ᠶᠦᠨ ᠬᠠᠢ ᠳᠡᠭᠡᠷ᠎ᠡ ᠲᠣᠬᠤᠢ ᠰᠢᠶᠠᠩ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019/11/19
     10 ᠰᠠᠷ᠎ᠠ ᠶᠢᠨ 31 ᠤ ᠡᠳᠦᠷ᠂ ᠬᠤᠲᠠ ᠵᠢᠨ‌ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠳᠡᠭᠡᠷ᠎ᠡ ᠲᠣᠬᠤᠢ ᠰᠢᠶᠠᠩ ᠤᠨ ᠴᠣᠬᠤᠶᠢᠲᠤ ᠭᠤᠤ ᠲᠣᠰᠬᠤᠨ ᠳᠤ ᠭᠦᠨᠵᠡᠭᠡᠶᠢᠷᠡᠵᠦ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠥᠲᠦᠭᠡᠨ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠱᠠᠰᠢᠨ ᠰᠤᠷᠲᠠᠬᠤᠨ ᠤ ᠴᠤᠭᠯᠠᠭᠠᠨ ᠤ ᠭᠠᠵᠠᠷ ᠤᠨ ᠲᠤᠬᠠᠶ ᠪᠠᠢᠴᠠᠭᠠᠯᠲᠠ ᠬᠢᠵᠡᠶ᠃       ᠰᠠᠭᠤᠳᠠᠯ ᠤᠨ ᠬᠤᠷᠠᠯ ᠳᠡᠭᠡᠷ᠎ᠡ᠂ ᠶᠦᠨ ᠬᠠᠢ ᠱᠠᠭᠠᠷᠳᠠᠭᠰᠠᠨ ᠨᠢ ᠭᠤᠤᠯ ᠰᠡᠳᠦᠪᠲᠦ ᠬᠥᠮᠦᠵᠢᠯ ᠲᠠᠢ ᠨᠢᠭᠲᠠ ᠤᠶᠠᠯᠳᠤᠭᠤᠯᠤᠨ ᠠᠰᠠᠭᠤᠳᠠᠯ ᠢ ᠪᠠᠶᠢᠴᠠᠭᠠᠨ ᠦᠵᠡᠵᠦ᠂ ᠣᠯᠠᠨ ᠲᠦᠮᠡᠨ ᠤ ᠳᠡᠷᠭᠡᠳᠡᠬᠢ ᠰᠡᠳᠬᠢᠯ ᠵᠣᠪᠠᠨᠢᠬᠤ ᠶᠠᠪᠤᠳᠠᠯ᠂ ᠰᠡᠳᠬᠢᠯ  ᠰᠢᠨᠠᠯᠭᠠᠬᠤ ᠶᠠᠪᠤᠳᠠᠯ ᠢ ᠠᠷᠠᠳ ᠲᠦᠮᠡᠨ ᠳᠤ ᠦᠢᠯᠡᠴᠢᠯᠡᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠨᠠᠷᠢᠨ ᠳᠠᠩᠰᠠᠨ ᠳᠤ ᠣᠷᠣᠭᠤᠯᠵᠤ᠂ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃ ᠱᠠᠰᠢᠨ ᠰᠤᠷᠲᠠᠬᠤᠨ ᠤ ᠠᠵᠢᠯ ᠤᠨ ᠬᠠᠮᠢᠶᠠᠷᠤᠯᠲᠠ ᠶᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠥᠲᠦᠭᠡᠨ ᠪᠠᠶᠢᠭᠤᠯᠤᠯᠲᠠ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ ᠂ ᠵᠢᠭᠰᠠᠭᠠᠨ ᠪᠠᠶᠢᠴᠠᠭᠠᠵᠤ ᠬᠠᠮᠢᠶᠠᠷᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠢᠮᠠᠭᠲᠠ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠬᠦ ᠶᠢᠨ ᠬᠠᠮᠲᠤ ᠶᠠᠳᠠᠭᠤ ᠠᠴᠠ ᠠᠩᠭᠢᠵᠢᠷᠠᠭᠠᠳᠤᠶ ᠬᠥᠮᠦᠨ ᠠᠮᠠ ᠶᠢᠨ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠦᠨᠡᠨᠬᠦ ᠰᠠᠶᠢᠲᠤᠷ ᠬᠢᠬᠦ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号