ᠳᠤᠮᠳᠠᠳᠤ ᠤᠯᠤᠰ ᠤᠨ ᠲᠦᠩ ᠶᠦᠩ ᠮᠡᠷᠭᠡᠵᠢᠯ ᠤᠨ ᠪᠦᠯᠦᠭᠯᠡᠯ ᠬᠤᠷᠢᠨᠭᠡᠷ ᠰᠢᠨ᠎ᠡ ᠲᠣᠭᠤᠷᠢᠭ ᠦᠴᠤᠸᠠᠨ ᠤ ᠠᠵᠤ ᠦᠢᠯᠡᠰ ᠤᠨ ᠬᠦᠷᠢᠶᠡᠯᠡᠩ ᠤᠨ ᠭᠠᠵᠠᠷ ᠰᠣᠩᠭᠤᠬᠤ ᠵᠢᠴᠢ ᠲᠥᠯᠥᠪᠵᠢᠭᠦᠯᠭᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2019/4/8
     4 ᠳ᠋ᠦ᠋ᠭᠡᠷ ᠰᠠᠷ᠎ᠠ ᠶᠢᠨ 2 ᠤᠨ ᠡᠳᠦᠷ᠂ ᠳᠤᠮᠳᠠᠳᠤ ᠤᠯᠤᠰ ᠤᠨ ᠲᠦᠩ ᠶᠦᠩ ᠮᠡᠷᠭᠡᠵᠢᠯ ᠤᠨ ᠪᠦᠯᠦᠭᠯᠡᠯ ᠤᠨ ᠪᠠᠶᠢᠯᠳᠤᠬᠤ ᠪᠣᠳᠣᠯᠭ᠎ᠠ ᠪᠠ ᠬᠥᠭᠵᠢᠯᠲᠡ ᠶᠢᠨ ᠶᠡᠷᠦᠩᠬᠡᠶ ᠬᠡᠯᠲᠡᠰ ᠤᠨ ᠶᠡᠷᠦᠩᠬᠡᠶ ᠳᠠᠭᠠᠭᠠᠮᠠᠯ ᠳᠠᠩ ᠢ ᠨᠡᠷ ᠬᠤᠷᠢᠨᠭᠡᠷ ᠰᠢᠨ᠎ᠡ ᠲᠣᠭᠤᠷᠢᠭ ᠲᠤ ᠭᠦᠨᠵᠡᠭᠡᠶᠢᠷᠡᠨ ᠦᠴᠤᠸᠠᠨ ᠤ ᠠᠵᠤ ᠦᠢᠯᠡᠰ ᠤᠨ ᠬᠦᠷᠢᠶᠡᠯᠡᠩ ᠤᠨ ᠭᠠᠵᠠᠷ ᠰᠣᠩᠭᠤᠬᠤ᠂ ᠲᠥᠯᠦᠪᠵᠢᠭᠦᠯᠭᠡ ᠵᠡᠷᠭᠡ ᠶᠢ ᠥᠷᠨᠢᠭᠦᠯᠦᠭᠰᠡᠨ ᠪᠠᠶᠢᠳᠠᠯ ᠢ  ᠪᠠᠶᠢᠴᠠᠭᠠᠨ ᠰᠤᠳᠤᠯᠬᠤ ᠶᠢᠨ ᠬᠠᠮᠲᠤ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠪᠠᠷ᠎ᠠ ᠪᠣᠯᠵᠤ᠂ ᠮᠠᠨ ᠤ ᠰᠢᠶᠠᠨ ᠤ ᠤᠳᠤᠷᠢᠳᠤᠯᠭ᠎ᠠ ᠠᠴᠠ ᠬᠠᠳᠠ᠂ ᠫᠧᠩ ᠱᠣᠣ ᠴᠥᠩ᠂ ᠶᠤᠸᠠᠨ ᠪᠥᠸᠧ᠂ ᠪᠠᠲᠤ᠂ ᠠᠨ ᠮᠢᠶᠣᠣ ᠰᠠᠭᠤᠳᠠᠯ ᠤᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠰᠢᠨ᠎ᠡ ᠲᠣᠭᠤᠷᠢᠭ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠬᠤᠳᠠ ᠶᠢᠨ ᠰᠢᠨᠵᠢ ᠴᠢᠨᠠᠷ ᠡᠭᠦᠷᠭᠡ ᠴᠢᠳᠠᠪᠬᠢ᠂ ᠠᠵᠤ ᠦᠢᠯᠡᠰ ᠤᠨ ᠪᠦᠲᠦᠴᠡ ᠶᠢᠨ ᠰᠢᠰᠲ᠋ᠧᠮᠵᠢ ᠵᠡᠷᠭᠡ ᠪᠣᠳᠠᠲᠠᠢ ᠲᠥᠯᠥᠪᠵᠢᠭᠦᠯᠭᠡ ᠶᠢᠨ ᠪᠠᠶᠢᠳᠠᠯ ᠢ ᠲᠠᠨᠢᠯᠴᠠᠭᠤᠯᠪᠠ᠃ ᠶᠦᠨ ᠬᠠᠢ ᠦᠴᠤᠸᠠᠨ ᠤ ᠠᠵᠤ ᠦᠢᠯᠡᠰ ᠤᠨ ᠬᠦᠷᠢᠶᠡᠯᠡᠩ ᠤᠨ ᠭᠠᠵᠠᠷ ᠰᠣᠩᠭᠤᠭᠰᠠᠨ᠂ ᠲᠥᠯᠥᠪᠵᠢᠭᠦᠯᠪᠡ ᠵᠡᠷᠭᠡ  ᠪᠠᠶᠢᠳᠠᠯ ᠢ ᠥᠷᠨᠢᠭᠦᠯᠦᠭᠰᠡᠨ ᠲᠤᠬᠠᠢ ᠲᠣᠳᠣᠷᠬᠠᠢᠯᠠᠯᠲᠠ ᠬᠢᠪᠡ᠃      ᠶᠦᠨ ᠬᠠᠢ ᠵᠢᠭᠠᠵᠤ ᠭᠠᠷᠭᠠᠭᠰᠠᠨ ᠨᠢ᠂ ᠦᠴᠤᠸᠠᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠢᠭᠤᠯᠤᠯᠲᠠ ᠪᠣᠯ ᠦᠴᠤᠸᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠬᠦ ᠴᠢᠬᠤᠯᠠ ᠠᠷᠭ᠎ᠠ ᠬᠡᠮᠵᠢᠶ᠎ᠡ ᠮᠦᠨ᠂ ᠨᠠᠩ ᠴᠤ ᠣᠨᠳᠣᠣ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠠᠰᠢᠭᠯᠠᠨ ᠦᠴᠤᠸᠠᠨ ᠤ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠳᠡᠮᠵᠢᠬᠦ ᠴᠢᠬᠤᠯᠠ ᠠᠷᠭ᠎ᠠ ᠪᠠᠷᠢᠯ ᠪᠣᠯᠤᠨ᠎ᠠ᠃ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠵᠠᠪᠠᠯ ᠰᠢᠨ᠎ᠡ ᠲᠣᠭᠤᠷᠢᠭ ᠤᠨ ᠶᠡᠷᠦᠩᠬᠡᠶ ᠱᠠᠭᠠᠷᠳᠠᠯᠭ᠎ᠠ ᠳᠤ ᠨᠡᠶᠢᠴᠡᠭᠦᠯᠵᠦ᠂ ᠲᠦᠩ ᠶᠦᠩ ᠪᠦᠯᠦᠭᠯᠡᠯ ᠲᠠᠢ ᠭᠦᠨᠵᠡᠭᠡᠶ ᠬᠠᠮᠲᠤᠷᠠᠯᠴᠠᠬᠤ ᠲᠣᠭᠲᠠᠴᠠ ᠶᠢ ᠬᠠᠶᠢᠨ ᠰᠦᠪᠡᠭᠴᠢᠯᠡᠵᠦ᠂ ᠲᠦᠩ ᠶᠦᠩ ᠪᠦᠯᠦᠭᠯᠡᠯ ᠤᠨ ᠰᠢᠯᠢᠳᠡᠭ ᠲᠠᠪᠴᠠᠩ ᠤᠨ ᠡᠬᠢ ᠪᠠᠶᠠᠯᠢᠭ ᠢ ᠠᠰᠢᠭᠯᠠ᠂ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠬᠢᠬᠦ ᠬᠡᠷᠡᠭᠲᠡᠶ ᠭᠡᠪᠡ᠃      ᠳᠠᠩ ᠢ ᠢᠯᠡᠷᠬᠡᠶᠢᠯᠡᠭᠰᠡᠨ ᠨᠢ᠂ ᠦᠴᠤᠸᠠᠨ ᠰᠢᠶᠠᠨ ᠪᠣᠯ ᠲᠦᠩ ᠶᠦᠩ ᠪᠦᠯᠦᠭᠯᠡᠯ ᠤᠨ ᠠᠵᠢᠯ ᠲᠥᠷᠥᠯ ᠢᠶᠠᠷ ᠶᠠᠳᠠᠭᠤ ᠶᠢ ᠲᠡᠳᠬᠦᠬᠦ ᠨᠢᠭᠡᠴᠡ ᠮᠦᠨ᠂ ᠲᠦᠩ ᠶᠦᠩ ᠪᠦᠯᠦᠭᠯᠡᠯ ᠤᠨ ᠬᠢᠨ ᠦᠴᠤᠸᠠᠨ ᠤ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠡᠨᠡ ᠬᠦ ᠰᠠᠶᠢᠨ ᠲᠣᠬᠢᠶᠠᠯ ᠢ ᠠᠰᠢᠭᠯᠠᠵᠤ᠂ ᠲᠥᠪ ᠤᠨ ᠠᠵᠤ ᠠᠬᠤᠶᠢᠯᠠᠯ  ᠤᠨ ᠲᠤᠰ ᠪᠡᠶ᠎ᠡ ᠶᠢᠨ ᠠᠵᠤ ᠦᠢᠯᠡᠰ ᠤᠨ ᠳᠠᠪᠠᠭᠤᠯᠢᠭ ᠪᠣᠯᠤᠨ ᠬᠤᠳᠠᠯᠳᠤᠭᠠᠴᠢᠨ ᠤᠷᠢᠵᠤ ᠪᠡᠯᠡ ᠲᠠᠲᠠᠬᠤ ᠴᠢᠳᠠᠪᠤᠷᠢ ᠶᠢ ᠪᠠᠳᠠᠷᠠᠭᠤᠯᠵᠤ᠂ ᠶᠠᠳᠠᠭᠤ ᠶᠢ ᠲᠡᠳᠬᠦᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠦᠴᠤᠸᠠᠨ ᠢ ᠬᠠᠪᠰᠤᠷᠤᠨ ᠶᠠᠳᠠᠭᠤ ᠠᠴᠠ ᠠᠩᠭᠢᠵᠢᠷᠠᠭᠤᠯᠬᠤ ᠦᠷ᠎ᠡ ᠪᠥᠲᠦᠮᠵᠢ ᠶᠢ ᠪᠠᠬᠢᠵᠢᠭᠦᠯᠦᠨ᠎ᠡ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号