| | | ᠰᠤᠷᠪᠤᠯᠵᠢᠯᠠᠭᠰᠠᠨ ᠴᠠᠭ᠄ 2018 ᠣᠨ ᠤ 8 ᠳ᠋ᠤᠭᠠᠷ ᠰᠠᠷ᠎ᠠ ᠶᠢᠨ 17 ᠤ ᠦᠳᠡ ᠶᠢᠨ ᠡᠮᠦᠨᠡᠬᠢ 10 | ᠴᠠᠭ 30 ᠮᠢᠨᠦ᠋ᠲ | ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠳᠡᠳ᠋ | ᠳᠠᠷᠤᠭ᠎ᠠ ᠯᠢᠦᠢ ᠵᠢᠩ ᠶᠤᠸᠠᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ | ᠬᠢᠨᠠᠨ ᠪᠣᠳᠣᠬᠤ ᠲᠢᠩᠬᠢᠮ ᠤᠨ ᠳᠡᠳ᠋ ᠳᠠᠷᠤᠭ᠎ᠠ ᠯᠢᠦᠢ ᠵᠢᠩ ᠶᠤᠸᠠᠨ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠦᠯᠵᠢᠶ᠎ᠡ ᠶᠢᠨ ᠰᠤᠷᠪᠤᠯᠵᠢᠯᠠᠭ᠎ᠠ ᠶᠢᠨ ᠪᠤᠯᠤᠩ ᠳᠤ ᠤᠷᠢᠵᠤ᠂ ᠮᠠᠨ ᠤ ᠣᠷᠣᠨ ᠤ ᠬᠢᠨᠠᠨ ᠪᠣᠳᠣᠵᠤ | ᠬᠢᠨᠠᠯᠲᠠ ᠲᠠᠯᠪᠢᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠦᠨᠳᠦ ᠶᠡᠭᠡ ᠲᠦᠭᠰᠢᠭᠦᠷᠢ ᠶᠢ ᠰᠡᠷᠡᠮᠵᠢᠯᠡᠭᠦᠯᠦᠨ | ᠨᠠᠮᠳᠠᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠢᠭᠤᠷᠬᠠᠢ ᠪᠠᠷ ᠰᠠᠶᠢᠲᠤᠷ ᠬᠢᠬᠦ ᠲᠤᠬᠠᠢ ᠬᠠᠮᠢᠶ᠎ᠠ ᠪᠦᠬᠦᠢ | ᠠᠭᠤᠯᠭ᠎ᠠ ᠶᠢ ᠰᠦᠯᠵᠢᠶ᠎ᠡ ᠪᠠᠷ ᠣᠯᠠᠨ ᠳᠤ ᠲᠠᠶᠢᠯᠤᠮᠵᠢ ᠬᠢᠯᠭᠡᠬᠦ ᠪᠣᠯᠣᠯ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠲᠤᠰ ᠬᠤᠭᠤᠴᠠᠭᠠᠨ ᠤ ︽ᠳᠤᠮᠳᠠᠳᠤ ᠤᠯᠤᠰ · | ᠥᠪᠥᠷ ᠮᠣᠩᠭᠤᠯ︾ ᠰᠦᠯᠵᠢᠶ᠎ᠡ ᠶᠢᠨ ᠰᠤᠷᠪᠤᠯᠵᠢᠯᠠᠭ᠎ᠠ ᠶᠢᠨ ᠪᠣᠯᠣᠩ ᠢ ᠬᠦᠯᠢᠶᠡᠨ ᠠᠪᠴᠤ ᠦᠵᠡᠬᠦ ᠶᠢ ᠴᠢᠨᠢ | ᠪᠠᠶᠠᠷᠯᠠᠨ ᠤᠭᠲᠤᠵᠤ ᠪᠠᠶᠢᠨ᠎ᠠ᠃ ᠡᠨᠡ ᠡᠳᠦᠷ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ | ᠲᠢᠩᠬᠢᠮ ᠤᠨ ᠳᠡᠳ᠋ ᠳᠠᠷᠤᠭ᠎ᠠ ᠯᠢᠦᠢ ᠵᠢᠩ ᠶᠤᠸᠠᠨ ᠢ ᠤᠷᠢᠵᠤ᠂ ᠮᠠᠨ ᠤ ᠣᠷᠣᠨ ᠤ ᠬᠢᠨᠠᠨ ᠪᠣᠳᠣᠵᠤ ᠬᠢᠨᠠᠯᠲᠠ | ᠲᠠᠯᠪᠢᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠦᠨᠳᠦ ᠶᠡᠭᠡ ᠲᠦᠭᠰᠢᠭᠦᠷᠢ ᠶᠢ ᠰᠡᠷᠡᠮᠵᠢᠯᠡᠭᠦᠯᠦᠨ | ᠨᠠᠮᠳᠠᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠢᠭᠤᠷᠬᠠᠢ ᠪᠠᠷ ᠰᠠᠶᠢᠲᠤᠷ ᠬᠢᠬᠦ ᠲᠤᠬᠠᠢ ᠬᠠᠮᠢᠶ᠎ᠠ ᠪᠦᠬᠦᠢ | ᠠᠭᠤᠯᠭ᠎ᠠ ᠶᠢ ᠰᠦᠯᠵᠢᠶ᠎ᠡ ᠪᠠᠷ ᠣᠯᠠᠨ ᠳᠤ ᠲᠠᠶᠢᠯᠤᠮᠵᠢ ᠬᠢᠯᠭᠡᠬᠦ ᠪᠣᠯᠣᠯ᠎ᠠ᠃ ᠯᠢᠦᠢ ᠲᠢᠩᠬᠢᠮ ᠤᠨ ᠳᠠᠷᠤᠭ᠎ᠠ ᠶᠢ | ᠪᠠᠶᠠᠷᠯᠠᠨ ᠤᠭᠲᠤᠵᠤ ᠪᠠᠶᠢᠨ᠎ᠠ᠃ | ᠯᠢᠦᠢ ᠵᠢᠩ ᠶᠤᠸᠠᠨ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠣᠯᠠᠨ ᠲᠠᠢ ᠰᠠᠨᠠᠯ | ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ | ᠬᠥᠲᠥᠯᠥᠭᠴᠢ᠄ | ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠬᠦᠨᠳᠦ ᠶᠡᠭᠡ | ᠲᠦᠭᠰᠢᠭᠦᠷᠢ ᠶᠢ ᠰᠡᠷᠡᠮᠵᠢᠯᠡᠭᠦᠯᠦᠨ ᠨᠠᠮᠳᠠᠭᠠᠬᠤ ᠪᠠᠷ ᠮᠥᠷᠳᠡᠵᠦ ᠬᠢᠨᠠᠨ ᠪᠣᠳᠣᠬᠤ ᠶᠢ ᠰᠠᠶᠢᠲᠤᠷ ᠬᠢᠬᠦ ᠶᠢᠨ ᠴᠢᠬᠤᠯᠠ | ᠶᠡᠭᠡ ᠠᠴᠢ ᠬᠤᠯᠪᠣᠭᠳᠠᠯ ᠢ ᠬᠡᠷᠬᠢᠨ ᠲᠠᠨᠢᠵᠤ ᠪᠠᠶᠢᠬᠤ ᠲᠤᠬᠠᠢ ᠯᠢᠦᠢ ᠲᠢᠩᠬᠢᠮ ᠤᠨ ᠳᠠᠷᠤᠭ᠎ᠠ ᠪᠢᠳᠡᠨ ᠳᠤ | ᠲᠠᠨᠢᠯᠴᠠᠭᠤᠯᠤᠭᠠᠳ ᠥᠭᠭᠦᠨ᠎ᠡ ᠦᠦ︖ | ᠯᠢᠦᠢ ᠵᠢᠩ ᠶᠤᠸᠠᠨ᠄ | ᠲᠡᠭᠡᠶ᠎ᠡ᠃ ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠠᠴᠠ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾ ᠢ | ᠬᠦᠴᠦᠯᠡᠨ ᠰᠠᠶᠢᠲᠤᠷ ᠬᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠰ ᠠᠵᠢᠯ ᠢ ᠨᠢᠭᠡᠨ ᠴᠢᠬᠤᠯᠠ | ᠡᠭᠦᠷᠭᠡ ᠪᠣᠯᠭᠠᠨ ᠠᠳᠬᠤᠭᠰᠠᠭᠠᠷ ᠢᠷᠡᠪᠡ᠃ ᠢᠯᠠᠩᠭᠤᠶ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ | ᠬᠤᠶᠢᠰᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠶᠡᠷᠦᠩᠬᠡᠢ ᠱᠦᠵᠢ ᠰᠢ ᠶᠢᠨ | ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠳᠤ ᠣᠷᠣᠯᠴᠠᠵᠤ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠢᠶᠠᠷ ᠬᠢᠨᠠᠨ ᠵᠥᠪᠯᠡᠭᠦᠯᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠬᠢᠨᠠᠨ ᠪᠣᠳᠣᠬᠤ ᠠᠵᠢᠯ ᠤᠨ ᠬᠤᠷᠠᠯ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ᠂ | ᠲᠠᠪᠤᠳᠤᠭᠠᠷ ᠤᠳᠠᠭᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ᠂ ᠮᠠᠨ ᠤ | ᠤᠯᠤᠰ ᠤᠨ ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ ᠶᠢ ᠴᠢᠩᠭ᠎ᠠ ᠡᠵᠡᠮᠳᠡᠵᠦ᠂ ︽ᠰᠢᠨ᠎ᠡ ᠶᠢ ᠡᠭᠦᠳᠬᠦ᠂ | ᠡᠶ᠎ᠡ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡ ᠬᠢᠭᠰᠡᠨ᠂ ᠬᠠᠮᠲᠤ ᠳᠤ ᠪᠠᠨ ᠬᠦᠷᠲᠡᠬᠦ︾ ᠬᠥᠭᠵᠢᠯᠲᠡ ᠶᠢᠨ | ᠣᠨᠣᠯᠵᠢᠬᠤᠨ ᠢ ᠯᠠᠪᠳᠠᠭᠤᠨ ᠪᠠᠲᠤᠲᠠᠢ ᠪᠣᠢ ᠪᠣᠯᠭᠠᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ ︽ᠳᠥᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠪᠠᠶᠢᠯᠭᠠᠬᠤ | ᠮᠥᠷᠲᠡᠭᠡᠨ ᠤᠷᠤᠭᠰᠢᠯᠠᠨ ᠳᠠᠪᠰᠢᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠪᠠ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠴᠢᠩᠭ᠎ᠠ ᠨᠢᠭᠲᠠᠷᠠᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ ᠪᠠᠷ ᠭᠤᠣᠯ ᠱᠤᠭᠤᠮ ᠪᠣᠯᠭᠠᠨ᠂ ᠬᠦᠨᠳᠦ ᠶᠡᠭᠡ | ᠲᠦᠭᠰᠢᠭᠦᠷᠢ ᠶᠢ ᠰᠡᠷᠡᠮᠵᠢᠯᠡᠭᠦᠯᠦᠨ ᠨᠠᠮᠳᠠᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠶᠢ | ᠭᠤᠣᠯᠳᠠᠭᠤᠯᠤᠨ ᠠᠩᠬᠠᠷᠴᠤ᠂ ᠬᠢᠨᠠᠨ ᠪᠣᠳᠣᠬᠤ ᠵᠠᠬᠢᠷᠭ᠎ᠠ ᠠᠴᠠ ᠲᠠᠷᠬᠠᠭᠠᠭᠰᠠᠨ ᠵᠢᠯᠣᠭᠤᠳᠤᠨ ᠬᠡᠷᠡᠭᠵᠢᠭᠦᠯᠬᠦ | ᠰᠠᠨᠠᠯ ᠤᠨ ᠲᠣᠭᠤᠷᠢᠨ ᠳᠤ᠂ ᠬᠢᠨᠠᠨ ᠪᠣᠳᠣᠬᠤ ᠳᠦᠷᠢᠮ ᠢ ᠲᠡᠭᠦᠯᠳᠡᠷᠵᠢᠭᠦᠯᠦᠨ᠂ ᠬᠢᠨᠠᠨ ᠪᠣᠳᠣᠬᠤ ᠴᠢᠳᠠᠪᠤᠷᠢ ᠪᠠᠨ | ᠳᠡᠭᠡᠭᠰᠢᠯᠡᠭᠦᠯᠵᠦ᠂ ᠬᠢᠨᠠᠨ ᠪᠣᠳᠣᠬᠤ ᠡᠷᠴᠢᠮ ᠢᠶᠠᠨ ᠴᠢᠩᠭᠠᠷᠠᠭᠤᠯᠵᠤ᠂ ᠬᠢᠨᠠᠨ ᠪᠣᠳᠣᠬᠤ ᠶᠠᠰᠤ ᠴᠢᠨᠠᠷ ᠢᠶᠠᠨ | ᠳᠡᠭᠡᠭᠰᠢᠯᠡᠭᠦᠯᠦᠨ᠂ ᠬᠢᠨᠠᠨ ᠪᠣᠳᠣᠵᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ | ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠳᠤᠮᠳᠠᠬᠢ ᠬᠢᠨᠠᠨ ᠪᠣᠳᠣᠬᠤ ᠶᠢᠨ ᠴᠢᠬᠤᠯᠠ ᠦᠢᠯᠡᠳᠦᠯ ᠢ ᠨᠡᠩ ᠰᠠᠶᠢᠲᠤᠷ | ᠪᠠᠳᠠᠷᠠᠭᠤᠯᠵᠠᠢ᠃ | ᠬᠥᠲᠥᠯᠥᠭᠴᠢ᠄ | ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠣᠶᠢᠷ᠎ᠠ ᠶᠢᠨ ᠵᠢᠯ ᠤᠳ ᠤᠨ ᠬᠦᠨᠳᠦ ᠶᠡᠭᠡ | ᠲᠦᠭᠰᠢᠭᠦᠷᠢ ᠶᠢ ᠰᠡᠷᠡᠮᠵᠢᠯᠡᠭᠦᠯᠦᠨ ᠨᠠᠮᠳᠠᠭᠠᠬᠤ ᠪᠠᠷ ᠮᠥᠷᠳᠡᠵᠦ ᠬᠢᠨᠠᠨ ᠪᠣᠳᠣᠭᠰᠠᠨ ᠪᠠᠶᠢᠳᠠᠯ ᠢ ᠲᠠᠨᠢᠯᠴᠠᠭᠤᠯᠤᠭᠠᠳ | ᠥᠭᠭᠦᠨ᠎ᠡ ᠦᠦ︖ | ᠯᠢᠦᠢ ᠵᠢᠩ ᠶᠤᠸᠠᠨ᠄ | 2018 ᠣᠨ ᠤ 4 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠣᠷᠣᠨ ᠳᠤ ᠨᠡᠶᠢᠲᠡ 1518 ᠬᠢᠨᠠᠨ | ᠪᠣᠳᠣᠬᠤ ᠠᠵᠢᠯᠲᠠᠨ ᠬᠦᠨᠳᠦ ᠶᠡᠭᠡ ᠲᠦᠭᠰᠢᠭᠦᠷᠢ ᠶᠢ ᠰᠡᠷᠡᠮᠵᠢᠯᠡᠭᠦᠯᠦᠨ ᠨᠠᠮᠳᠠᠭᠠᠬᠤ ᠪᠠᠷ ᠮᠥᠷᠳᠡᠵᠦ ᠬᠢᠨᠠᠨ | ᠪᠣᠳᠣᠬᠤ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠮᠥᠷᠳᠡᠵᠦ ᠬᠢᠨᠠᠨ | ᠪᠣᠳᠣᠭᠰᠠᠨ ᠮᠡᠳᠡᠭᠦᠯᠦᠯᠲᠡ ᠨᠡᠶᠢᠲᠡ 10 ᠲᠤᠰᠢᠶᠠᠵᠤ᠂ ᠬᠤᠯᠪᠣᠭᠳᠠᠭᠰᠠᠨ ᠬᠦᠷᠢᠶ᠎ᠡ ᠴᠠᠷᠠᠭ᠎ᠠ ᠨᠢ ᠣᠷᠣᠨ | ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡᠨ ᠤ ᠶᠠᠪᠤᠳᠠᠯ ᠤᠨ ᠬᠠᠮᠢᠶᠠᠷᠤᠯᠲᠠ᠂ ᠡᠳ᠋ ᠤᠨ | ᠵᠠᠰᠠᠭ ᠤᠨ ᠣᠷᠣᠯᠭ᠎ᠠ ᠶᠢᠨ ᠦᠨᠡᠨ ᠪᠣᠳᠠᠲᠤ ᠴᠢᠨᠠᠷ᠂ ᠣᠷᠣᠨ ᠨᠤᠲᠤᠭ ᠤᠨ ᠴᠢᠨᠠᠷᠲᠠᠢ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠪᠣᠳᠠᠲᠤ ᠴᠣᠭᠴᠠᠲᠤ ᠠᠵᠤ ᠠᠬᠤᠢ ᠶᠢ ᠳᠡᠮᠵᠢᠭᠰᠡᠨ ᠵᠢᠴᠢ ᠮᠥᠩᠭᠦᠨ ᠭᠦᠢᠯᠭᠡᠭᠡᠨ ᠤ | ᠲᠦᠭᠰᠢᠭᠦᠷᠢ ᠶᠢ ᠰᠡᠷᠭᠡᠶᠢᠯᠡᠨ ᠡᠵᠡᠮᠳᠡᠭᠰᠡᠨ ᠵᠡᠷᠭᠡ ᠠᠭᠤᠯᠭ᠎ᠠ ᠶᠢ ᠪᠠᠭᠲᠠᠭᠠᠵᠠᠢ᠃ | ᠬᠥᠲᠥᠯᠥᠭᠴᠢ᠄ | ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠣᠶᠢᠷ᠎ᠠ ᠶᠢᠨ ᠵᠢᠯ ᠤᠳ ᠤᠨ ᠬᠦᠨᠳᠦ ᠶᠡᠭᠡ | ᠲᠦᠭᠰᠢᠭᠦᠷᠢ ᠶᠢ ᠰᠡᠷᠡᠮᠵᠢᠯᠡᠭᠦᠯᠦᠨ ᠨᠠᠮᠳᠠᠭᠠᠬᠤ ᠪᠠᠷ ᠮᠥᠷᠳᠡᠵᠦ ᠬᠢᠨᠠᠨ ᠪᠣᠳᠣᠭᠰᠠᠨ ᠪᠠᠶᠢᠳᠠᠯ ᠳᠤ ᠶᠠᠮᠠᠷ ᠶᠠᠮᠠᠷ ᠭᠤᠣᠯ | ᠣᠨᠴᠠᠯᠢᠭ ᠪᠠᠶᠢᠬᠤ ᠶᠢ ᠲᠠᠨᠢᠯᠴᠠᠭᠤᠯᠤᠭᠠᠳ ᠥᠭᠭᠦᠨ᠎ᠡ ᠦᠦ︖ | ᠯᠢᠦᠢ ᠵᠢᠩ ᠶᠤᠸᠠᠨ᠄ | ᠨᠢᠭᠡᠳᠦᠭᠡᠷ ᠲᠤ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ᠂ ᠴᠣᠮᠬᠠᠳᠬᠠᠵᠢᠭᠤᠯᠤᠨ | ᠬᠠᠮᠢᠶᠠᠷᠬᠤ ᠶᠢ ᠬᠡᠷᠡᠭᠵᠢᠭᠦᠯᠪᠡ᠃ ᠬᠦᠨᠳᠦ ᠶᠡᠭᠡ ᠲᠦᠭᠰᠢᠭᠦᠷᠢ ᠶᠢ ᠰᠡᠷᠡᠮᠵᠢᠯᠡᠭᠦᠯᠦᠨ ᠨᠠᠮᠳᠠᠭᠠᠬᠤ ᠪᠠᠷ ᠮᠥᠷᠳᠡᠵᠦ | ᠬᠢᠨᠠᠨ ᠪᠣᠳᠣᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ | ᠣᠷᠣᠨ ᠤ ᠬᠢᠨᠠᠨ ᠪᠣᠳᠣᠬᠤ ᠲᠢᠩᠬᠢᠮ ᠠᠴᠠ ᠮᠥᠷᠳᠡᠵᠦ ᠬᠢᠨᠠᠨ ᠪᠣᠳᠣᠬᠤ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠲᠢᠩᠬᠢᠮ ᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠨ᠂ ᠳᠡᠳ᠋ ᠲᠢᠩᠬᠢᠮ ᠤᠨ | ᠳᠠᠷᠤᠭ᠎ᠠ ᠪᠠᠷ ᠳᠡᠳ᠋ ᠳᠤᠭᠤᠶᠢᠯᠠᠩ ᠤᠨ ᠳᠠᠷᠤᠭ᠎ᠠ ᠪᠣᠯᠭᠠᠵᠤ᠂ ᠲᠤᠬᠠᠶᠢᠯᠠᠭᠰᠠᠨ ᠠᠵᠢᠯ ᠤᠨ ᠭᠠᠵᠠᠷ ᠤᠨ ᠳᠠᠷᠤᠭ᠎ᠠ | ᠨᠠᠷ ᠢᠶᠠᠷ ᠭᠡᠰᠢᠭᠦᠳ ᠪᠣᠯᠭᠠᠵᠤ᠂ ᠠᠵᠢᠯ ᠤᠨ ᠤᠳᠤᠷᠢᠳᠬᠤ ᠳᠤᠭᠤᠶᠢᠯᠠᠩ ᠤᠨ ᠳᠣᠣᠷᠠᠬᠢ ᠠᠯᠪᠠᠨ ᠭᠡᠷ ᠢ ᠡᠳ᠋ ᠤᠨ | ᠵᠠᠰᠠᠭ ᠤᠨ ᠬᠢᠨᠠᠨ ᠪᠣᠳᠣᠬᠤ ᠭᠠᠵᠠᠷ ᠪᠠ ᠮᠥᠩᠭᠦᠨ ᠭᠦᠢᠯᠭᠡᠭᠡᠨ ᠤ ᠬᠢᠨᠠᠨ ᠪᠣᠳᠣᠬᠤ ᠭᠠᠵᠠᠷ ᠲᠤ ᠲᠣᠬᠢᠷᠠᠭᠤᠯᠪᠠ᠃ | ᠡᠯ᠎ᠡ ᠠᠶᠢᠮᠠᠭ ᠬᠤᠲᠠ ᠬᠤᠰᠢᠭᠤ ᠰᠢᠶᠠᠨ ᠤ ᠬᠢᠨᠠᠨ ᠪᠣᠳᠣᠬᠤ ᠲᠣᠪᠴᠢᠶ᠎ᠠ ᠠᠴᠠ ᠮᠥᠷᠳᠡᠵᠦ ᠬᠢᠨᠠᠨ ᠪᠣᠳᠣᠬᠤ | ᠠᠵᠢᠯ ᠤᠨ ᠤᠳᠤᠷᠢᠳᠬᠤ ᠳᠤᠭᠤᠶᠢᠯᠠᠩ ᠢ ᠲᠣᠬᠢᠷᠠᠯᠴᠠᠭᠤᠯᠤᠨ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ᠂ | ᠠᠶᠢᠮᠠᠭ ᠬᠤᠲᠠ᠂ ᠬᠤᠰᠢᠭᠤ ᠰᠢᠶᠠᠨ ᠳᠤ ᠪᠦᠷ ᠲᠣᠳᠣᠷᠬᠠᠢ ᠬᠢᠨᠠᠨ ᠪᠣᠳᠣᠬᠤ ᠭᠤᠣᠯ ᠴᠣᠭᠴᠠ ᠬᠢᠭᠡᠳ ᠬᠢᠨᠠᠨ | ᠪᠣᠳᠣᠬᠤ ᠡᠲᠡᠭᠡᠳ ᠪᠠᠶᠢᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠡᠢ᠃ ᠬᠤᠶᠠᠳᠤᠭᠠᠷ ᠲᠤ᠂ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠨ ᠨᠡᠮᠡᠭᠳᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠮᠥᠷᠳᠡᠵᠦ ᠬᠢᠨᠠᠨ ᠪᠣᠳᠣᠬᠤ | ᠲᠥᠷᠥᠯ ᠵᠦᠢᠯ ᠤᠨ ᠬᠠᠮᠢᠶᠠᠷᠤᠯᠲᠠ ᠪᠠᠨ ᠴᠢᠩᠭᠠᠳᠬᠠᠬᠤ ᠶᠢᠨ ᠲᠥᠯᠥᠭᠡ᠂ ᠳᠣᠣᠷᠠᠬᠢ ᠬᠡᠳᠦᠨ ᠲᠠᠯ᠎ᠠ ᠶᠢᠨ ᠠᠷᠭ᠎ᠠ | ᠬᠡᠮᠵᠢᠶ᠎ᠡ ᠠᠪᠴᠠᠢ᠃ ᠨᠢᠭᠡ ᠳᠤ᠂ ᠬᠠᠮᠵᠢᠯᠴᠠᠨ ᠠᠵᠢᠯᠯᠠᠬᠤ ᠪᠠ ᠵᠣᠷᠢᠭᠵᠢᠭᠤᠯᠬᠤ ᠲᠣᠭᠲᠠᠴᠠ ᠶᠢ ᠪᠠᠶᠢᠭᠤᠯᠤᠨ᠂ | ᠡᠯ᠎ᠡ ᠠᠶᠢᠮᠠᠭ ᠬᠤᠲᠠ ᠶᠢᠨ ᠡᠭᠦᠷᠭᠡᠯᠡᠭᠰᠡᠨ ᠬᠢᠨᠠᠨ ᠪᠣᠳᠣᠬᠤ ᠠᠵᠢᠯ ᠤᠨ ᠡᠭᠦᠷᠭᠡ ᠶᠢᠨ ᠬᠡᠮᠵᠢᠶ᠎ᠡ᠂ ᠬᠢᠨᠠᠨ | ᠪᠣᠳᠣᠭᠰᠠᠨ ᠮᠡᠳᠡᠭᠦᠯᠦᠯᠲᠡ ᠶᠢᠨ ᠶᠠᠰᠤ ᠴᠢᠨᠠᠷ᠂ ᠳᠡᠭᠡᠭᠰᠢ ᠮᠡᠳᠡᠭᠦᠯᠦᠭᠰᠡᠨ ᠳ᠋ᠠᠶᠢᠲ᠋ᠠ ᠶᠢᠨ ᠶᠠᠰᠤ ᠴᠢᠨᠠᠷ ᠵᠡᠷᠭᠡ | ᠬᠦᠴᠦᠨ ᠵᠦᠢᠯ ᠢ ᠶᠡᠷᠦᠩᠬᠡᠶᠢᠯᠡᠨ ᠦᠨᠡᠯᠡᠨ ᠲᠣᠭᠲᠠᠭᠠᠵᠤ᠂ ᠰᠢᠯᠭᠠᠨ ᠬᠢᠨᠠᠬᠤ ᠦᠨᠳᠦᠰᠦᠯᠡᠯ ᠪᠣᠯᠭᠠᠪᠠ᠃ ᠡᠭᠦᠨ ᠤ | ᠬᠠᠮᠲᠤ᠂ ᠡᠭᠦᠷᠭᠡ ᠪᠠᠨ ᠪᠦᠲᠦᠮᠵᠢᠲᠡᠢ ᠪᠡᠶᠡᠯᠡᠭᠦᠯᠦᠭᠰᠡᠨ ᠬᠢᠨᠠᠨ ᠪᠣᠳᠣᠬᠤ ᠪᠠᠶᠢᠭᠤᠯᠭ᠎ᠠ ᠳᠤ ᠲᠥᠷᠥᠯ ᠵᠦᠢᠯ ᠤᠨ | ᠵᠠᠷᠤᠳᠠᠯ ᠤᠨ ᠲᠠᠯ᠎ᠠ ᠪᠠᠷ ᠬᠠᠷᠠᠭᠠᠯᠵᠠᠯ ᠦᠵᠡᠭᠦᠯᠵᠡᠢ᠃ ᠬᠤᠶᠠᠷ ᠲᠤ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ | ᠪᠠᠶᠢᠭᠤᠯᠪᠠ᠃ ᠲᠥᠷᠥᠯ ᠵᠦᠢᠯ ᠳᠤ ᠨᠢ ᠬᠦᠨᠳᠦ ᠶᠡᠭᠡ ᠠᠯᠳᠠᠭ᠎ᠠ ᠲᠠᠢ᠂ ᠬᠢᠨᠠᠨ ᠪᠣᠳᠣᠭᠰᠠᠨ ᠶᠠᠰᠤ ᠴᠢᠨᠠᠷ ᠨᠢ | ᠳᠣᠣᠷ᠎ᠠ ᠵᠢᠴᠢ ᠰᠠᠬᠢᠯᠭ᠎ᠠ ᠳᠦᠷᠢᠮ ᠠᠴᠠ ᠵᠥᠷᠢᠴᠡᠨ ᠬᠠᠤᠯᠢ ᠴᠠᠭᠠᠵᠠ ᠠᠴᠠ ᠵᠥᠷᠢᠴᠡᠭᠰᠡᠨ ᠠᠰᠠᠭᠤᠳᠠᠯ ᠳᠤ᠂ | ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠵᠦ᠂ ᠨᠠᠮ ᠤᠨ ᠰᠠᠬᠢᠯᠭ᠎ᠠ ᠵᠠᠰᠠᠭ ᠤᠨ | ᠰᠠᠬᠢᠯᠭ᠎ᠠ ᠶᠢᠨ ᠰᠢᠳᠬᠡᠯ ᠣᠯᠭᠤᠵᠠᠢ᠃ ᠭᠤᠷᠪᠠ ᠳᠤ᠂ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠳᠦᠷᠢᠮ ᠢ | ᠪᠠᠶᠢᠭᠤᠯᠪᠠ᠃ ᠡᠯ᠎ᠡ ᠬᠢᠨᠠᠨ ᠪᠣᠳᠣᠬᠤ ᠳᠤᠭᠤᠶᠢᠯᠠᠩ ᠠᠴᠠ ᠠᠵᠢᠯ ᠤᠨ ᠠᠬᠢᠴᠠ ᠶᠢᠨ ᠪᠠᠶᠢᠳᠠᠯ ᠢᠶᠠᠨ ᠳᠡᠭᠡᠭᠰᠢ | ᠮᠡᠳᠡᠭᠦᠯᠵᠦ᠂ ᠤᠳᠤᠷᠢᠳᠬᠤ ᠳᠤᠭᠤᠶᠢᠯᠠᠩ ᠠᠴᠠ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠬᠦᠴᠢᠷᠳᠡᠯ ᠪᠠ | ᠠᠰᠠᠭᠤᠳᠠᠯ ᠢ ᠲᠤᠰᠬᠠᠪᠠ︔ ᠬᠢᠨᠠᠨ ᠪᠣᠳᠣᠭᠠᠳ ᠢᠯᠡᠷᠡᠭᠦᠯᠦᠭᠰᠡᠨ ᠬᠠᠤᠯᠢ ᠴᠠᠭᠠᠵᠠ ᠠᠴᠠ ᠵᠥᠷᠢᠴᠡᠨ ᠰᠠᠬᠢᠯᠭ᠎ᠠ | ᠳᠦᠷᠢᠮ ᠠᠴᠠ ᠵᠥᠷᠢᠴᠡᠭᠰᠡᠨ ᠴᠢᠬᠤᠯᠠ ᠶᠡᠭᠡ ᠬᠡᠷᠡᠭ ᠤᠨ ᠰᠦᠪᠡᠭᠴᠢ ᠶᠢ ᠡᠷᠬᠡᠪᠰᠢ ᠴᠠᠭ ᠲᠤᠬᠠᠢ ᠳᠤ ᠨᠢ ᠳᠡᠭᠡᠭᠰᠢ | ᠮᠡᠳᠡᠭᠦᠯᠬᠦ ᠬᠡᠷᠡᠭᠲᠡᠢ᠃ ᠭᠤᠷᠪᠠᠳᠤᠭᠠᠷ ᠲᠤ᠂ ᠭᠤᠷᠪᠠᠨ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ | ᠨᠢᠭᠡᠳᠬᠡᠬᠦ ᠰᠠᠯᠭᠠᠬᠤ ᠶᠢ ᠤᠶᠠᠯᠳᠤᠭᠤᠯᠬᠤ ᠶᠢ ᠬᠡᠷᠡᠭᠵᠢᠭᠦᠯᠪᠡ᠃ ᠪᠦᠬᠦ ᠣᠷᠣᠨ ᠤ ᠬᠦᠨᠳᠦ ᠶᠡᠭᠡ ᠲᠦᠭᠰᠢᠭᠦᠷᠢ ᠶᠢ | ᠰᠡᠷᠡᠮᠵᠢᠯᠡᠭᠦᠯᠦᠨ ᠨᠠᠮᠳᠠᠭᠠᠬᠤ ᠪᠠᠷ ᠮᠥᠷᠳᠡᠵᠦ ᠬᠢᠨᠠᠨ ᠪᠣᠳᠣᠬᠤ ᠡᠭᠦᠷᠭᠡ ᠶᠢ ᠨᠡᠩ ᠰᠠᠶᠢᠲᠤᠷ ᠪᠡᠶᠡᠯᠡᠭᠦᠯᠬᠦ ᠶᠢᠨ | ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠲᠤᠰᠬᠠᠶᠢᠯᠠᠨ ᠬᠡᠷᠡᠭᠵᠢᠭᠦᠯᠬᠦ ᠰᠠᠨᠠᠯ ᠢ | ᠨᠡᠶᠢᠲᠡᠯᠡᠪᠡ᠃ ᠲᠤᠰ ᠬᠡᠷᠡᠭᠵᠢᠭᠦᠯᠬᠦ ᠰᠠᠨᠠᠯ ᠳᠤ ᠬᠢᠨᠠᠨ ᠪᠣᠳᠣᠬᠤ ᠬᠠᠷᠠᠯᠲᠠ᠂ ᠡᠵᠡᠮᠳᠡᠬᠦ ᠵᠠᠷᠴᠢᠮ᠂ ᠵᠣᠬᠢᠶᠠᠨ | ᠪᠠᠶᠢᠭᠤᠯᠬᠤ ᠠᠷᠭ᠎ᠠ ᠬᠡᠯᠪᠡᠷᠢ᠂ ᠬᠢᠨᠠᠨ ᠪᠣᠳᠣᠬᠤ ᠭᠤᠣᠯᠳᠠᠯᠭ᠎ᠠ ᠪᠠ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃ | ᠡᠯ᠎ᠡ ᠱᠠᠲᠤᠨ ᠤ ᠬᠢᠨᠠᠨ ᠪᠣᠳᠣᠬᠤ ᠪᠠᠶᠢᠭᠤᠯᠭ᠎ᠠ ᠠᠴᠠ ᠡᠭᠦᠨ ᠢ ᠦᠨᠳᠦᠰᠦᠯᠡᠨ ᠬᠢᠨᠠᠨ ᠪᠣᠳᠣᠬᠤ ᠶᠢᠨ ᠬᠡᠷᠡᠭᠵᠢᠭᠦᠯᠬᠦ | ᠲᠥᠰᠥᠯ ᠢ ᠨᠠᠶᠢᠷᠠᠭᠤᠯᠤᠨ ᠵᠣᠬᠢᠶᠠᠵᠤ᠂ ︽ᠳᠡᠭᠡᠳᠦ ᠱᠠᠲᠤ ᠨᠢ ᠳᠣᠣᠷ᠎ᠠ ᠱᠠᠲᠤ ᠶᠢ ᠬᠢᠨᠠᠬᠤ︾᠂ ︽ᠠᠳᠠᠯᠢ | ᠱᠠᠲᠤᠨ ᠤ ᠬᠤᠭᠤᠷᠣᠨᠳᠤ ᠪᠠᠨ ᠬᠢᠨᠠᠬᠤ︾ ᠪᠠ ︽ᠰᠣᠯᠪᠢᠴᠠᠭᠤᠯᠤᠨ ᠬᠢᠨᠠᠬᠤ︾ ᠶᠢ ᠬᠠᠷᠢᠯᠴᠠᠨ ᠤᠶᠠᠯᠳᠤᠭᠤᠯᠬᠤ | ᠠᠷᠭ᠎ᠠ ᠬᠡᠯᠪᠡᠷᠢ ᠪᠠᠷ ᠲᠥᠷᠥᠯ ᠵᠦᠢᠯ ᠢ ᠬᠡᠷᠡᠭᠵᠢᠭᠦᠯᠵᠦ᠂ ᠲᠤᠰ ᠵᠦᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠬᠦ ᠶᠢ | ᠪᠠᠲᠤᠯᠠᠵᠠᠢ᠃ | ᠬᠥᠲᠥᠯᠥᠭᠴᠢ᠄ | ᠳᠡᠭᠡᠷ᠎ᠡ ᠶᠠᠷᠢᠭᠰᠠᠨ ᠭᠤᠷᠪᠠᠨ ᠲᠠᠯ᠎ᠠ ᠶᠢᠨ ᠣᠨᠴᠠᠯᠢᠭ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ | ᠬᠢᠨᠠᠨ ᠪᠣᠳᠣᠬᠤ ᠲᠢᠩᠬᠢᠮ ᠤᠨ ᠣᠶᠢᠷ᠎ᠠ ᠶᠢᠨ ᠵᠢᠯ ᠤᠳ ᠤᠨ ᠬᠦᠨᠳᠦ ᠶᠡᠭᠡ ᠲᠦᠭᠰᠢᠭᠦᠷᠢ ᠶᠢ ᠰᠡᠷᠡᠮᠵᠢᠯᠡᠭᠦᠯᠦᠨ | ᠨᠠᠮᠳᠠᠭᠠᠬᠤ ᠪᠠᠷ ᠮᠥᠷᠳᠡᠵᠦ ᠬᠢᠨᠠᠨ ᠪᠣᠳᠣᠭᠰᠠᠨ ᠪᠠᠶᠢᠳᠠᠯ ᠳᠤ ᠥᠭᠡᠷ᠎ᠡ ᠪᠠᠰᠠ ᠶᠠᠮᠠᠷ ᠶᠠᠮᠠᠷ ᠣᠨᠴᠠᠯᠢᠭ ᠪᠠᠶᠢᠬᠤ ᠶᠢ | ᠲᠠᠨᠢᠯᠴᠠᠭᠤᠯᠤᠭᠠᠳ ᠥᠭᠭᠦᠨ᠎ᠡ ᠦᠦ︖ | ᠯᠢᠦᠢ ᠵᠢᠩ ᠶᠤᠸᠠᠨ᠄ | ᠳᠥᠷᠪᠡᠳᠦᠭᠡᠷ ᠣᠨᠴᠠᠯᠢᠭ ᠨᠢ ᠪᠣᠯ ᠤᠳᠤᠷᠢᠳᠤᠯᠭ᠎ᠠ ᠠᠴᠠ ᠴᠢᠬᠤᠯᠠᠴᠢᠯᠠᠨ ᠦᠵᠡᠵᠦ᠂ ᠠᠵᠢᠯ ᠤᠨ ᠦᠷ᠎ᠡ | ᠪᠦᠲᠦᠮᠵᠢ ᠨᠢ ᠢᠯᠡᠷᠬᠡᠢ᠃ ᠣᠶᠢᠷ᠎ᠠ ᠶᠢᠨ ᠵᠢᠯ ᠤᠳ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠠᠴᠠ ᠦᠵᠡᠪᠡᠯ᠂ | ᠪᠦᠬᠦ ᠣᠷᠣᠨ ᠤ ᠬᠢᠨᠠᠨ ᠪᠣᠳᠣᠬᠤ ᠪᠠᠶᠢᠭᠤᠯᠭ᠎ᠠ ᠨᠢ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ | ᠦᠢᠯᠡᠴᠢᠯᠡᠵᠦ᠂ ᠬᠢᠨᠠᠨ ᠪᠣᠳᠣᠬᠤ ᠵᠠᠬᠢᠷᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠨᠠᠷᠢᠨ ᠨᠢᠮᠪᠠᠢ ᠵᠣᠬᠢᠶᠠᠨ | ᠪᠠᠶᠢᠭᠤᠯᠵᠤ᠂ ᠨᠢᠭᠲᠠ ᠴᠢᠩᠭ᠎ᠠ ᠲᠣᠬᠢᠷᠠᠭᠤᠯᠤᠯᠲᠠ ᠬᠢᠵᠦ᠂ ᠠᠷᠭ᠎ᠠ ᠳᠤ ᠪᠠᠨ ᠰᠢᠨ᠎ᠡ ᠶᠢ ᠡᠭᠦᠳᠦᠨ᠂ ᠯᠠᠪᠳᠠᠭᠤᠨ | ᠪᠠᠲᠤᠲᠠᠢ ᠠᠵᠢᠯᠯᠠᠵᠤ᠂ ᠢᠯᠡᠳᠲᠡ ᠦᠷ᠎ᠡ ᠪᠦᠲᠦᠮᠵᠢ ᠣᠯᠵᠠᠢ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠤᠳᠤᠷᠢᠳᠤᠯᠭ᠎ᠠ ᠨᠠᠷ ᠪᠦᠷ ᠬᠢᠨᠠᠨ ᠪᠣᠳᠣᠭᠰᠠᠨ ᠮᠡᠳᠡᠭᠦᠯᠦᠯᠲᠡ ᠳᠤ ᠴᠣᠬᠤᠯᠠᠪᠤᠷᠢ ᠬᠢᠵᠡᠢ᠃ 2017 | ᠣᠨ ᠤ ᠳᠥᠷᠪᠡᠳᠦᠭᠡᠷ ᠤᠯᠠᠷᠢᠯ ᠳᠤ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ | ᠬᠤᠷᠰᠢᠶ᠎ᠠ ᠶᠢᠨ ᠰᠢᠰᠲ᠋ᠧᠮ ᠤᠨ ᠬᠢᠨ ᠤ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ | ᠮᠥᠷᠳᠡᠵᠦ ᠬᠢᠨᠠᠨ ᠪᠣᠳᠣᠭᠰᠠᠨ ᠤ ᠳᠠᠷᠠᠭ᠎ᠠ᠂ ᠬᠢᠨᠠᠨ ᠪᠣᠳᠣᠬᠤ ᠨᠢᠭᠡᠴᠢ ᠠᠴᠠ ᠳᠦᠷᠢᠮ ᠢ ᠪᠠᠶᠢᠭᠤᠯᠤᠨ | ᠪᠦᠷᠢᠨᠰᠢᠭᠦᠯᠬᠦ ᠪᠠᠷ ᠳᠠᠮᠵᠢᠭᠤᠯᠵᠤ᠂ ᠳᠦᠷᠢᠮ ᠲᠣᠭᠲᠠᠭᠠᠯ ᠠᠴᠠ ᠵᠥᠷᠢᠴᠡᠵᠦ ᠲᠠᠯᠪᠢᠭᠰᠠᠨ ᠵᠢᠭᠡᠯᠡᠯᠭᠡ ᠶᠢ ᠨᠢ | ᠪᠤᠴᠠᠭᠠᠨ ᠬᠤᠷᠢᠶᠠᠯᠭᠠᠵᠤ᠂ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠷᠠᠭᠤᠯᠬᠤ ᠪᠠ ᠲᠤᠬᠠᠶᠢᠯᠠᠭᠰᠠᠨ | ᠠᠵᠢᠯ ᠢᠶᠠᠨ ᠭᠦᠢᠴᠡᠳᠬᠡᠬᠦ ᠶᠢ ᠵᠢᠷᠤᠮᠵᠢᠭᠤᠯᠬᠤ᠂ ᠡᠳ᠋ ᠬᠥᠷᠥᠩᠭᠡ ᠶᠢᠨ ᠲᠦᠭᠰᠢᠭᠦᠷᠢ ᠳᠤ ᠲᠥᠷᠥᠯ ᠠᠩᠭᠢᠯᠠᠯ | ᠲᠣᠬᠢᠷᠠᠭᠤᠯᠬᠤ᠂ ᠪᠡᠯᠡᠳᠬᠡᠯ ᠮᠥᠩᠭᠦ ᠶᠢ ᠨᠡᠮᠡᠨ ᠭᠠᠷᠭᠠᠬᠤ᠂ ᠲᠤᠬᠠᠶᠢᠯᠠᠭᠰᠠᠨ ᠠᠵᠢᠯ ᠤᠨ ᠲᠥᠪᠯᠡᠷᠡᠭᠰᠡᠨ | ᠬᠡᠮᠵᠢᠶ᠎ᠡ ᠶᠢ ᠪᠠᠭᠤᠷᠠᠭᠤᠯᠬᠤ᠂ ᠬᠠᠤᠯᠢ ᠴᠠᠭᠠᠵᠠ ᠶᠢᠨ ᠠᠷᠭ᠎ᠠ ᠠᠪᠴᠢᠯ ᠢᠶᠠᠷ ᠥᠷᠢ ᠨᠡᠬᠡᠬᠦ ᠵᠡᠷᠭᠡ ᠬᠡᠯᠪᠡᠷᠢ ᠪᠠᠷ | ᠴᠡᠭᠴᠡᠯᠡᠨ ᠵᠠᠰᠠᠵᠤ᠂ ᠬᠦᠨᠳᠦ ᠶᠡᠭᠡ ᠲᠦᠭᠰᠢᠭᠦᠷᠢ ᠶᠢ ᠰᠡᠷᠡᠮᠵᠢᠯᠡᠭᠦᠯᠦᠨ ᠨᠠᠮᠳᠠᠭᠠᠬᠤ ᠪᠠᠷ ᠮᠥᠷᠳᠡᠵᠦ ᠬᠢᠨᠠᠨ | ᠪᠣᠳᠣᠬᠤ ᠶᠢᠨ ᠦᠢᠯᠡᠳᠦᠯ ᠢ ᠦᠨᠡᠨ ᠬᠦ ᠪᠠᠳᠠᠷᠠᠭᠤᠯᠵᠠᠢ᠃ ᠲᠠᠪᠤᠳᠤᠭᠠᠷ ᠣᠨᠴᠠᠯᠢᠭ ᠨᠢ ᠪᠣᠯ ᠦᠵᠥ ᠵᠢᠷᠤᠭ | ᠲᠥᠯᠥᠪᠯᠡᠭᠡ ᠶᠢ ᠰᠠᠶᠢᠲᠤᠷ ᠬᠢᠵᠦ᠂ ᠠᠵᠢᠯᠯᠠᠭᠤᠯᠬᠤ ᠠᠯᠬᠤᠮ ᠳᠠᠷᠠᠭᠠᠯᠠᠯ ᠢ ᠨᠠᠷᠢᠯᠢᠭᠵᠢᠭᠤᠯᠪᠠ᠃ ᠬᠦᠨᠳᠦ ᠶᠡᠭᠡ | ᠲᠦᠭᠰᠢᠭᠦᠷᠢ ᠶᠢ ᠰᠡᠷᠡᠮᠵᠢᠯᠡᠭᠦᠯᠦᠨ ᠨᠠᠮᠳᠠᠭᠠᠬᠤ ᠪᠠᠷ ᠮᠥᠷᠳᠡᠵᠦ ᠬᠢᠨᠠᠨ ᠪᠣᠳᠣᠬᠤ ᠶᠢᠨ ᠲᠥᠷᠥ ᠶᠢᠨ ᠪᠣᠳᠣᠯᠭ᠎ᠠ ᠶᠢᠨ | ᠴᠢᠨᠠᠷ᠂ ᠴᠠᠭ ᠬᠤᠭᠤᠴᠠᠭᠠᠲᠤ ᠴᠢᠨᠠᠷ ᠪᠠ ᠴᠢᠭᠯᠡᠯᠲᠦ ᠴᠢᠨᠠᠷ ᠨᠢ ᠮᠠᠰᠢ ᠴᠢᠩᠭ᠎ᠠ ᠮᠥᠷᠲᠡᠭᠡᠨ ᠬᠢᠨᠠᠨ ᠪᠣᠳᠣᠵᠤ | ᠬᠢᠨᠠᠯᠲᠠ ᠲᠠᠯᠪᠢᠬᠤ ᠶᠢ ᠪᠦᠬᠦ ᠲᠠᠯ᠎ᠠ ᠳᠤ ᠬᠠᠮᠤᠷᠤᠭᠤᠯᠬᠤ ᠶᠢ ᠪᠡᠶᠡᠯᠡᠭᠦᠯᠬᠦ ᠠᠴᠠ ᠠᠪᠴᠤ ᠦᠵᠡᠪᠡᠯ᠂ ᠮᠥᠷᠳᠡᠵᠦ | ᠬᠢᠨᠠᠨ ᠪᠣᠳᠣᠬᠤ ᠶᠢᠨ ᠦᠵᠥ ᠵᠢᠷᠤᠭ ᠲᠥᠯᠥᠪᠯᠡᠭᠡ ᠶᠢ ᠰᠠᠶᠢᠲᠤᠷ ᠬᠢᠬᠦ ᠨᠢ ᠨᠡᠩ ᠴᠢᠬᠤᠯᠠ ᠪᠠᠶᠢᠳᠠᠭ᠃ ᠥᠪᠡᠷᠲᠡᠭᠡᠨ | ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠡᠮᠦᠨᠡᠬᠢ ᠬᠤᠭᠤᠴᠠᠭᠠᠨ ᠤ ᠬᠢᠨᠠᠨ ᠪᠣᠳᠣᠵᠤ ᠪᠠᠶᠢᠴᠠᠭᠠᠬᠤ ᠶᠢ | ᠴᠢᠬᠤᠯᠠᠴᠢᠯᠠᠨ ᠬᠢᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠰᠤᠳᠤᠯᠤᠯᠲᠠ ᠬᠢᠵᠦ᠂ | ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠢ ᠴᠤᠭᠯᠠᠭᠤᠯᠤᠨ᠂ ᠬᠢᠨᠠᠨ ᠪᠣᠳᠣᠬᠤ ᠭᠤᠣᠯᠳᠠᠯᠭ᠎ᠠ ᠶᠢ | ᠲᠣᠭᠲᠠᠭᠠᠨ ᠲᠠᠷᠬᠠᠭᠠᠵᠤ᠂ ᠠᠵᠢᠯᠯᠠᠭᠤᠯᠬᠤ ᠠᠯᠬᠤᠮ ᠳᠠᠷᠠᠭᠠᠯᠠᠯ ᠢ ᠨᠠᠷᠢᠯᠢᠭᠵᠢᠭᠤᠯᠪᠠ᠃ ᠣᠷᠣᠨ ᠨᠤᠲᠤᠭ ᠤᠨ | ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠪᠣᠳᠠᠲᠤ ᠴᠣᠭᠴᠠᠲᠤ ᠠᠵᠤ ᠠᠬᠤᠢ ᠢ ᠳᠡᠮᠵᠢᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠢ ᠮᠥᠷᠳᠡᠵᠦ ᠬᠢᠨᠠᠨ ᠪᠣᠳᠣᠬᠤ ᠪᠠᠷ ᠵᠢᠱᠢᠶ᠎ᠡ ᠪᠣᠯᠭᠠᠵᠤ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠮᠥᠩᠭᠦᠨ ᠭᠦᠢᠯᠭᠡᠭᠡ ᠪᠠᠷ ᠪᠣᠳᠠᠲᠤ ᠴᠣᠭᠴᠠᠲᠤ | ᠠᠵᠤ ᠠᠬᠤᠢ ᠶᠢ ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ 62 ᠵᠦᠢᠯ ᠤᠨ ᠱᠠᠭᠠᠷᠳᠠᠯᠭ᠎ᠠ ᠪᠠ | ᠲᠣᠭᠲᠠᠭᠠᠯ ᠢ ᠴᠤᠭᠯᠠᠭᠤᠯᠤᠨ ᠡᠮᠬᠢᠳᠬᠡᠪᠡ︔ᠬᠢᠨᠠᠨ ᠪᠣᠳᠣᠬᠤ 48 ᠵᠦᠢᠯᠡᠰ ᠢ ᠪᠠᠭᠲᠠᠭᠠᠭᠰᠠᠨ ᠠᠵᠢᠯ ᠤᠨ | ᠬᠦᠰᠦᠨᠦᠭ ᠢ ᠨᠠᠶᠢᠷᠠᠭᠤᠯᠤᠨ ᠵᠣᠬᠢᠶᠠᠵᠤ᠂ ᠬᠢᠨᠠᠨ ᠪᠣᠳᠣᠬᠤ ᠵᠦᠢᠯᠡᠰ ᠪᠦᠷᠢ ᠳᠤ ᠬᠢᠨᠠᠨ ᠪᠣᠳᠣᠬᠤ ᠪᠣᠳᠠᠲᠠᠢ | ᠠᠭᠤᠯᠭ᠎ᠠ᠂ ᠬᠢᠨᠠᠨ ᠪᠣᠳᠣᠬᠤ ᠠᠷᠭ᠎ᠠ ᠪᠠ ᠯᠠᠪᠯᠠᠬᠤ ᠲᠣᠭᠲᠠᠭᠠᠯ ᠢ ᠲᠣᠳᠣᠷᠬᠠᠶᠢᠯᠠᠪᠠ︔ ᠬᠢᠨᠠᠨ ᠪᠣᠳᠣᠬᠤ ᠠᠵᠢᠯ ᠤᠨ | ᠵᠦᠭᠯᠡᠭᠦᠷ ᠵᠢᠴᠢ ᠮᠡᠳᠡᠭᠦᠯᠦᠯᠲᠡ ᠶᠢᠨ ᠬᠡᠪ ᠵᠠᠭᠪᠤᠷ ᠢ ᠪᠦᠷᠢᠯᠳᠦᠭᠦᠯᠪᠡ᠃ ᠬᠡᠪ ᠵᠠᠭᠪᠤᠷ ᠲᠤ ᠣᠷᠣᠰᠢᠵᠤ ᠮᠡᠳᠡᠬᠦ 45 | ᠲᠥᠷᠥᠯ ᠤᠨ ᠠᠰᠠᠭᠤᠳᠠᠯ ᠢ ᠵᠢᠭᠰᠠᠭᠠᠭᠰᠠᠨ ᠤ ᠬᠠᠮᠲᠤ᠂ ᠲᠥᠷᠥᠯ ᠪᠦᠷᠢ ᠶᠢᠨ ᠠᠰᠠᠭᠤᠳᠠᠯ ᠳᠤ ᠪᠦᠷ ᠴᠢᠨᠠᠷ ᠢ | ᠲᠣᠭᠲᠠᠭᠠᠬᠤ ᠵᠢᠵᠢᠭ ᠭᠠᠷᠴᠠᠭ᠂ ᠠᠰᠠᠭᠤᠳᠠᠯ ᠤᠨ ᠨᠠᠷᠢᠨ ᠪᠠᠶᠢᠳᠠᠯ ᠤᠨ ᠲᠣᠭᠠᠴᠢᠯᠲᠠ ᠪᠠ ᠦᠨᠡᠨ ᠪᠣᠳᠠᠲᠤ | ᠴᠢᠨᠠᠷ ᠤᠨ ᠦᠨᠳᠦᠰᠦᠯᠡᠯ ᠭᠠᠷᠭᠠᠪᠠ᠃ ᠡᠶᠢᠮᠦᠷᠬᠦᠦ ᠬᠢᠳᠡᠯ ᠨᠢ ᠠᠶᠢᠮᠠᠭ ᠬᠤᠲᠠ ᠬᠤᠰᠢᠭᠤ ᠰᠢᠶᠠᠨ ᠤ ᠬᠢᠨᠠᠨ | ᠪᠣᠳᠣᠬᠤ ᠠᠵᠢᠯᠲᠠᠳ ᠢ ᠲᠦᠷᠭᠡᠨ ᠢᠶᠠᠷ ᠠᠵᠢᠯ ᠤᠨ ᠪᠠᠶᠢᠳᠠᠯ ᠳᠤ ᠣᠷᠣᠭᠤᠯᠵᠤ᠂ ᠵᠣᠷᠢᠯᠲᠠ ᠬᠠᠷᠠᠯᠲᠠ ᠲᠠᠢ ᠪᠠᠷ | ᠠᠵᠢᠯᠯᠠᠭᠤᠯᠤᠨ᠂ ᠬᠢᠨᠠᠨ ᠪᠣᠳᠣᠬᠤ ᠶᠠᠰᠤ ᠴᠢᠨᠠᠷ ᠢ ᠪᠠᠲᠤᠯᠠᠵᠤ ᠴᠢᠳᠠᠨ᠎ᠠ᠃ | ᠬᠥᠲᠥᠯᠥᠭᠴᠢ᠄ | ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠬᠦᠨᠳᠦ ᠶᠡᠭᠡ ᠲᠦᠭᠰᠢᠭᠦᠷᠢ ᠶᠢ | ᠰᠡᠷᠡᠮᠵᠢᠯᠡᠭᠦᠯᠦᠨ ᠨᠠᠮᠳᠠᠭᠠᠬᠤ ᠳᠤ ᠬᠦᠴᠦᠯᠡᠨ ᠠᠩᠬᠠᠷᠬᠤ ᠭᠤᠣᠯᠳᠠᠯᠭ᠎ᠠ ᠲᠠᠢ ᠠᠭᠤᠯᠭ᠎ᠠ ᠶᠢ ᠲᠠᠨᠢᠯᠴᠠᠭᠤᠯᠤᠭᠠᠳ | ᠥᠭᠭᠦᠨ᠎ᠡ ᠦᠦ︖ | ᠯᠢᠦᠢ ᠵᠢᠩ ᠶᠤᠸᠠᠨ᠄ | ᠲᠡᠭᠡᠶ᠎ᠡ᠃ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠣᠷᠣᠨ ᠨᠤᠲᠤᠭ ᠤᠨ | ᠵᠠᠰᠠᠭ ᠤᠨ ᠣᠷᠳᠣᠨ ᠤ ᠴᠢᠨᠠᠷᠲᠠᠢ ᠥᠭᠴᠡᠭᠡᠨ ᠤ ᠶᠠᠪᠤᠳᠠᠯ ᠤᠨ ᠬᠠᠮᠢᠶᠠᠷᠤᠯᠲᠠ ᠶᠢᠨ ᠪᠠᠶᠢᠳᠠᠯ ᠢ ᠬᠦᠴᠦᠯᠡᠨ | ᠠᠩᠬᠠᠷᠴᠤ ᠪᠠᠶᠢᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠢ ᠥᠭᠴᠡᠭᠡᠨ ᠤ ᠶᠠᠪᠤᠳᠠᠯ ᠤᠨ | ᠬᠠᠮᠢᠶᠠᠷᠤᠨ ᠡᠵᠡᠮᠳᠡᠬᠦ ᠦᠷ᠎ᠡ ᠪᠦᠲᠦᠮᠵᠢ ᠶᠢ ᠦᠷᠭᠦᠯᠵᠢᠯᠡᠨ ᠠᠩᠬᠠᠷᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ | ᠣᠷᠣᠨ ᠨᠤᠲᠤᠭ ᠠᠴᠠ ᠨᠢᠭᠤᠭᠳᠠᠮᠠᠯ ᠴᠢᠨᠠᠷᠲᠠᠢ ᠥᠭᠴᠡᠭᠡᠨ ᠤ ᠶᠠᠪᠤᠳᠠᠯ ᠤᠨ ᠰᠠᠭᠤᠷᠢ ᠲᠤᠭ᠎ᠠ ᠶᠢ ᠦᠨᠡᠨ ᠬᠦ | ᠣᠶᠢᠯᠠᠭᠠᠨ ᠲᠣᠳᠣᠯᠠᠬᠤ ᠶᠢ ᠠᠬᠢᠭᠤᠯᠵᠤ᠂ ᠦᠨᠡᠨ ᠪᠣᠳᠠᠲᠠᠢ ᠥᠭᠴᠡᠭᠡᠨ ᠤ ᠶᠠᠪᠤᠳᠠᠯ ᠤᠨ ᠬᠢᠷᠢ ᠬᠡᠮᠵᠢᠶ᠎ᠡ ᠶᠢ | ᠲᠤᠰᠬᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠢ ᠥᠭᠴᠡᠭᠡᠨ ᠤ ᠶᠠᠪᠤᠳᠠᠯ ᠢ ᠲᠤᠰᠬᠠᠢ | ᠵᠦᠢᠯ ᠢᠶᠠᠷ ᠬᠢᠨᠠᠨ ᠪᠣᠳᠣᠵᠤ ᠪᠠᠶᠢᠴᠠᠭᠠᠬᠤ ᠪᠠᠷ ᠳᠠᠮᠵᠢᠭᠤᠯᠤᠨ᠂ ᠣᠷᠣᠨ ᠨᠤᠲᠤᠭ ᠤᠨ ᠵᠠᠰᠠᠭ ᠤᠨ ᠣᠷᠳᠣᠨ ᠤ | ᠴᠢᠨᠠᠷᠲᠠᠢ ᠥᠭᠴᠡᠭᠡᠨ ᠤ ᠶᠠᠪᠤᠳᠠᠯ ᠤᠨ ᠬᠡᠪᠴᠢᠶ᠎ᠡ᠂ ᠡᠳ᠋ ᠤᠨ ᠵᠠᠰᠠᠭ ᠤᠨ ᠥᠭᠴᠡᠭᠡᠨ ᠤ ᠶᠠᠪᠤᠳᠠᠯ ᠤᠨ | ᠰᠢᠰᠲ᠋ᠧᠮ ᠳᠤ ᠣᠷᠣᠭᠤᠯᠤᠭᠰᠠᠨ ᠪᠠ ᠡᠳ᠋ ᠤᠨ ᠵᠠᠰᠠᠭ ᠤᠨ ᠥᠭᠴᠡᠭᠡᠨ ᠤ ᠶᠠᠪᠤᠳᠠᠯ ᠤᠨ ᠰᠢᠰᠲ᠋ᠧᠮ ᠳᠤ ᠥᠯᠥ | ᠣᠷᠣᠭᠤᠯᠤᠭᠰᠠᠨ ᠥᠭᠴᠡᠭᠡᠨ ᠤ ᠶᠠᠪᠤᠳᠠᠯ᠂ ᠥᠭᠴᠡᠭᠡᠨ ᠤ ᠶᠠᠪᠤᠳᠠᠯ ᠤᠨ ᠨᠣᠷᠮ᠎ᠠ᠂ ᠥᠷᠢ ᠲᠥᠯᠥᠪᠦᠷᠢᠯᠡᠭᠰᠨ | ᠨᠣᠷᠮ᠎ᠠ᠂ ᠬᠤᠭᠤᠴᠠᠭ᠎ᠠ ᠠᠴᠠ ᠬᠡᠲᠦᠷᠡᠭᠰᠡᠨ ᠥᠭᠴᠡᠭᠡᠨ ᠤ ᠶᠠᠪᠤᠳᠠᠯ ᠤᠨ ᠨᠣᠷᠮ᠎ᠠ ᠵᠡᠷᠭᠡ ᠪᠠᠶᠢᠳᠠᠯ ᠢ ᠣᠶᠢᠯᠠᠭᠠᠨ | ᠲᠣᠳᠣᠯᠠᠵᠤ᠂ ᠥᠪᠡᠷᠲᠡᠭᠡᠨ ᠵᠠᠰᠠᠬᠤ ᠣᠷᠣᠨ ᠠᠴᠠ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠰᠡᠷᠡᠮᠵᠢᠯᠡᠭᠦᠯᠦᠨ | ᠨᠠᠮᠳᠠᠭᠠᠬᠤ ᠳᠤ ᠦᠨᠡᠨ ᠪᠣᠳᠠᠲᠠᠢ ᠪᠥᠭᠡᠳ ᠨᠠᠶᠢᠳᠠᠪᠤᠷᠢᠲᠠᠢ ᠦᠨᠳᠦᠰᠦᠯᠡᠯ ᠬᠠᠩᠭᠠᠨ᠎ᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠪᠦᠬᠦ ᠣᠷᠣᠨ ᠤ ᠬᠦᠴᠦᠨ ᠢᠶᠠᠨ ᠵᠣᠬᠢᠶᠠᠨ | ᠪᠠᠶᠢᠭᠤᠯᠵᠤ ᠵᠠᠰᠠᠭ ᠤᠨ ᠣᠷᠳᠣᠨ ᠤ ᠥᠭᠴᠡᠭᠡᠨ ᠤ ᠶᠠᠪᠤᠳᠠᠯ ᠢ ᠨᠠᠮᠳᠠᠭᠠᠬᠤ ᠶᠢᠨ ᠬᠢᠨᠠᠯᠲᠠ ᠪᠣᠳᠣᠯᠲᠠ ᠶᠢ | ᠬᠡᠷᠡᠭᠵᠢᠭᠦᠯᠦᠨ᠎ᠡ᠃ ᠪᠦᠬᠦ ᠣᠷᠣᠨ ᠤ ᠡᠯ᠎ᠡ ᠭᠠᠵᠠᠷ ᠤᠨ ᠬᠢᠨ ᠤ ᠥᠭᠴᠡᠭᠡᠨ ᠤ ᠶᠠᠪᠤᠳᠠᠯ ᠢ ᠨᠠᠮᠳᠠᠭᠠᠬᠤ | ᠬᠠᠷᠠᠯᠲᠠ ᠪᠠᠨ ᠪᠡᠶᠡᠯᠡᠭᠦᠯᠦᠭᠰᠡᠨ ᠪᠠᠶᠢᠳᠠᠯ ᠢ ᠮᠥᠷᠳᠡᠵᠦ ᠬᠢᠨᠠᠨ ᠪᠣᠳᠣᠬᠤ ᠪᠠᠷ ᠳᠠᠮᠵᠢᠭᠤᠯᠤᠨ᠂ ᠡᠯ᠎ᠡ | ᠭᠠᠵᠠᠷ ᠤᠨ ᠬᠢᠨ ᠤ ᠥᠭᠴᠡᠭᠡᠨ ᠤ ᠶᠠᠪᠤᠳᠠᠯ ᠢ ᠨᠠᠮᠳᠠᠭᠠᠬᠤ ᠲᠥᠰᠥᠯ ᠨᠢ ᠪᠣᠳᠠᠲᠤ ᠪᠠᠶᠢᠳᠠᠯ ᠥᠯᠥ ᠨᠡᠶᠢᠴᠡᠬᠦ ᠦᠭᠡᠢ᠂ | ᠳᠡᠭᠡᠳᠦ ᠱᠠᠲᠤᠨ ᠤ ᠥᠭᠴᠡᠭᠡᠨ ᠤ ᠶᠠᠪᠤᠳᠠᠯ ᠢ ᠨᠠᠮᠳᠠᠭᠠᠬᠤ ᠲᠥᠷᠥ ᠶᠢᠨ ᠪᠣᠳᠣᠯᠭ᠎ᠠ ᠶᠢ ᠥᠯᠥ | ᠨᠠᠶᠢᠳᠠᠪᠤᠷᠢᠵᠢᠭᠤᠯᠤᠭᠰᠠᠨ᠂ ᠰᠢᠨ᠎ᠡ ᠥᠭᠴᠡᠭᠡ ᠭᠠᠷᠭᠠᠵᠤ ᠬᠠᠭᠤᠴᠢᠨ ᠥᠭᠴᠡᠭᠡ ᠪᠠᠨ ᠪᠤᠴᠠᠭᠠᠵᠤ ᠪᠠᠶᠢᠭ᠎ᠠ ᠵᠢᠴᠢ | ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡᠨ ᠤ ᠶᠠᠪᠤᠳᠠᠯ ᠢ ᠨᠠᠮᠳᠠᠭᠠᠬᠤ ᠠᠵᠢᠯ ᠳᠠᠬᠢ ᠥᠯᠥ | ᠦᠢᠯᠡᠳᠬᠦᠢ᠂ ᠤᠳᠠᠭᠠᠨ ᠦᠢᠯᠡᠳᠬᠦᠢ᠂ ᠬᠠᠭᠤᠷᠮᠠᠭ ᠦᠢᠯᠡᠳᠬᠦᠢ ᠵᠡᠷᠭᠡ ᠠᠰᠠᠭᠤᠳᠠᠯ ᠢ ᠢᠯᠡᠷᠡᠭᠦᠯᠵᠦ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠥᠭᠴᠡᠭᠡᠨ ᠤ ᠶᠠᠪᠤᠳᠠᠯ ᠢ ᠵᠦᠢ ᠵᠣᠬᠢᠰᠲᠠᠢ ᠬᠢᠷᠢ | ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠨ᠎ᠠ᠃ | ᠬᠥᠲᠥᠯᠥᠭᠴᠢ᠄ | ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠬᠦᠨᠳᠦ ᠶᠡᠭᠡ ᠲᠦᠭᠰᠢᠭᠦᠷᠢ ᠶᠢ | ᠰᠡᠷᠡᠮᠵᠢᠯᠡᠭᠦᠯᠦᠨ ᠨᠠᠮᠳᠠᠭᠠᠬᠤ ᠳᠤ ᠮᠥᠨ ᠶᠠᠮᠠᠷ ᠶᠠᠮᠠᠷ ᠭᠤᠣᠯᠳᠠᠯᠭ᠎ᠠ ᠲᠠᠢ ᠠᠭᠤᠯᠭ᠎ᠠ ᠶᠢ ᠬᠦᠴᠦᠯᠡᠨ ᠠᠩᠬᠠᠷᠬᠤ | ᠬᠡᠷᠡᠭᠲᠡᠢ ᠪᠣᠢ︖ | ᠯᠢᠦᠢ ᠵᠢᠩ ᠶᠤᠸᠠᠨ᠄ | ᠮᠠᠨ ᠤ ᠲᠢᠩᠬᠢᠮ ᠠᠴᠠ ᠣᠷᠣᠨ ᠨᠤᠲᠤᠭ ᠤᠨ ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠬᠦᠨᠳᠦ ᠶᠡᠭᠡ ᠲᠦᠭᠰᠢᠭᠦᠷᠢ ᠶᠢ ᠰᠡᠷᠡᠮᠵᠢᠯᠡᠭᠦᠯᠦᠨ ᠨᠠᠮᠳᠠᠭᠠᠬᠤ ᠠᠭᠤᠯᠭ᠎ᠠ ᠶᠢ ᠬᠦᠴᠦᠯᠡᠨ ᠠᠩᠬᠠᠷᠴᠤ ᠪᠠᠶᠢᠨ᠎ᠠ᠃ | ᠡᠭᠦᠨ ᠳᠤ ᠭᠤᠣᠯᠳᠠᠭᠤ᠂ ᠨᠢᠭᠡ ᠳᠤ᠂ ᠣᠷᠣᠨ ᠨᠤᠲᠤᠭ ᠤᠨ ᠴᠢᠨᠠᠷᠲᠠᠢ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠪᠣᠳᠠᠲᠤ ᠴᠣᠭᠴᠠᠲᠤ ᠠᠵᠤ ᠠᠬᠤᠢ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠶᠢ | ᠠᠩᠬᠠᠷᠤᠨ᠎ᠠ᠃ ᠠᠵᠢᠯ ᠨᠢᠭᠡᠲᠡᠨ ᠤ ᠲᠤᠬᠠᠶᠢᠯᠠᠭᠰᠠᠨ ᠠᠵᠢᠯ ᠢ ᠬᠢᠵᠠᠭᠠᠷᠯᠠᠨ᠂ ᠪᠣᠳᠠᠲᠤ ᠴᠣᠭᠴᠠᠲᠤ ᠠᠵᠤ ᠠᠬᠤᠢ ᠶᠢ | ᠳᠡᠮᠵᠢᠵᠦ ᠪᠠᠶᠢᠭ᠎ᠠ ᠪᠠᠶᠢᠳᠠᠯ ᠢ ᠦᠷᠭᠦᠯᠵᠢᠯᠡᠨ ᠠᠩᠬᠠᠷᠤᠨ᠎ᠠ᠃ ᠠᠵᠢᠯ ᠨᠢᠭᠡᠲᠡᠨ ᠤ ᠲᠤᠬᠠᠶᠢᠯᠠᠭᠰᠠᠨ ᠠᠵᠢᠯ ᠳᠠᠬᠢ | ᠡᠵᠡᠮᠳᠡᠯ ᠤᠨ ᠬᠡᠮᠵᠢᠶ᠎ᠡ ᠶᠢ ᠬᠢᠨᠠᠨ ᠪᠠᠶᠢᠴᠠᠭᠠᠵᠤ ᠪᠦᠷᠢᠨ ᠲᠡᠭᠦᠯᠳᠡᠷ ᠴᠢᠨᠠᠷ ᠢ ᠨᠢ ᠪᠠᠶᠢᠭᠤᠯᠤᠨ ᠪᠦᠷᠢᠨᠰᠢᠭᠦᠯᠵᠦ᠂ | ᠠᠵᠢᠯ ᠨᠢᠭᠡᠲᠡᠨ ᠤ ᠲᠤᠬᠠᠶᠢᠯᠠᠭᠰᠠᠨ ᠠᠵᠢᠯ ᠤᠨ ᠠᠵᠢᠯᠯᠠᠭᠤᠯᠬᠤ ᠳᠦᠷᠢᠮ ᠵᠢᠷᠤᠮ ᠪᠠ ᠲᠦᠭᠰᠢᠭᠦᠷᠢ ᠶᠢᠨ | ᠬᠠᠮᠢᠶᠠᠷᠤᠯᠲᠠ ᠶᠢᠨ ᠳᠦᠷᠢᠮ ᠢ ᠥᠯᠥ ᠲᠣᠭᠲᠠᠭᠠᠭᠰᠠᠨ ᠪᠠᠶᠢᠳᠠᠯ ᠪᠠᠶᠢᠬᠤ ᠡᠰᠡᠬᠦ ᠶᠢ ᠠᠩᠬᠠᠷᠤᠨ᠎ᠠ᠃ ᠠᠵᠢᠯ | ᠨᠢᠭᠡᠲᠡᠨ ᠤ ᠲᠤᠬᠠᠶᠢᠯᠠᠭᠰᠠᠨ ᠠᠵᠢᠯ ᠢᠶᠠᠨ ᠥᠷᠨᠢᠭᠦᠯᠦᠭᠰᠡᠨ ᠨᠢ ᠲᠣᠭᠲᠠᠭᠠᠯ ᠳᠤ ᠨᠡᠶᠢᠴᠡᠬᠦ ᠬᠠᠤᠯᠢ ᠶᠣᠰᠣᠴᠢ | ᠴᠢᠨᠠᠷ ᠢ ᠬᠢᠨᠠᠨ ᠪᠠᠶᠢᠴᠠᠭᠠᠵᠤ᠂ ᠠᠵᠢᠯ ᠨᠢᠭᠡᠲᠡᠨ ᠤ ᠲᠤᠬᠠᠶᠢᠯᠠᠭᠰᠠᠨ ᠠᠵᠢᠯ ᠢᠶᠠᠨ ᠠᠵᠢᠯᠯᠠᠭᠤᠯᠤᠭᠰᠠᠨ ᠨᠢ ᠵᠢᠷᠤᠮᠵᠢᠯ | ᠦᠭᠡᠢ ᠵᠡᠷᠭᠡ ᠠᠰᠠᠭᠤᠳᠠᠯ ᠪᠠᠶᠢᠬᠤ ᠡᠰᠡᠬᠦ ᠶᠢ ᠠᠩᠬᠠᠷᠤᠨ᠎ᠠ᠃ ᠵᠢᠵᠢᠭ ᠪᠢᠴᠢᠯ ᠠᠵᠤ ᠠᠬᠤᠶᠢᠯᠠᠯ ᠢ ᠲᠡᠳᠬᠦᠨ | ᠳᠡᠮᠵᠢᠬᠦ ᠳᠦᠷᠢᠮ ᠳᠤ ᠪᠦᠷᠢᠨ ᠲᠡᠭᠦᠯᠳᠡᠷ ᠴᠢᠨᠠᠷ ᠢ ᠪᠠᠶᠢᠭᠤᠯᠤᠨ ᠪᠦᠷᠢᠨᠰᠢᠭᠦᠯᠦᠭᠰᠡᠨ ᠢ ᠬᠢᠨᠠᠨ ᠪᠠᠶᠢᠴᠠᠭᠠᠵᠤ᠂ | ᠵᠢᠵᠢᠭ ᠪᠢᠴᠢᠯ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠨᠢ ᠬᠤᠴᠣᠷᠴᠤ ᠪᠠᠶᠢᠬᠤ ᠵᠡᠷᠭᠡ | ᠠᠰᠠᠭᠤᠳᠠᠯ ᠪᠠᠶᠢᠬᠤ ᠡᠰᠡᠬᠦ ᠶᠢ ᠠᠩᠬᠠᠷᠤᠨ᠎ᠠ᠃ ︽ᠵᠦᠢ ᠶᠣᠰᠣᠨ ᠤ ᠢᠲᠡᠭᠡᠮᠵᠢᠲᠦ ᠵᠢᠭᠡᠯᠡᠯᠭᠡ︾ ᠶᠢᠨ ᠳᠦᠷᠢᠮ ᠢ | ᠪᠠᠶᠢᠭᠤᠯᠤᠭᠰᠠᠨ ᠨᠢ ᠪᠦᠷᠢᠨ ᠲᠡᠭᠦᠯᠳᠡᠷ ᠡᠰᠡᠬᠦ ᠶᠢ ᠬᠢᠨᠠᠨ ᠪᠠᠶᠢᠴᠠᠭᠠᠵᠤ᠂ ᠪᠣᠳᠠᠲᠠᠢ ᠠᠷᠭ᠎ᠠ ᠬᠡᠮᠵᠢᠶ᠎ᠡ ᠠᠪᠴᠤ | ᠪᠠᠶᠢᠭᠠᠳ ︽ᠬᠤᠶᠠᠷ ᠢ ᠥᠰᠬᠡᠵᠦ ᠨᠢᠭᠡ ᠶᠢ ᠦᠯᠡᠳᠡᠭᠡᠬᠦ︾ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ | ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠪᠠᠭᠠᠰᠬᠠᠭᠰᠠᠨ ᠡᠰᠡᠬᠦ ᠵᠡᠷᠭᠡ ᠠᠰᠠᠭᠤᠳᠠᠯ ᠢ ᠠᠩᠬᠠᠷᠤᠨ᠎ᠠ᠃ ᠬᠤᠶᠠᠷ ᠲᠤ | ᠂ ᠲᠦᠭᠰᠢᠭᠦᠷᠢ ᠶᠢ ᠪᠦᠬᠦ ᠲᠠᠯ᠎ᠠ ᠪᠠᠷ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠦᠴᠦᠯᠡᠨ | ᠠᠩᠬᠠᠷᠤᠨ᠎ᠠ᠃ ᠣᠷᠣᠨ ᠨᠤᠲᠤᠭ ᠤᠨ ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ | ᠵᠠᠰᠠᠬᠤ ᠪᠦᠷᠢᠯᠳᠦᠴᠡ ᠶᠢ ᠪᠠᠶᠢᠭᠤᠯᠤᠨ ᠪᠦᠷᠢᠨᠰᠢᠭᠦᠯᠦᠭᠰᠡᠨ ᠪᠠᠶᠢᠳᠠᠯ ᠢ ᠦᠷᠭᠦᠯᠵᠢᠯᠡᠨ ᠠᠩᠬᠠᠷᠤᠨ᠎ᠠ᠃ | ᠲᠦᠭᠰᠢᠭᠦᠷᠢ ᠶᠢ ᠬᠠᠮᠢᠶᠠᠷᠬᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠴᠡ ᠨᠢ ᠪᠦᠷᠢᠨ ᠪᠠᠶᠢᠬᠤ ᠡᠰᠡᠬᠦ᠂ | ᠲᠦᠭᠰᠢᠭᠦᠷᠢ ᠶᠢ ᠬᠠᠮᠢᠶᠠᠷᠬᠤ ᠠᠷᠭ᠎ᠠ ᠪᠣᠳᠣᠯᠭ᠎ᠠ ᠪᠠ ᠲᠦᠭᠰᠢᠭᠦᠷᠢ ᠶᠢᠨ ᠣᠨᠴᠠ ᠳᠤᠷᠠᠰᠢᠯ ᠢ ᠲᠣᠭᠲᠠᠭᠠᠭᠰᠠᠨ ᠵᠢᠴᠢ | ᠲᠦᠭᠰᠢᠭᠦᠷᠢ ᠶᠢᠨ ᠬᠢᠵᠠᠭᠠᠷᠯᠠᠯ ᠲᠤᠭ᠎ᠠ ᠶᠢᠨ ᠬᠠᠮᠢᠶᠠᠷᠤᠯᠲᠠ ᠨᠢ ᠵᠢᠷᠤᠮᠵᠢᠯ ᠲᠠᠢ ᠡᠰᠡᠬᠦ᠂ ᠲᠦᠭᠰᠢᠭᠦᠷᠢ ᠶᠢ | ᠬᠠᠮᠢᠶᠠᠷᠬᠤ ᠲᠥᠷᠥ ᠶᠢᠨ ᠪᠣᠳᠣᠯᠭ᠎ᠠ ᠪᠠ ᠠᠯᠬᠤᠮ ᠳᠠᠷᠠᠭ᠎ᠠ ᠶᠢ ᠲᠣᠭᠲᠠᠭᠠᠨ ᠬᠡᠷᠡᠭᠵᠢᠭᠦᠯᠦᠭᠰᠡᠨ ᠨᠢ ᠲᠣᠭᠲᠠᠭᠠᠯ ᠳᠤ | ᠨᠡᠶᠢᠴᠡᠬᠦ ᠡᠰᠡᠬᠦ᠂ ᠲᠦᠭᠰᠢᠭᠦᠷᠢ ᠶᠢ ᠬᠠᠮᠢᠶᠠᠷᠬᠤ ᠰᠢᠰᠲ᠋ᠧᠮ ᠨᠢ ᠴᠢᠳᠠᠮᠵᠢ ᠶᠢᠨ ᠱᠠᠭᠠᠷᠳᠠᠯᠭ᠎ᠠ ᠶᠢ ᠬᠠᠩᠭᠠᠬᠤ | ᠡᠰᠡᠬᠦ ᠶᠢ ᠬᠢᠨᠠᠨ ᠪᠠᠶᠢᠴᠠᠭᠠᠨ᠎ᠠ᠃ ᠭᠤᠷᠪᠠ ᠳᠤ᠂ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ | ᠥᠷᠨᠢᠭᠦᠯᠬᠦ ᠲᠠᠯ᠎ᠠ ᠪᠠᠷ ᠬᠦᠴᠦᠯᠡᠨ ᠠᠩᠬᠠᠷᠤᠨ᠎ᠠ᠃ ᠣᠷᠣᠨ ᠨᠤᠲᠤᠭ ᠤᠨ ᠴᠢᠨᠠᠷᠲᠠᠢ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠢᠲᠡᠭᠡᠮᠵᠢ ᠣᠯᠭᠤᠭᠰᠠᠨ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠬᠦ ᠴᠢᠨᠠᠷ ᠢ ᠦᠷᠭᠦᠯᠵᠢᠯᠡᠨ | ᠠᠩᠬᠠᠷᠴᠤ᠂ ᠨᠢᠭᠡᠳᠦᠯᠲᠡᠢ ᠢᠲᠡᠭᠡᠮᠵᠢ ᠣᠯᠭᠤᠭᠰᠠᠨ ᠬᠠᠮᠢᠶᠠᠷᠤᠯᠲᠠ ᠶᠢ ᠥᠯᠥ ᠬᠡᠷᠡᠭᠵᠢᠭᠦᠯᠦᠭᠰᠡᠨ᠂ ᠬᠠᠷᠢᠴᠠᠭᠠᠨ ᠤ | ᠡᠷᠦᠭᠡ ᠶᠢᠨ ᠢᠲᠡᠭᠡᠮᠵᠢ ᠶᠢᠨ ᠳᠡᠰ ᠤᠨ ᠦᠨᠡᠯᠡᠬᠦ ᠰᠢᠰᠲ᠋ᠧᠮᠵᠢ ᠶᠢ ᠥᠯᠥ ᠪᠠᠶᠢᠭᠤᠯᠤᠭᠰᠠᠨ᠂ ᠣᠯᠠᠨ ᠲᠠᠯ᠎ᠠ ᠳᠤ | ᠢᠲᠡᠭᠡᠮᠵᠢ ᠣᠯᠭᠤᠭᠰᠠᠨ ᠪᠤᠶᠤ ᠲᠤᠭ᠎ᠠ ᠬᠡᠮᠵᠢᠶ᠎ᠡ ᠠᠴᠠ ᠬᠡᠲᠦᠷᠡᠭᠦᠯᠦᠨ ᠢᠲᠡᠭᠡᠮᠵᠢ ᠣᠯᠭᠤᠭᠰᠠᠨ᠂ ᠡᠷᠬᠡ ᠠᠴᠠ | ᠳᠠᠪᠠᠭᠤᠯᠤᠨ ᠬᠢᠨᠠᠨ ᠵᠥᠪᠰᠢᠶᠡᠷᠡᠭᠰᠡᠨ ᠵᠡᠷᠭᠡ ᠠᠰᠠᠭᠤᠳᠠᠯ ᠢ ᠠᠩᠬᠠᠷᠤᠨ᠎ᠠ᠃ ᠢᠲᠡᠭᠡᠮᠵᠢᠲᠦ ᠵᠢᠭᠡᠯᠡᠯᠭᠡ ᠶᠢᠨ | ᠲᠤᠬᠠᠶᠢᠯᠠᠭᠰᠠᠨ ᠠᠵᠢᠯ ᠤᠨ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠵᠤ᠂ ᠵᠢᠭᠡᠯᠡᠯᠭᠡ ᠶᠢ | ᠲᠥᠪᠯᠡᠷᠡᠭᠦᠯᠦᠭᠰᠡᠨ ᠬᠡᠮᠵᠢᠶ᠎ᠡ ᠨᠢ ᠪᠠᠷᠢᠮᠵᠢᠶ᠎ᠠ ᠠᠴᠠ ᠳᠠᠪᠠᠭᠰᠠᠨ᠂ ᠬᠢᠵᠠᠭᠠᠷᠯᠠᠨ ᠡᠵᠡᠮᠳᠡᠵᠦ ᠪᠠᠶᠢᠭ᠎ᠠ ᠠᠵᠢᠯ | ᠲᠥᠷᠥᠯ ᠤᠨ ᠠᠵᠤ ᠠᠬᠤᠶᠢᠯᠠᠯ ᠳᠤ ᠵᠢᠭᠡᠯᠡᠯᠭᠡ ᠲᠠᠯᠪᠢᠭᠰᠠᠨ᠂ ᠢᠲᠡᠭᠡᠮᠵᠢᠲᠦ ᠵᠢᠭᠡᠯᠡᠯᠭᠡ ᠶᠢᠨ ᠮᠥᠩᠭᠦ ᠶᠢ | ᠲᠣᠭᠲᠠᠭᠠᠯ ᠠᠴᠠ ᠵᠥᠷᠢᠴᠡᠨ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠳᠤ ᠭᠦᠢᠯᠭᠡᠭᠡᠨ | ᠣᠷᠣᠭᠤᠯᠤᠭᠰᠠᠨ᠂ ᠲᠣᠭᠲᠠᠭᠠᠯ ᠠᠴᠠ ᠵᠥᠷᠢᠴᠡᠨ ᠵᠠᠰᠠᠭ ᠤᠨ ᠣᠷᠳᠣᠨ ᠤ ᠪᠡᠯᠡ ᠲᠣᠬᠢᠷᠠᠭᠤᠯᠬᠤ ᠲᠠᠪᠴᠠᠩ ᠤᠨ | ᠵᠢᠭᠡᠯᠡᠯᠭᠡ ᠶᠢ ᠲᠠᠯᠪᠢᠭᠰᠠᠨ᠂ ᠵᠢᠭᠡᠯᠡᠯᠭᠡ ᠶᠢᠨ ᠠᠯᠬᠤᠮ ᠳᠠᠷᠠᠭ᠎ᠠ ᠨᠢ ᠲᠣᠭᠲᠠᠭᠠᠯ ᠳᠤ ᠥᠯᠥ ᠨᠡᠶᠢᠴᠡᠬᠦ᠂ | ᠵᠢᠭᠡᠯᠡᠯᠭᠡ ᠶᠢᠨ ︽ᠭᠤᠷᠪᠠ ᠶᠢ ᠪᠠᠶᠢᠴᠠᠭᠠᠭᠰᠠᠨ︾ ᠨᠢ ᠱᠠᠭᠠᠷᠳᠠᠯᠭ᠎ᠠ ᠳᠤ ᠥᠯᠥ ᠬᠥᠷᠥᠭᠰᠡᠨ᠂ ᠪᠠᠷᠢᠴᠠᠭᠠᠨ ᠤ | ᠪᠣᠳᠠᠰ ᠤᠨ ᠥᠷᠲᠡᠭ ᠨᠢ ᠭᠦᠢᠴᠡᠳ ᠪᠤᠰᠤ ᠪᠤᠶᠤ ᠬᠦᠴᠦᠨ ᠦᠭᠡᠢ ᠳᠠᠭᠠᠭᠠᠯᠲᠠ ᠬᠢᠭᠰᠡᠨ ᠵᠡᠷᠭᠡ ᠠᠰᠠᠭᠤᠳᠠᠯ ᠢ | ᠢᠯᠡᠷᠡᠭᠦᠯᠦᠨ᠎ᠡ᠃ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠦᠭᠰᠡᠨ ᠨᠢ ᠱᠠᠭᠠᠷᠳᠠᠯᠭ᠎ᠠ ᠳᠤ ᠥᠯᠥ ᠬᠥᠷᠥᠭᠰᠡᠨ᠂ ᠵᠢᠵᠢᠭ ᠪᠢᠴᠢᠯ ᠠᠵᠤ ᠠᠬᠤᠶᠢᠯᠠᠯ ᠤᠨ | ᠵᠢᠭᠡᠯᠡᠯᠭᠡ ᠶᠢ ᠵᠣᠷᠢᠭᠤᠳᠠ ᠲᠣᠬᠢᠷᠠᠭᠤᠯᠤᠨ ᠲᠥᠷᠥᠯ ᠬᠤᠪᠢᠶᠠᠬᠤ ᠰᠢᠰᠲ᠋ᠧᠮ ᠢᠶᠠᠷ ᠬᠡᠶᠢᠰᠪᠦᠷᠢᠯᠡᠨ ᠨᠡᠮᠡᠭᠰᠡᠨ᠂ ᠵᠢᠵᠢᠭ | ᠪᠢᠴᠢᠯ ᠠᠵᠤ ᠠᠬᠤᠶᠢᠯᠠᠯ ᠤᠨ ᠵᠢᠭᠡᠯᠡᠯᠭᠡ ᠨᠢ ︽ᠭᠤᠷᠪᠠ ᠶᠢ ᠳᠣᠣᠷ᠎ᠠ ᠪᠠᠶᠢᠯᠭᠠᠬᠤ ᠦᠭᠡᠢ︾ ︵ᠵᠢᠵᠢᠭ ᠪᠢᠴᠢᠯ | ᠠᠵᠤ ᠠᠬᠤᠶᠢᠯᠠᠯ ᠤᠨ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠶᠢ ᠡᠯ᠎ᠡ ᠵᠦᠢᠯ ᠤᠨ ᠵᠢᠭᠡᠯᠡᠯᠭᠡ ᠶᠢᠨ ᠳᠤᠮᠳᠠᠴᠢ | ᠨᠡᠮᠡᠭᠳᠡᠯ ᠤᠨ ᠬᠤᠷᠳᠤᠴᠠ ᠠᠴᠠ ᠳᠣᠣᠷ᠎ᠠ ᠪᠠᠶᠢᠯᠭᠠᠬᠤ ᠦᠭᠡᠢ᠂ ᠵᠢᠵᠢᠭ ᠪᠢᠴᠢᠯ ᠠᠵᠤ ᠠᠬᠤᠶᠢᠯᠠᠯ ᠤᠨ | ᠵᠢᠭᠡᠯᠡᠯᠭᠡ ᠶᠢᠨ ᠡᠷᠦᠬᠡ ᠶᠢᠨ ᠲᠤᠭ᠎ᠠ ᠶᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠡᠷᠦᠬᠡ ᠶᠢᠨ ᠲᠤᠭ᠎ᠠ ᠠᠴᠠ | ᠳᠣᠣᠷ᠎ᠠ ᠪᠠᠶᠢᠯᠭᠠᠬᠤ ᠦᠭᠡᠢ᠂ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠭᠤᠶᠤᠴᠢᠯᠠᠵᠤ ᠣᠯᠣᠭᠰᠠᠨ | ᠨᠣᠷᠮ᠎ᠠ ᠶᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢᠷᠢ ᠬᠡᠮᠵᠢᠶ᠎ᠡ ᠠᠴᠠ ᠳᠣᠣᠷ᠎ᠠ ᠪᠠᠶᠢᠯᠭᠠᠬᠤ ᠦᠭᠡᠢ︶ ᠶᠢ | ᠥᠯᠥ ᠪᠡᠶᠡᠯᠡᠭᠦᠯᠦᠭᠰᠡᠨ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠠᠩᠬᠠᠷᠤᠨ᠎ᠠ᠃ ᠳᠥᠷᠪᠡ ᠳᠤ᠂ ᠡᠳ᠋ | ᠬᠥᠷᠥᠩᠭᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠲᠠᠯ᠎ᠠ ᠪᠠᠷ ᠬᠦᠴᠦᠯᠡᠨ ᠠᠩᠬᠠᠷᠤᠨ᠎ᠠ᠃ ᠣᠷᠣᠨ ᠨᠤᠲᠤᠭ ᠤᠨ | ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠡᠳ᠋ ᠬᠥᠷᠥᠩᠭᠡ ᠪᠠ | ᠢᠲᠡᠭᠡᠮᠵᠢᠲᠦ ᠵᠢᠭᠡᠯᠡᠯᠭᠡ ᠶᠢᠨ ᠪᠤᠰᠤ ᠡᠳ᠋ ᠬᠥᠷᠥᠩᠭᠡ ᠶᠢ ᠲᠠᠪᠤᠨ ᠳᠡᠰ ᠢᠶᠠᠷ ᠲᠥᠷᠥᠯ ᠬᠤᠪᠢᠶᠠᠭᠰᠠᠨ ᠣᠨᠣᠪᠴᠢᠲᠤ | ᠴᠢᠨᠠᠷ ᠢ ᠦᠷᠭᠦᠯᠵᠢᠯᠡᠨ ᠠᠩᠬᠠᠷᠴᠤ᠂ ᠲᠥᠷᠥᠯ ᠬᠤᠪᠢᠶᠠᠭᠰᠠᠨ ᠨᠢ ᠣᠨᠣᠪᠴᠢ ᠦᠭᠡᠢ᠂ ᠪᠦᠷᠬᠦᠯᠲᠡ ᠨᠢ ᠡᠷᠡᠭᠦᠯ | ᠪᠤᠰᠤ ᠵᠡᠷᠭᠡ ᠠᠰᠠᠭᠤᠳᠠᠯ ᠢ ᠦᠷᠭᠦᠯᠵᠢᠯᠡᠨ ᠠᠩᠬᠠᠷᠤᠨ᠎ᠠ᠃ ᠦᠯᠡᠳᠡᠭᠡᠯ ᠪᠠ ᠰᠢᠨ᠎ᠡ ᠪᠠᠷ ᠨᠡᠮᠡᠭᠳᠡᠭᠰᠡᠨ ᠶᠡᠭᠡ | ᠲᠣᠭᠠᠨ ᠤ ᠡᠷᠡᠭᠦᠯ ᠪᠤᠰᠤ ᠢᠲᠡᠭᠡᠮᠵᠢᠲᠦ ᠵᠢᠭᠡᠯᠡᠯᠭᠡ ᠶᠢᠨ ᠡᠳ᠋ ᠬᠥᠷᠥᠩᠭᠡ ᠶᠢ ᠠᠩᠬᠠᠷᠬᠤ ᠶᠢᠨ ᠬᠠᠮᠲᠤ | ᠰᠢᠯᠲᠠᠭᠠᠨ ᠢ ᠨᠢ ᠵᠠᠳᠠᠯᠵᠤ᠂ ᠳᠦᠷᠢᠮ ᠤᠨ ᠳᠤᠲᠠᠭᠤᠳᠠᠯ ᠪᠤᠶᠤ ᠲᠤᠬᠠᠶᠢᠯᠠᠭᠰᠠᠨ ᠠᠵᠢᠯ ᠢᠶᠠᠨ ᠲᠣᠭᠲᠠᠭᠠᠯ ᠠᠴᠠ | ᠵᠥᠷᠢᠴᠡᠨ ᠠᠵᠢᠯᠯᠠᠭᠤᠯᠤᠭᠰᠠᠨ ᠵᠡᠷᠭᠡ ᠠᠰᠠᠭᠤᠳᠠᠯ ᠢ ᠢᠯᠡᠷᠡᠭᠦᠯᠦᠨ᠎ᠡ᠃ ᠡᠷᠡᠭᠦᠯ ᠪᠤᠰᠤ ᠦᠯᠡᠳᠡᠭᠡᠯ ᠡᠳ᠋ | ᠬᠥᠷᠥᠩᠭᠡ ᠪᠠᠨ ᠰᠢᠢᠳᠪᠦᠷᠢᠯᠡᠭᠰᠡᠨ ᠨᠢ ᠲᠣᠭᠲᠠᠭᠠᠯ ᠳᠤ ᠨᠡᠶᠢᠴᠡᠵᠦ ᠪᠦᠲᠦᠮᠵᠢᠲᠡᠢ ᠡᠰᠡᠬᠦ ᠶᠢ ᠬᠢᠨᠠᠨ ᠪᠠᠶᠢᠴᠠᠭᠠᠵᠤ᠂ | ᠨᠡᠬᠡᠨ ᠲᠥᠯᠥᠪᠦᠷᠢᠯᠡᠭᠰᠡᠨ ᠨᠢ ᠬᠦᠴᠦᠨ ᠦᠭᠡᠢ᠂ ᠡᠷᠡᠭᠦᠯ ᠪᠤᠰᠤ ᠡᠳ᠋ ᠬᠥᠷᠥᠩᠭᠡ ᠶᠢ ᠬᠤᠳᠠᠯ ᠬᠠᠭᠤᠷᠮᠠᠭ ᠢᠶᠠᠷ | ᠰᠢᠯᠵᠢᠭᠦᠯᠦᠭᠰᠡᠨ᠂ ᠡᠷᠡᠭᠦᠯ ᠪᠤᠰᠤ ᠡᠳ᠋ ᠬᠥᠷᠥᠩᠭᠡ ᠪᠠᠨ ᠬᠠᠷᠭᠤᠭᠤᠯᠤᠨ ᠦᠭᠡᠶᠢᠰᠬᠡᠭᠰᠡᠨ ᠨᠢ ᠵᠢᠷᠤᠮᠵᠢᠯ ᠪᠤᠰᠤ᠂ | ᠥᠷᠢ ᠲᠥᠯᠥᠪᠦᠷᠢᠯᠡᠭᠰᠡᠨ ᠡᠳ᠋ ᠬᠥᠷᠥᠩᠭᠡ ᠶᠢᠨ ᠥᠷᠲᠡᠭ ᠨᠢ ᠭᠦᠢᠴᠡᠳ ᠪᠤᠰᠤ ᠪᠤᠶᠤ ᠰᠢᠢᠳᠪᠦᠷᠢᠯᠡᠭᠡᠳ ᠬᠦᠨᠳᠦ | ᠶᠡᠭᠡ ᠬᠤᠬᠢᠷᠠᠯ ᠢ ᠪᠣᠢ ᠪᠣᠯᠭᠠᠭᠰᠠᠨ᠂ ᠰᠢᠨ᠎ᠡ ᠵᠢᠭᠡᠯᠡᠯᠭᠡ ᠵᠢᠭᠡᠯᠡᠵᠦ ᠬᠠᠭᠤᠴᠢᠨ ᠥᠷᠢ ᠪᠠᠨ ᠲᠥᠯᠥᠬᠦ ᠵᠡᠷᠭᠡ ᠠᠷᠭ᠎ᠠ | ᠬᠡᠯᠪᠡᠷᠢ ᠪᠠᠷ ᠡᠷᠡᠭᠦᠯ ᠪᠤᠰᠤ ᠪᠠᠶᠢᠳᠠᠯ ᠢᠶᠠᠨ ᠬᠠᠯᠬᠠᠯᠠᠭᠰᠠᠨ ᠵᠡᠷᠭᠡ ᠠᠰᠠᠭᠤᠳᠠᠯ ᠢ ᠢᠯᠡᠷᠡᠭᠦᠯᠦᠨ᠎ᠡ᠃ ᠲᠦᠭᠰᠢᠭᠦᠷᠢ ᠶᠢ | ᠨᠠᠮᠳᠠᠭᠠᠬᠤ ᠴᠢᠳᠠᠪᠤᠷᠢ ᠪᠠᠨ ᠳᠡᠭᠡᠭᠰᠢᠯᠡᠭᠦᠯᠦᠭᠰᠡᠨ ᠪᠠᠶᠢᠳᠠᠯ ᠢ ᠠᠩᠬᠠᠷᠴᠤ᠂ ᠡᠳ᠋ ᠬᠥᠷᠥᠩᠭᠡ ᠶᠢ ᠭᠦᠢᠴᠡᠳ ᠪᠤᠰᠤ | ᠬᠡᠮᠵᠢᠶ᠎ᠡ ᠪᠠᠷ ᠪᠣᠳᠣᠨ ᠠᠪᠴᠤ ᠥᠷᠲᠡᠭ ᠢ ᠬᠠᠰᠤᠬᠤ ᠪᠡᠯᠡᠳᠬᠡᠯ ᠬᠢᠭᠰᠡᠨ᠂ ᠰᠲ᠋ᠣᠺ ᠤᠨ ᠮᠥᠩᠭᠦ ᠶᠢᠨ ᠠᠰᠢᠭ | ᠣᠯᠵᠠᠪᠤᠷᠢ ᠶᠢ ᠲᠣᠭᠲᠠᠭᠠᠯ ᠠᠴᠠ ᠵᠥᠷᠢᠴᠡᠨ ᠬᠤᠪᠢᠶᠠᠭᠰᠠᠨ ᠵᠡᠷᠭᠡ ᠠᠰᠠᠭᠤᠳᠠᠯ ᠢ ᠢᠯᠡᠷᠡᠭᠦᠯᠦᠨ᠎ᠡ᠃ ᠲᠠᠪᠤ ᠳᠤ᠂ | ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠭᠰᠢᠭᠦᠷᠢ ᠶᠢᠨ ᠬᠠᠮᠢᠶᠠᠷᠤᠯᠲᠠ ᠶᠢᠨ ᠪᠠᠶᠢᠳᠠᠯ ᠢ | ᠬᠦᠴᠦᠯᠡᠨ ᠠᠩᠬᠠᠷᠤᠨ᠎ᠠ᠃ ᠣᠷᠣᠨ ᠨᠤᠲᠤᠭ ᠤᠨ ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠮᠡᠳᠡᠭᠡ | ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠷᠢᠨ ᠲᠡᠭᠦᠯᠳᠡᠷ ᠵᠠᠰᠠᠯᠲᠠ ᠶᠢᠨ ᠪᠦᠲᠦᠴᠡ ᠶᠢ | ᠪᠦᠷᠢᠯᠳᠦᠭᠦᠯᠦᠭᠰᠡᠨ ᠡᠰᠡᠬᠦ᠂ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠭᠰᠢᠭᠦᠷᠢ ᠶᠢᠨ | ᠬᠠᠮᠢᠶᠠᠷᠤᠯᠲᠠ ᠪᠠ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠲᠣᠭᠲᠠᠭᠠᠯ ᠶᠣᠰᠣᠭᠠᠷ | ᠥᠷᠨᠢᠭᠦᠯᠦᠭᠰᠡᠨ ᠡᠰᠡᠬᠦ᠂ ᠮᠡᠳᠡᠭᠡ ᠵᠠᠩᠭᠢ ᠶᠢᠨ ᠰᠢᠰᠲ᠋ᠧᠮ ᠢ ᠨᠡᠭᠡᠭᠡᠨ ᠬᠥᠭᠵᠢᠭᠦᠯᠬᠦ᠂ ᠬᠡᠮᠵᠢᠨ ᠰᠢᠯᠭᠠᠬᠤ ᠪᠠ | ᠬᠠᠮᠠᠭᠠᠯᠠᠬᠤ ᠠᠵᠢᠯ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠦᠢᠯᠡᠴᠢᠯᠡᠭᠡ ᠪᠠᠨ ᠭᠠᠳᠠᠭᠰᠢ ᠳᠠᠭᠠᠭᠠᠴᠢᠯᠠᠭᠤᠯᠬᠤ ᠬᠠᠮᠢᠶᠠᠷᠤᠯᠲᠠ ᠨᠢ ᠵᠢᠷᠤᠮᠵᠢᠯ ᠲᠠᠢ ᠡᠰᠡᠬᠦ᠂ | ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠳᠠᠭᠠᠳᠤ ᠳᠣᠲᠣᠭᠠᠳᠤ ᠶᠢᠨ ᠬᠢᠨᠠᠯᠲᠠ ᠪᠣᠳᠣᠯᠲᠠ ᠶᠢ | ᠲᠣᠭᠲᠠᠭᠠᠯ ᠶᠣᠰᠣᠭᠠᠷ ᠬᠢᠭᠰᠡᠨ ᠡᠰᠡᠬᠦ᠂ ᠳ᠋ᠠᠶᠢᠲ᠋ᠠ ᠶᠢᠨ ᠲᠥᠪ ᠢ ᠲᠣᠬᠢᠷᠠᠭᠤᠯᠤᠭᠰᠠᠨ ᠨᠢ ᠱᠠᠭᠠᠷᠳᠠᠯᠭ᠎ᠠ ᠳᠤ | ᠨᠡᠶᠢᠴᠡᠬᠦ ᠡᠰᠡᠬᠦ᠂ ᠳ᠋ᠠᠶᠢᠲ᠋ᠠ ᠶᠢᠨ ᠲᠥᠪ ᠤᠨ ᠲᠦᠭᠰᠢᠭᠦᠷᠢ ᠶᠢᠨ ᠬᠠᠮᠢᠶᠠᠷᠤᠯᠲᠠ᠂ ᠠᠵᠢᠯᠯᠠᠭᠤᠯᠬᠤ ᠣᠷᠴᠢᠨ | ᠨᠥᠬᠦᠴᠡᠯ᠂ ᠠᠵᠢᠯᠯᠠᠭᠤᠯᠤᠨ ᠡᠵᠡᠩᠨᠡᠬᠦ ᠬᠠᠮᠢᠶᠠᠷᠤᠯᠲᠠ᠂ ᠭᠠᠮᠰᠢᠭ ᠠᠴᠠ ᠰᠡᠷᠭᠦᠭᠡᠬᠦ ᠬᠠᠮᠢᠶᠠᠷᠤᠯᠲᠠ᠂ | ᠦᠢᠯᠡᠴᠢᠯᠡᠭᠡ ᠪᠠᠨ ᠭᠠᠳᠠᠭᠰᠢ ᠳᠠᠭᠠᠭᠠᠴᠢᠯᠠᠭᠤᠯᠬᠤ ᠬᠠᠮᠢᠶᠠᠷᠤᠯᠲᠠ ᠵᠡᠷᠭᠡ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ | ᠦᠷᠭᠦᠯᠵᠢᠯᠡᠨ ᠠᠩᠬᠠᠷᠤᠨ᠎ᠠ᠃ | ᠬᠥᠲᠥᠯᠥᠭᠴᠢ᠄ | ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠬᠦᠨᠳᠦ ᠶᠡᠭᠡ ᠲᠦᠭᠰᠢᠭᠦᠷᠢ ᠶᠢ | ᠰᠡᠷᠡᠮᠵᠢᠯᠡᠭᠦᠯᠦᠨ ᠨᠠᠮᠳᠠᠭᠠᠭᠰᠠᠨ ᠪᠣᠳᠠᠲᠠᠢ ᠠᠷᠭ᠎ᠠ ᠬᠡᠮᠵᠢᠶ᠎ᠡ ᠶᠢ ᠶᠠᠷᠢᠭᠠᠳ ᠥᠭᠭᠦᠨ᠎ᠡ ᠦᠦ︖ | ᠯᠢᠦᠢ ᠵᠢᠩ ᠶᠤᠸᠠᠨ᠄ | ᠨᠢᠭᠡ ᠳᠤ᠂ ᠲᠥᠯᠥᠪᠯᠡᠨ ᠬᠠᠮᠢᠶᠠᠷᠬᠤ ᠪᠠᠨ ᠴᠢᠩᠭᠠᠷᠠᠭᠤᠯᠵᠤ᠂ ᠬᠢᠨᠠᠨ ᠪᠣᠳᠣᠬᠤ ᠶᠢ ᠪᠦᠬᠦ ᠲᠠᠯ᠎ᠠ ᠳᠤ | ᠬᠠᠮᠤᠷᠤᠭᠤᠯᠬᠤ ᠶᠢ ᠪᠡᠶᠡᠯᠡᠭᠦᠯᠬᠦ ᠶᠢ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ | ᠬᠦᠨᠳᠦ ᠶᠡᠭᠡ ᠲᠦᠭᠰᠢᠭᠦᠷᠢ ᠶᠢ ᠰᠡᠷᠡᠮᠵᠢᠯᠡᠭᠦᠯᠦᠨ ᠨᠠᠮᠳᠠᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ | ᠬᠢᠬᠦ ᠶᠢ ᠠᠬᠢᠭᠤᠯᠬᠤ ᠪᠠᠷ ᠣᠳᠣᠬᠠᠨ ᠤ ᠬᠢᠨᠠᠨ ᠪᠣᠳᠣᠬᠤ ᠨᠢᠭᠡ ᠵᠦᠢᠯ ᠤᠨ ᠴᠢᠬᠤᠯᠠ ᠠᠵᠢᠯ ᠪᠣᠯᠭᠠᠨ᠂ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠠᠬᠢ ᠬᠢᠨᠠᠨ ᠪᠣᠳᠣᠵᠤ ᠬᠢᠨᠠᠯᠲᠠ ᠲᠠᠯᠪᠢᠬᠤ ᠡᠲᠡᠭᠡᠳ ᠢ ᠪᠦᠬᠦᠨ ᠢ | ᠬᠠᠮᠤᠷᠤᠭᠤᠯᠬᠤ ᠶᠢ ᠪᠡᠶᠡᠯᠡᠭᠦᠯᠬᠦ ᠶᠢ ᠪᠠᠲᠤᠯᠠᠪᠠ᠃ ᠡᠯ᠎ᠡ ᠬᠦᠷᠢᠶ᠎ᠡ ᠴᠠᠷᠠᠭ᠎ᠠ ᠳᠠᠬᠢ ᠬᠢᠨᠠᠨ ᠪᠣᠳᠣᠬᠤ ᠠᠵᠢᠯ ᠤᠨ ᠡᠬᠢ | ᠪᠠᠶᠠᠯᠢᠭ ᠢ ᠬᠠᠮᠲᠤ ᠳᠤ ᠪᠠᠨ ᠬᠦᠷᠲᠡᠬᠦ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠪᠠ ᠦᠷ᠎ᠡ ᠪᠦᠲᠦᠭᠡᠯ ᠢ | ᠬᠠᠮᠲᠤ ᠳᠤ ᠪᠠᠨ ᠬᠦᠷᠲᠡᠬᠦ ᠶᠢ ᠬᠦᠴᠦᠯᠡᠨ ᠪᠡᠶᠡᠯᠡᠭᠦᠯᠵᠦ᠂ ᠭᠦᠨᠵᠡᠭᠡᠢ ᠬᠠᠮᠵᠢᠯᠴᠠᠬᠤ ᠪᠠ ᠨᠡᠶᠢᠯᠡᠮᠡᠯ ᠬᠦᠴᠦᠨ ᠢ | ᠪᠦᠷᠢᠯᠳᠦᠭᠦᠯᠬᠦ ᠶᠢ ᠭᠦᠢᠴᠡᠳᠬᠡᠨ᠂ ᠬᠦᠨᠳᠦ ᠶᠡᠭᠡ ᠲᠦᠭᠰᠢᠭᠦᠷᠢ ᠶᠢ ᠰᠡᠷᠡᠮᠵᠢᠯᠡᠭᠦᠯᠦᠨ ᠨᠠᠮᠳᠠᠭᠠᠬᠤ ᠶᠢ ᠠᠬᠢᠭᠤᠯᠬᠤ | ᠦᠷ᠎ᠡ ᠪᠦᠲᠦᠮᠵᠢ ᠶᠢ ᠳᠡᠭᠡᠭᠰᠢᠯᠡᠭᠦᠯᠵᠡᠢ᠃ ᠬᠤᠶᠠᠷ ᠲᠤ᠂ ᠮᠡᠷᠭᠡᠵᠢᠯ ᠪᠠ ᠠᠷᠭ᠎ᠠ ᠳᠤ ᠪᠠᠨ ᠰᠢᠨ᠎ᠡ ᠶᠢ ᠡᠭᠦᠳᠴᠦ᠂ | ᠬᠢᠨᠠᠨ ᠪᠣᠳᠣᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ | ᠲᠢᠩᠬᠢᠮ ᠠᠴᠠ ︽ᠶᠡᠷᠦᠩᠬᠡᠢ ᠳᠤ ᠨᠢ ᠵᠠᠳᠠᠯᠬᠤ᠂ ᠰᠡᠵᠢᠭ ᠲᠠᠢ ᠭᠠᠵᠠᠷ ᠢ ᠢᠯᠡᠷᠡᠭᠦᠯᠬᠦ᠂ ᠲᠠᠷᠠᠬᠠᠢ ᠪᠤᠲᠠᠷᠬᠠᠢ ᠪᠠᠷ | ᠬᠠᠷᠭᠤᠭᠤᠯᠤᠨ ᠪᠠᠶᠢᠴᠠᠭᠠᠬᠤ᠂ ᠰᠢᠰᠲ᠋ᠧᠮ ᠲᠠᠢ ᠰᠤᠳᠤᠯᠬᠤ︾ ᠬᠢᠨᠠᠯᠲᠠ ᠪᠣᠳᠣᠯᠲᠠ ᠶᠢ ᠵᠣᠬᠢᠶᠠᠨ ᠪᠠᠶᠢᠭᠤᠯᠬᠤ | ᠵᠠᠭᠪᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠲᠣᠭᠠᠵᠢᠭᠤᠯᠤᠭᠰᠠᠨ ᠬᠢᠨᠠᠨ ᠪᠣᠳᠣᠬᠤ ᠠᠷᠭ᠎ᠠ ᠬᠡᠯᠪᠡᠷᠢ ᠳᠤ | ᠢᠳᠡᠪᠬᠢᠲᠡᠢ ᠪᠠᠷ ᠰᠢᠨ᠎ᠡ ᠶᠢ ᠡᠭᠦᠳᠬᠦ ᠪᠠ ᠳᠡᠯᠭᠡᠷᠡᠭᠦᠯᠵᠦ᠂ ᠣᠷᠣᠨ ᠨᠤᠲᠤᠭ ᠤᠨ ᠴᠢᠨᠠᠷᠲᠠᠢ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠡᠮᠵᠢᠯᠡᠭᠦᠯᠦᠨ ᠨᠠᠮᠳᠠᠭᠠᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠮᠥᠷᠳᠡᠵᠦ ᠬᠢᠨᠠᠨ ᠪᠣᠳᠣᠬᠤ ᠳᠤᠮᠳᠠ᠂ ᠥᠪᠡᠷᠲᠡᠭᠡᠨ ᠵᠠᠰᠠᠬᠤ | ᠣᠷᠣᠨ ᠤ ᠬᠢᠨᠠᠨ ᠪᠣᠳᠣᠬᠤ ᠲᠢᠩᠬᠢᠮ ᠠᠴᠠ ᠳ᠋ᠠᠶᠢᠲ᠋ᠠ ᠶᠢ ᠭᠦᠨᠵᠡᠭᠡᠢ ᠠᠭᠤᠳᠠᠯᠬᠤ ᠪᠠ ᠬᠦᠷᠢᠶ᠎ᠡ ᠴᠠᠷᠠᠭ᠎ᠠ | ᠠᠯᠤᠰᠯᠠᠭᠤᠯᠤᠨ ᠬᠤᠯᠪᠣᠯᠳᠤᠭᠤᠯᠬᠤ ᠶᠢ ᠨᠡᠩ ᠴᠢᠬᠤᠯᠠᠴᠢᠯᠠᠵᠤ᠂ ᠬᠢᠨᠠᠨ ᠪᠣᠳᠣᠵᠤ ᠪᠠᠶᠢᠭᠠᠳ ᠲᠦᠭᠰᠢᠭᠦᠷᠢ ᠶᠢᠨ | ᠴᠡᠭ ᠪᠠ ᠡᠯ᠎ᠡ ᠲᠥᠷᠥᠯ ᠤᠨ ᠠᠰᠠᠭᠤᠳᠠᠯ ᠢ ᠢᠯᠡᠷᠡᠭᠦᠯᠬᠦ ᠣᠨᠣᠪᠴᠢ ᠶᠢᠨ ᠬᠡᠮᠵᠢᠶ᠎ᠡ ᠪᠠ ᠴᠠᠭ ᠬᠤᠭᠤᠴᠠᠭᠠᠲᠤ | ᠴᠢᠨᠠᠷ ᠢ ᠳᠡᠭᠡᠭᠰᠢᠯᠡᠭᠦᠯᠦᠨ᠂ ᠬᠤᠷᠸ᠎ᠠ ᠲᠠᠯ᠎ᠠ ᠶᠢᠨ ᠠᠵᠤ ᠠᠬᠤᠢ ᠶᠢᠨ ᠲᠣᠭᠲᠠᠭᠤᠨ ᠪᠠᠶᠢᠳᠠᠯ ᠢ ᠨᠥᠯᠥᠭᠡᠯᠡᠬᠦ | ᠬᠦᠴᠦᠨ ᠵᠦᠢᠯ ᠢ ᠴᠠᠭ ᠲᠤᠬᠠᠢ ᠳᠤ ᠨᠢ ᠢᠯᠡᠷᠡᠭᠦᠯᠵᠦ᠂ ᠲᠦᠭᠰᠢᠭᠦᠷᠢ ᠶᠢ ᠠᠯᠢ ᠡᠷᠲᠡ ᠰᠡᠷᠡᠵᠦ ᠢᠯᠡᠷᠡᠭᠦᠯᠬᠦ᠂ | ᠢᠯᠭᠠᠨ ᠲᠠᠨᠢᠬᠤ ᠪᠠ ᠰᠡᠷᠡᠮᠵᠢᠯᠡᠭᠦᠯᠵᠦ᠂ ᠬᠤᠷᠸ᠎ᠠ ᠲᠠᠯ᠎ᠠ ᠶᠢᠨ ᠰᠢᠢᠳᠪᠦᠷᠢᠲᠦ ᠪᠣᠳᠣᠯᠭ᠎ᠠ ᠳᠤ ᠦᠢᠯᠡᠴᠢᠯᠡᠬᠦ ᠳᠡᠰ | ᠳᠠᠪᠬᠤᠷᠭ᠎ᠠ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠡᠢ᠃ ᠭᠤᠷᠪᠠ ᠳᠤ᠂ ᠠᠵᠢᠯᠲᠠᠨ ᠤ | ᠪᠠᠶᠢᠭᠤᠯᠤᠯᠲᠠ ᠪᠠᠨ ᠴᠢᠩᠭᠠᠷᠠᠭᠤᠯᠵᠤ᠂ ᠡᠩᠨᠡᠭᠡᠨ ᠤ ᠰᠠᠭᠤᠷᠢ ᠪᠠᠨ ᠪᠠᠲᠤᠳᠬᠠᠪᠠ᠃ ᠪᠦᠬᠦ ᠣᠷᠣᠨ ᠤ ᠬᠢᠨᠠᠨ | ᠪᠣᠳᠣᠬᠤ ᠪᠠᠶᠢᠭᠤᠯᠭ᠎ᠠ ᠪᠠ ᠥᠷᠭᠡᠨ ᠣᠯᠠᠨ ᠬᠢᠨᠠᠨ ᠪᠣᠳᠣᠬᠤ ᠠᠵᠢᠯᠲᠠᠨ ᠠᠴᠠ ᠤᠯᠤᠰ ᠲᠥᠷᠥ ᠶᠢᠨ | ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ | ᠠᠩᠬᠠᠨ ᠤ ᠵᠣᠷᠢᠯᠲᠠ ᠪᠠᠨ ᠮᠠᠷᠲᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠶᠢ ᠴᠠᠭ ᠢᠮᠠᠭᠲᠠ | ᠭᠦᠢᠴᠡᠳᠬᠡᠵᠦ᠂ ᠠᠵᠢᠯ ᠤᠨ ᠣᠪᠣᠷ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠤᠳᠠᠭᠠᠨ ᠳᠠᠭᠠᠭᠠᠮᠠᠭᠠᠢ ᠪᠠᠷ | ᠣᠪᠣᠷ ᠰᠤᠷᠲᠠᠯ ᠢᠶᠠᠨ ᠰᠠᠶᠢᠵᠢᠷᠠᠭᠤᠯᠤᠨ ᠰᠠᠬᠢᠯᠭ᠎ᠠ ᠪᠠᠲᠤ ᠪᠠᠨ ᠴᠡᠭᠴᠡᠯᠡᠵᠦ᠂ ᠢᠲᠡᠭᠡᠯ ᠵᠣᠷᠢᠭ ᠨᠢ ᠪᠠᠲᠤ ᠴᠢᠩᠭ᠎ᠠ᠂ | ᠲᠤᠬᠠᠶᠢᠯᠠᠭᠰᠠᠨ ᠠᠵᠢᠯ ᠳᠤ ᠪᠠᠨ ᠬᠠᠳᠠᠨ ᠴᠠᠭᠠᠷᠠᠭᠰᠠᠨ᠂ ᠣᠪᠣᠷ ᠰᠤᠷᠲᠠᠯ ᠤᠨ ᠲᠠᠯ᠎ᠠ ᠪᠠᠷ ᠪᠣᠳᠠᠲᠠᠢ ᠶᠢ | ᠡᠷᠬᠢᠮᠯᠡᠭᠰᠡᠨ᠂ ᠠᠷᠢᠭᠤᠨ ᠴᠢᠬᠡᠴᠢ ᠲᠥᠪ ᠭᠤᠣᠯᠴᠢ ᠪᠥᠭᠡᠳ ᠥᠨᠳᠥᠷ ᠬᠡᠪ ᠴᠢᠨᠠᠷ ᠪᠦᠬᠦᠢ ᠲᠤᠰᠬᠠᠢ ᠮᠡᠷᠭᠡᠵᠢᠭᠰᠡᠨ | ᠬᠢᠨᠠᠨ ᠪᠣᠳᠣᠬᠤ ᠡᠩᠨᠡᠭᠡ ᠶᠢ ᠤᠯᠠᠮ ᠨᠢᠭᠡ ᠠᠯᠬᠤᠮ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠬᠢᠨᠠᠨ | ᠪᠣᠳᠣᠬᠤ ᠲᠢᠩᠬᠢᠮ ᠠᠴᠠ ᠬᠥᠮᠥᠵᠢᠭᠦᠯᠦᠨ ᠪᠣᠯᠪᠠᠰᠤᠷᠠᠭᠤᠯᠬᠤ ᠠᠭᠤᠯᠭ᠎ᠠ ᠶᠢ ᠴᠢᠭᠯᠡᠯᠲᠦ ᠴᠢᠨᠠᠷᠲᠠᠢ ᠪᠠᠷ | ᠪᠦᠷᠢᠨᠰᠢᠭᠦᠯᠦᠨ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ᠂ ᠪᠠᠩᠬᠢ ᠶᠢᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠰᠤᠭ ᠪᠠ ᠪᠤᠰᠤᠳ | ᠭᠠᠳᠠᠷ ᠪᠠᠶᠢᠭᠤᠯᠤᠮᠵᠢ ᠶᠢᠨ ᠰᠤᠳᠤᠯᠭᠠᠨ ᠤ ᠦᠷ᠎ᠡ ᠪᠦᠲᠦᠭᠡᠯ ᠪᠠ ᠪᠠᠭᠰᠢ ᠶᠢᠨ ᠬᠦᠴᠦᠨ ᠢ ᠪᠦᠲᠦᠮᠵᠢᠲᠡᠢ ᠠᠰᠢᠭᠯᠠᠨ | ᠂ ᠬᠦᠨᠳᠦ ᠶᠡᠭᠡ ᠲᠦᠭᠰᠢᠭᠦᠷᠢ ᠶᠢ ᠰᠡᠷᠡᠮᠵᠢᠯᠡᠭᠦᠯᠦᠨ ᠨᠠᠮᠳᠠᠭᠠᠬᠤ ᠲᠠᠯ᠎ᠠ ᠶᠢᠨ ᠬᠢᠨᠠᠨ ᠪᠣᠳᠣᠬᠤ ᠦᠢᠯᠡᠳᠦᠯᠭᠡ ᠶᠢᠨ | ᠲᠤᠷᠰᠢᠯᠭ᠎ᠠ ᠶᠢ ᠴᠢᠬᠤᠯᠠᠴᠢᠯᠠᠨ ᠰᠢᠷᠭᠠᠭᠠᠬᠤ ᠪᠠ ᠳᠡᠯᠭᠡᠷᠡᠭᠦᠯᠵᠦ᠂ ᠬᠦᠨᠳᠦ ᠶᠡᠭᠡ ᠲᠦᠭᠰᠢᠭᠦᠷᠢ ᠶᠢ ᠰᠡᠷᠡᠮᠵᠢᠯᠡᠭᠦᠯᠦᠨ | ᠨᠠᠮᠳᠠᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠶᠢ ᠠᠬᠢᠭᠤᠯᠬᠤ ᠳᠤ ᠪᠠᠲᠤ ᠴᠢᠩᠭ᠎ᠠ ᠡᠩᠨᠡᠭᠡᠨ ᠤ | ᠪᠠᠲᠤᠯᠠᠭ᠎ᠠ ᠶᠢ ᠴᠣᠭᠴᠠᠯᠠᠵᠠᠢ᠃ | ᠬᠥᠲᠥᠯᠥᠭᠴᠢ᠄ | ᠰᠠᠶᠢᠨ ᠪᠣᠯᠣᠯ᠎ᠠ᠂ ᠯᠢᠦᠢ ᠲᠢᠩᠬᠢᠮ ᠤᠨ ᠳᠠᠷᠤᠭ᠎ᠠ ᠶᠢᠨ ᠲᠠᠶᠢᠯᠤᠮᠵᠢ ᠳᠤ ᠪᠠᠶᠠᠷᠯᠠᠯ᠎ᠠ᠂ ᠮᠥᠨ ᠰᠦᠯᠵᠢᠶᠡᠨ ᠤ | ᠠᠨᠳᠠ ᠨᠠᠷ ᠤᠨ ᠣᠷᠣᠯᠴᠠᠯᠭ᠎ᠠ ᠳᠤ ᠪᠠᠶᠠᠷᠯᠠᠯ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ | ᠥᠨᠳᠥᠷᠯᠡᠯ᠎ᠡ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ |