| | | | | | 1 ᠳ᠋ᠦ᠋ᠭᠡᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠦᠨ ᠭᠤᠸᠠᠩ ᠵᠦᠩ ᠦᠴᠦᠸᠠᠨ | ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ 2018 ᠣᠨ ᠤ | ᠠᠷᠠᠳᠴᠢᠯᠠᠭᠰᠠᠨ ᠠᠮᠢᠳᠤᠷᠠᠯ ᠤᠨ ᠬᠤᠷᠠᠯ ᠳᠤ ᠣᠷᠤᠯᠴᠠᠪᠠ᠃ ᠲᠡᠷᠡ ᠴᠢᠩᠭᠠᠳᠬᠠᠭᠰᠠᠨ ᠨᠢ᠂ ᠦᠴᠦᠸᠠᠨ ᠰᠢᠶᠠᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠪᠠ ᠤᠳᠤᠷᠢᠳᠬᠤ ᠪᠠᠭ ᠤᠨ ᠭᠡᠰᠢᠭᠦᠳ | ᠠᠰᠠᠭᠤᠳᠠᠯ ᠤᠨ ᠲᠣᠳᠤᠷᠬᠠᠢ ᠬᠠᠭᠤᠳᠠᠰᠤ᠂ ᠰᠠᠶᠢᠵᠢᠷᠠᠭᠤᠯᠬᠤ ᠠᠷᠭ᠎ᠠ ᠠᠪᠴᠠᠯ᠂ ᠬᠠᠷᠠᠯᠲᠠ ᠡᠭᠦᠷᠭᠡ ᠪᠠ ᠴᠠᠭ ᠤᠨ | ᠬᠢᠵᠠᠭᠠᠷ ᠤᠨ ᠱᠠᠭᠠᠷᠳᠠᠯᠭ᠎ᠠ ᠶᠢ ᠲᠣᠳᠤᠷᠬᠠᠶᠢᠯᠠᠵᠤ᠂ ᠦᠨᠡᠨ ᠠᠴᠠ ᠵᠥᠪ ᠢ ᠡᠷᠢᠵᠤ᠂ ᠵᠣᠷᠢᠭᠲᠠᠢ ᠪᠠᠷ ᠬᠠᠲᠠᠭᠤ ᠶᠢ | ᠲᠤᠭᠤᠯᠬᠤ ᠣᠪᠤᠷ ᠪᠠ ᠥᠪᠡᠷ ᠢᠶᠠᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ᠂ ᠲᠤᠰᠬᠠᠭᠰᠠᠨ ᠠᠰᠠᠭᠤᠳᠠᠯ ᠪᠠ | ᠠᠰᠠᠭᠤᠳᠠᠯ ᠤᠨ ᠰᠢᠯᠲᠠᠭᠠᠨ ᠢ ᠡᠷᠢᠵᠤ ᠴᠡᠭᠴᠡᠯᠡᠨ ᠰᠠᠶᠢᠵᠢᠷᠠᠭᠤᠯᠵᠤ᠂ ᠪᠠᠲᠤ ᠵᠣᠷᠢᠭ ᠪᠠ ᠪᠤᠳᠠᠲᠠᠢ ᠠᠵᠢᠯᠯᠠᠭ᠎ᠠ ᠪᠠᠷ | ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠤᠨ ᠥᠪᠡᠷ ᠪᠡᠶ᠎ᠡ ᠶᠢᠨ ᠪᠠᠶᠢᠭᠤᠯᠤᠯᠲᠠ | ᠪᠠ ᠡᠯ᠎ᠡ ᠵᠦᠢᠯ ᠤᠨ ᠠᠵᠤ ᠦᠢᠯᠡᠰ ᠤᠨ ᠬᠥᠭᠵᠢᠯᠲᠡ ᠶᠢᠨ ᠬᠢᠷᠢ ᠲᠥᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ ᠭᠡᠪᠡ᠃ | ᠦᠴᠦᠸᠠᠨ ᠰᠢᠶᠠᠨ ᠤ ᠬᠢᠨ ᠲᠤᠰ ᠤᠳᠠᠭᠠᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠶᠡᠬᠡᠪᠡᠷ | ᠬᠦᠨᠳᠦᠳᠬᠡᠨ ᠦᠵᠡᠵᠦ᠂ ᠬᠤᠷᠠᠯ ᠠᠴᠠ ᠡᠮᠦᠨ᠎ᠡ ᠭᠦᠢᠴᠡᠳ ᠪᠡᠯᠡᠳᠬᠡᠯ ᠬᠢᠭᠰᠡᠨ ᠪᠠᠶᠢᠨ᠎ᠠ᠃ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠬᠤᠷᠠᠯ ᠢ | ᠡᠷᠬᠢᠯᠡᠨ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠢ | ᠲᠥᠯᠦᠭᠡᠯᠡᠵᠤ ᠬᠠᠷᠭᠤᠭᠤᠯᠤᠨ ᠪᠠᠶᠢᠴᠠᠭᠠᠵᠤ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠴᠠ | ᠬᠤᠪᠢ ᠬᠥᠮᠦᠨ ᠤ ᠳᠠᠷᠠᠭᠠᠯᠠᠭᠰᠠᠨ ᠬᠠᠷᠭᠤᠭᠤᠯᠤᠨ ᠪᠠᠶᠢᠴᠠᠭᠠᠯᠲᠠ ᠬᠢᠭᠰᠡᠨ ᠪᠥᠭᠡᠳ ᠨᠠᠷᠢᠨ ᠬᠢᠨᠠᠮᠠᠭᠠᠢ ᠪᠠᠷ | ᠬᠠᠷᠢᠯᠴᠠᠨ ᠰᠢᠭᠦᠮᠵᠢᠯᠡᠯ ᠬᠢᠪᠡ᠃ | ᠶᠦᠨ ᠭᠤᠸᠠᠩ ᠵᠦᠩ ᠵᠢᠭᠠᠵᠤ ᠭᠠᠷᠭᠠᠭᠰᠠᠨ ᠨᠢ᠂ ᠦᠴᠦᠸᠠᠨ ᠰᠢᠶᠠᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠡᠷᠢᠵᠤ ᠭᠠᠷᠭᠠᠭᠰᠠᠨ ᠠᠰᠠᠭᠤᠳᠠᠯ ᠨᠢ ᠪᠥᠬᠦ ᠲᠠᠯ᠎ᠠ ᠶᠢᠨ | ᠪᠥᠭᠡᠳ ᠪᠤᠳᠠᠲᠠᠢ᠂ ᠰᠢᠯᠲᠠᠭᠠᠨ ᠢ ᠵᠠᠳᠠᠯᠤᠭᠰᠠᠨ ᠨᠢ ᠨᠡᠯᠢᠶᠡᠳ ᠭᠦᠨᠵᠡᠭᠡᠢ᠂ ᠬᠠᠷᠢᠯᠴᠠᠨ ᠰᠢᠭᠦᠮᠵᠢᠯᠡᠯ ᠨᠢ ᠰᠢᠭᠤᠳ | ᠰᠢᠯᠤᠭᠤᠨ᠂ ᠴᠡᠭᠴᠡᠯᠡᠨ ᠵᠠᠰᠠᠬᠤ ᠴᠢᠭᠯᠡᠯ ᠨᠢ ᠢᠯᠡ ᠲᠣᠳᠤᠷᠬᠠᠢ ᠪᠠᠶᠢᠵᠤ ᠰᠢᠭᠦᠮᠵᠢᠯᠡᠬᠦ᠂ ᠰᠣᠯᠢᠯᠴᠠᠬᠤ᠂ | ᠰᠡᠷᠡᠮᠵᠢᠯᠡᠭᠦᠯᠬᠦ᠂ ᠳᠡᠭᠡᠭᠰᠢᠯᠡᠭᠦᠯᠬᠦ ᠵᠣᠷᠢᠯᠭ᠎ᠠ ᠳᠤ ᠪᠠᠨ ᠬᠦᠷᠴᠤ᠂ ᠨᠢᠭᠡ ᠤᠳᠠᠭᠠᠨ ᠤ ᠴᠢᠨᠠᠷᠯᠢᠭ ᠠᠷᠠᠳᠴᠢᠯᠠᠭᠰᠠᠨ | ᠠᠮᠢᠳᠤᠷᠠᠯ ᠤᠨ ᠬᠤᠷᠠᠯ ᠪᠣᠯᠵᠠᠢ ᠭᠡᠪᠡ᠃ | ᠶᠦᠨ ᠭᠤᠸᠠᠩ ᠵᠦᠩ ᠴᠢᠩᠭᠠᠳᠬᠠᠭᠰᠠᠨ ᠨᠢ᠂ ᠦᠴᠦᠸᠠᠨ ᠰᠢᠶᠠᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ | ᠣᠨᠤᠯ ᠢᠶᠠᠷ ᠵᠡᠪᠰᠡᠭᠯᠡᠬᠦ ᠶᠢᠨ ᠴᠢᠬᠤᠯᠠ ᠵᠦᠢᠯ ᠪᠤᠯᠭᠠᠵᠤ᠂ ᠤᠯᠤᠰ ᠲᠥᠷᠦ ᠶᠢᠨ ᠴᠢᠭᠯᠡᠯ ᠢ ᠪᠠᠲᠤ ᠰᠠᠬᠢᠵᠤ᠂ ᠤᠯᠤᠰ | ᠲᠥᠷᠦ ᠶᠢᠨ ᠵᠣᠭᠰᠤᠯᠲᠠ ᠪᠠᠨ ᠪᠠᠲᠤᠳᠬᠠᠨ᠂《 ᠬᠤᠶᠠᠷ ᠢ ᠬᠠᠮᠠᠭᠠᠯᠠᠬᠤ》 ᠶᠢ ᠡᠷᠡᠰ ᠪᠠᠷᠢᠮᠲᠠᠯᠠᠬᠤ ᠬᠡᠷᠡᠭᠲᠡᠢ᠃ | ᠲᠥᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠠᠷᠢᠭᠤ | ᠳᠤᠰᠬᠠᠭᠰᠠᠨ ᠰᠠᠨᠠᠯ ᠢ ᠴᠡᠭᠴᠡᠯᠡᠨ ᠵᠠᠰᠠᠬᠤ ᠶᠢ ᠨᠠᠶᠢᠳᠠᠪᠤᠷᠢᠵᠢᠭᠤᠯᠬᠤ ᠠᠵᠢᠯ ᠢ ᠴᠢᠩᠭ᠎ᠠ ᠠᠳᠬᠤᠵᠤ᠂ ᠶᠠᠳᠠᠭᠤ ᠠᠴᠠ | ᠠᠩᠭᠢᠵᠢᠷᠠᠭᠤᠯᠬᠤ ᠥᠷ᠎ᠡ ᠪᠥᠲᠦᠮᠵᠢ ᠶᠢᠨ ᠪᠠᠬᠢᠵᠢᠬᠦ ᠶᠢ ᠴᠢᠨᠠᠷᠯᠢᠭ ᠰᠠᠶᠢᠲᠤᠷ ᠠᠳᠬᠤᠵᠤ᠂ ᠬᠠᠷᠢᠭᠤᠴᠠᠯᠭ᠎ᠠ ᠪᠠᠨ | ᠴᠢᠩᠭᠠᠳᠬᠠᠵᠤ᠂ ᠠᠵᠢᠯ ᠤᠨ ᠭᠤᠣᠯᠳᠠᠯᠭ᠎ᠠ ᠪᠠᠨ ᠲᠣᠳᠤᠷᠬᠠᠶᠢᠯᠠᠵᠤ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠳᠠᠶᠢᠨ ᠤ ᠢᠯᠠᠯᠲᠠ ᠶᠢ ᠣᠯᠬᠤ ᠬᠡᠷᠡᠭᠲᠡᠢ᠃ ᠨᠠᠮ ᠤᠨ ᠳᠣᠲᠤᠭᠠᠳᠤ ᠶᠢᠨ ᠤᠯᠤᠰ ᠲᠥᠷᠦ ᠶᠢᠨ | ᠠᠮᠢᠳᠤᠷᠠᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳᠴᠢᠯᠠᠯ ᠲᠥᠪᠯᠡᠷᠡᠯ ᠤᠨ ᠳᠦᠷᠢᠮ ᠢ ᠨᠠᠷᠢᠨ ᠬᠢᠨᠠᠮᠠᠭᠠᠢ | ᠲᠤᠭᠤᠰᠢᠯᠠᠭᠤᠯᠵᠤ᠂ ᠨᠠᠮ ᠤᠨ ᠰᠤᠷᠲᠠᠯ ᠪᠠ ᠴᠢᠭᠡᠴᠢ ᠵᠠᠰᠠᠭ ᠤᠨ ᠪᠠᠶᠢᠭᠤᠯᠤᠯᠲᠠ᠂ ᠢᠯᠵᠠᠷᠠᠯ ᠢ ᠡᠰᠡᠷᠭᠦᠴᠡᠬᠦ | ᠲᠡᠮᠡᠴᠡᠯ ᠢ ᠭᠦᠨᠵᠡᠭᠡᠢ ᠠᠬᠢᠭᠤᠯᠵᠤ᠂ ᠴᠢᠩᠭ᠎ᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ | ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠨᠠᠮ ᠢ ᠬᠠᠮᠢᠶᠠᠷᠬᠤ᠂ ᠨᠠᠮ ᠢ ᠵᠠᠰᠠᠬᠤ ᠤᠯᠤᠰ ᠲᠥᠷᠦ ᠶᠢᠨ | ᠬᠠᠷᠢᠭᠤᠴᠠᠯᠭ᠎ᠠ ᠶᠢ ᠰᠢᠭᠤᠷᠬᠠᠢ ᠡᠭᠦᠷᠭᠡᠯᠡᠬᠦ ᠬᠡᠷᠡᠭᠲᠡᠢ᠃ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠬᠦᠴᠦᠯᠡᠨ ᠠᠬᠢᠭᠤᠯᠵᠤ᠂ ᠬᠠᠷ᠎ᠠ ᠪᠥᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠶᠡᠬᠡᠪᠡᠷ | ᠲᠦᠯᠬᠢᠨ ᠠᠬᠢᠭᠤᠯᠵᠤ᠂ ᠠᠮᠤᠷ ᠲᠥᠪᠰᠢᠨ ᠠᠮᠤᠷ ᠲᠣᠭᠲᠠᠭᠤᠨ ᠤ ᠡᠯ᠎ᠡ ᠵᠦᠢᠯ ᠤᠨ ᠠᠵᠢᠯ ᠢ ᠨᠢᠭᠡᠳᠦᠯᠲᠠᠢ | ᠲᠥᠯᠦᠪᠵᠢᠭᠦᠯᠦᠨ ᠠᠬᠢᠭᠤᠯᠵᠤ᠂ ᠪᠠᠶᠢᠯᠳᠤᠬᠤ ᠪᠣᠳᠤᠯᠭ᠎ᠠ ᠶᠢᠨ ᠪᠠᠲᠤ ᠬᠦᠴᠦᠨ ᠢ ᠪᠠᠷᠢᠮᠲᠠᠯᠠᠵᠤ᠂ ᠬᠤᠷᠢᠭ᠎ᠠ | ᠱᠣᠭᠤᠮ ᠤᠨ ᠰᠡᠳᠬᠢᠭᠦᠢ ᠶᠢ ᠪᠠᠲᠤᠳᠬᠠᠵᠤ᠂ ᠠᠵᠤ ᠠᠬᠤᠢ ᠶᠢᠨ ᠡᠷᠡᠭᠦᠯ ᠬᠥᠭᠵᠢᠯᠲᠡ᠂ ᠨᠡᠶᠢᠭᠡᠮ ᠤᠨ ᠡᠶ᠎ᠡ | ᠨᠠᠶᠢᠷᠠᠮᠳᠠᠭᠤ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃ | ᠬᠤᠷᠠᠯ ᠤᠨ ᠳᠠᠷᠠᠭ᠎ᠠ᠂ ᠶᠦᠨ ᠭᠤᠸᠠᠩ ᠵᠦᠩ ᠬᠦᠬᠡ ᠡᠷᠭᠢ ᠪᠠᠯᠭᠠᠰᠤ ᠶᠢᠨ ᠬᠦᠴᠢᠷᠳᠡᠯᠲᠠᠢ ᠠᠬᠠᠮᠠᠳ | ᠨᠠᠮ ᠤᠨ ᠭᠡᠰᠢᠭᠦᠨ ᠹᠠᠨ ᠱᠸᠤ ᠰᠢᠨ ᠪᠠ ᠬᠦᠴᠢᠷᠳᠡᠯᠲᠡᠢ ᠣᠯᠠᠨ ᠲᠥᠮᠡᠨ ᠤ ᠨᠢᠭᠡ ᠪᠣᠯᠬᠤ ᠵᠠᠩ ᠫᠢᠩ ᠱᠦᠨ ᠢ | ᠪᠣᠯᠭᠤᠭᠠᠨ ᠲᠣᠬᠤᠨᠢᠭᠤᠯᠵᠤ᠂ ᠲᠡᠳᠡᠨᠠᠷ ᠲᠤ ᠨᠠᠮ ᠪᠠ ᠵᠠᠰᠠᠭ ᠤᠨ ᠣᠷᠳᠤᠨ ᠤ ᠬᠠᠶᠢᠷ᠎ᠠ ᠬᠠᠯᠠᠮᠵᠢ ᠵᠢᠴᠢ ᠴᠠᠭᠠᠨ | ᠰᠠᠷ᠎ᠠ ᠶᠢᠨ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃ |