ᠶᠢᠨ ᠴᠦᠨ ᠯᠢᠶᠠᠩ ᠦᠴᠦᠸᠠᠨ ᠰᠢᠶᠠᠨ ᠤ ᠬᠦᠯᠡᠮᠵᠢᠲᠦ ᠭᠡᠷ ᠢ ᠴᠡᠭᠴᠡᠯᠡᠨ ᠵᠠᠰᠠᠬᠤ ᠠᠵᠢᠯ ᠢ ᠰᠢᠮᠳᠠᠭᠤᠯᠤᠨ ᠵᠢᠯᠤᠭᠤᠳᠪᠠ
ᠨᠡᠶᠢᠲᠡᠯᠡᠭᠰᠡᠨ ᠴᠠᠭ᠄
2019/1/29
     1 ᠳ᠋ᠦ᠋ᠭᠡᠷ ᠰᠠᠷ᠎ᠠ ᠶᠢᠨ 21 ᠤ ᠡᠳᠦᠷ᠂ ᠰᠢᠶᠠᠨ ᠤ ᠳᠠᠷᠤᠭ᠎ᠠ ᠶᠢᠨ ᠴᠦᠨ ᠯᠢᠶᠠᠩ ᠬᠤᠭᠤᠯᠠᠢ ᠠᠭᠤᠯᠠ ᠰᠢᠶᠠᠩ ᠤᠨ ᠳ᠋ᠠ ᠳ᠋ᠸᠤ ᠫᠦ᠋ ᠲᠤᠰᠬᠤᠨ ᠪᠠ ᠬᠦᠬᠡ ᠡᠷᠭᠢ ᠪᠠᠯᠭᠠᠰᠤ ᠶᠢᠨ ᠹᠦ᠋ ᠷᠤ᠋ ᠳ᠋ᠦᠩ ᠲᠤᠰᠬᠤᠨ ᠳᠤ ᠬᠦᠷᠴᠤ ᠬᠦᠯᠡᠮᠵᠢᠲᠦ ᠭᠡᠷ ᠢ ᠴᠡᠭᠴᠡᠯᠡᠨ ᠵᠠᠰᠠᠬᠤ ᠠᠵᠢᠯ ᠢ ᠰᠢᠮᠳᠠᠭᠤᠯᠤᠨ ᠵᠢᠯᠤᠭᠤᠳᠪᠠ᠃ ᠰᠢᠶᠠᠨ ᠤ ᠤᠳᠤᠷᠢᠳᠤᠯᠭ᠎ᠠ ᠵᠠᠩ ᠬᠠᠢ ᠲᠣᠣ᠂ ᠷᠧᠨ ᠶᠠᠨ ᠰᠢᠶᠠᠩ ᠵᠢᠴᠢ ᠵᠠᠰᠠᠭ ᠤᠨ ᠣᠷᠳᠤᠨ ᠤ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠤᠯᠤᠰ ᠤᠨ ᠭᠠᠵᠠᠷ ᠰᠢᠷᠤᠢ ᠶᠢᠨ ᠲᠣᠪᠴᠢᠶ᠎ᠠ ᠶᠢᠨ ᠬᠠᠮᠢᠶ᠎ᠠ ᠪᠥᠬᠦᠢ ᠬᠠᠷᠢᠭᠤᠴᠠᠯᠭᠠᠲᠠᠳ ᠪᠠ ᠬᠤᠭᠤᠯᠠᠢ ᠠᠭᠤᠯᠠ ᠰᠢᠶᠠᠩ᠂ ᠬᠦᠬᠡ ᠡᠷᠭᠢ ᠪᠠᠯᠭᠠᠰᠤ ᠶᠢᠨ ᠭᠤᠣᠯ ᠪᠣᠯᠬᠤ ᠤᠳᠤᠷᠢᠳᠤᠯᠭ᠎ᠠ ᠪᠠᠷ᠎ᠠ ᠪᠣᠯᠪᠠ᠃       ᠶᠢᠨ ᠴᠦᠨ ᠯᠢᠶᠠᠩ ᠨᠠᠷ ᠤᠷᠢᠳ ᠬᠤᠵᠢᠳ ᠬᠤᠭᠤᠯᠠᠢ ᠠᠭᠤᠯᠠ ᠰᠢᠶᠠᠩ ᠤᠨ ᠳ᠋ᠠ ᠳ᠋ᠸᠤ ᠫᠦ᠋ ᠲᠤᠰᠬᠤᠨ ᠤ ᠢᠳᠡᠰᠢᠨ ᠮᠥᠭᠦ ᠶᠢᠨ ᠰᠠᠭᠤᠷᠢᠨ ᠭᠠᠵᠠᠷ᠂ ᠬᠦᠬᠡ ᠡᠷᠭᠢ ᠪᠠᠯᠭᠠᠰᠤ ᠶᠢᠨ ᠹᠦ᠋ ᠷᠤ᠋ ᠳ᠋ᠦᠩ ᠤᠨ ᠶᠢᠨ ᠰᠢᠨ ᠬᠤᠷᠰᠢᠶᠠᠵᠢᠯ ᠳᠤ ᠭᠦᠨᠵᠡᠭᠡᠶᠢᠷᠡᠵᠤ᠂《 ᠬᠦᠯᠡᠮᠵᠢᠲᠦ ᠭᠡᠷ》 ᠤᠨ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠭᠰᠠᠨ ᠪᠠᠶᠢᠳᠠᠯ ᠢ ᠨᠠᠷᠢᠨ ᠣᠶᠢᠯᠭᠠᠭᠰᠠᠨ ᠪᠥᠭᠡᠳ ᠵᠠᠷᠢᠮ ᠪᠤᠳᠠᠲᠠᠢ ᠠᠰᠠᠭᠤᠳᠠᠯ ᠤᠨ ᠲᠤᠬᠠᠢ ᠪᠠᠶᠢᠷᠢᠯᠠᠭᠤᠯᠤᠨ ᠲᠣᠬᠢᠷᠠᠭᠤᠯᠪᠠ᠃       ᠶᠢᠨ ᠴᠦᠨ ᠯᠢᠶᠠᠩ ᠵᠢᠢᠭᠠᠵᠤ ᠭᠠᠷᠭᠠᠭᠰᠠᠨ ᠨᠢ᠂ ᠤᠯᠤᠰ ᠲᠥᠷᠦ ᠶᠢᠨ ᠵᠣᠭᠰᠤᠯᠲᠠ ᠪᠠᠨ ᠤᠯᠠᠮ ᠨᠢᠭᠡ ᠠᠯᠬᠤᠮ ᠥᠨᠳᠦᠷᠵᠢᠭᠦᠯᠦᠨ᠂ ᠬᠦᠯᠡᠮᠵᠢᠲᠦ ᠭᠡᠷ ᠤᠨ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠴᠢᠬᠤᠯᠠ ᠴᠢᠨᠠᠷ ᠪᠠ ᠪᠠᠴᠢᠮ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠦᠯᠡᠮᠵᠢᠲᠦ ᠭᠡᠷ ᠢ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠤ᠂ ᠲᠥᠷᠦ ᠶᠢᠨ ᠪᠣᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠨ ᠬᠢᠵᠤ᠂ ᠴᠡᠭᠴᠡᠯᠡᠨ ᠵᠠᠰᠠᠯᠲᠠ ᠶᠢ ᠰᠢᠯᠭᠠᠨ ᠬᠤᠷᠢᠶᠠᠬᠤ ᠠᠵᠢᠯ ᠢ ᠱᠠᠭᠠᠷᠳᠠᠯᠭ᠎ᠠ ᠶᠣᠰᠤᠭᠠᠷ ᠴᠢᠩᠭ᠎ᠠ ᠥᠷᠨᠢᠭᠦᠯᠵᠤ᠂ ᠠᠵᠢᠯ ᠤᠨ ᠥᠨᠳᠦᠷ ᠪᠠᠷᠢᠮᠵᠢᠶ᠎ᠠ ᠪᠠᠷ ᠪᠤᠳᠠᠲᠠᠢ ᠦᠷ᠎ᠡ ᠪᠥᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号