᠠᠨ ᠠᠴᠠ ᠤᠬᠤᠷᠢᠨ ᠭᠠᠷᠬᠤ ᠪᠠᠷᠢᠮᠵᠢᠶ᠎ᠠ ᠪᠠ ᠶᠠᠳᠠᠭᠤ ᠬᠦᠴᠢᠷᠳᠡᠯᠲᠠᠢ | ᠣᠯᠠᠨ ᠲᠦᠮᠡᠨ ᠢ ᠪᠠᠶᠠᠵᠢᠭᠤᠯᠬᠤ ᠱᠠᠭᠠᠷᠳᠠᠯᠭ᠎ᠠ ᠶᠣᠰᠤᠭᠠᠷ᠂ ᠬᠠᠷᠢᠴᠠᠭᠤᠯᠤᠨ ᠬᠠᠷᠭᠤᠭᠤᠯᠵᠤ ᠶᠠᠳᠠᠭᠤ ᠠᠴᠠ | ᠠᠩᠭᠢᠵᠢᠷᠠᠭᠤᠯᠬᠤ᠂ ᠶᠠᠳᠠᠭᠤ ᠶᠢᠨ ᠮᠠᠯᠠᠭᠠᠢ ᠪᠠᠨ ᠲᠠᠶᠠᠭᠳᠠᠬᠤ ᠶᠢ ᠰᠠᠶᠢᠨ ᠠᠳᠬᠤᠬᠤ ᠬᠡᠷᠡᠭᠲᠡᠢ︔ ᠤᠬᠠᠭᠤᠯᠭ᠎ᠠ ᠶᠢᠨ | ᠬᠦᠴᠦᠯᠡᠴᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠢᠳᠡᠪᠬᠢᠵᠢᠯ ᠢ | ᠳᠠᠶᠢᠴᠢᠯᠠᠵᠤ᠂ ᠶᠠᠳᠠᠭᠤ ᠬᠦᠴᠢᠷᠳᠡᠯᠲᠠᠢ ᠣᠯᠠᠨ ᠲᠦᠮᠡᠨ ᠤ ᠳᠣᠲᠤᠭᠠᠳᠤ ᠬᠦᠳᠡᠯᠭᠡᠬᠦ ᠬᠦᠴᠦᠨ ᠢ ᠴᠨᠠᠭᠰᠢᠲᠠ | ᠨᠡᠮᠡᠭᠳᠡᠭᠦᠯᠵᠦ᠂ ᠰᠡᠳᠬᠢᠯ ᠨᠢᠭᠡᠳᠦᠨ ᠬᠦᠴᠦᠨ ᠬᠠᠮᠳᠤᠳᠬᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠯᠲᠠ ᠶᠢᠨ ᠳᠠᠶᠢᠨ ᠤ ᠢᠯᠠᠯᠲᠠ ᠶᠢ ᠲᠡᠮᠡᠴᠡᠨ ᠣᠯᠬᠤ ᠬᠡᠷᠡᠭᠲᠡᠢ ᠭᠡᠪᠡ᠃ |