ᠦᠴᠤᠸᠠᠨ ᠰᠢᠶᠠᠨ ᠤ ᠬᠠᠷᠠᠭᠤᠯ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/5/16
     ᠣᠶᠢᠷ᠎ᠠ ᠳᠤ᠂ ᠦᠴᠤᠸᠠᠨ ᠰᠢᠶᠠᠨ ᠤ ᠬᠠᠷᠠᠭᠤᠯ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠠᠩ ᠪᠦᠬᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠭᠠᠩ ᠪᠦᠬᠡ ᠱᠠᠭᠠᠷᠳᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠤᠳᠤᠷᠢᠳᠤᠯᠭ᠎ᠠ ᠲᠦᠷᠦᠭᠦᠯᠡᠬᠦ︾ ᠠᠵᠢᠯ ᠢ ᠰᠠᠶᠢᠲᠤᠷ ᠬᠢᠬᠦ ᠶᠢ ᠪᠠᠷᠢᠮᠲᠠᠯᠠᠬᠤ ᠬᠡᠷᠡᠭᠲᠡᠢ᠃ ᠡᠯ᠎ᠡ ᠨᠢᠭᠡᠴᠡ᠂ ᠡᠯ᠎ᠡ ᠠᠵᠤ ᠠᠬᠤᠶᠢᠯᠠᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠡᠭᠦᠷᠭᠡ ᠶᠢᠨ ᠬᠠᠲᠠᠭᠤ ᠪᠡᠷᠬᠡᠰᠢᠶᠡᠯᠲᠦ ᠴᠢᠨᠠᠷ ᠢ ᠭᠦᠢᠴᠡᠳ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ᠮᠠᠯᠠᠭᠠᠶ ᠪᠠᠨ ᠠᠪᠤᠭᠰᠠᠨ ᠴᠦ ᠬᠠᠷᠢᠭᠤᠴᠠᠯᠭ᠎ᠠ ᠪᠠᠨ ᠬᠠᠶᠠᠬᠤ ᠥᠬᠡᠶ᠂ ᠮᠠᠯᠠᠭᠠᠶ ᠪᠠᠨ ᠠᠪᠤᠭᠰᠠᠨ ᠴᠦ ᠲᠥᠷᠥ ᠶᠢᠨ ᠪᠣᠳᠣᠯᠭ᠎ᠠ ᠪᠠᠨ ᠬᠠᠶᠠᠬᠤ ᠥᠬᠡᠶ᠂ ᠮᠠᠯᠠᠭᠠᠶ ᠪᠠᠨ ᠠᠪᠤᠭᠰᠠᠨ ᠴᠦ ᠬᠠᠪᠰᠤᠷᠤᠨ ᠲᠡᠳᠬᠦᠬᠦ ᠪᠠᠨ ᠬᠠᠶᠠᠬᠤ ᠥᠬᠡᠶ᠂ ᠮᠠᠯᠠᠭᠠᠶ ᠪᠠᠨ ᠠᠪᠤᠭᠰᠠᠨ ᠴᠦ ᠬᠢᠨᠠᠯᠲᠠ ᠬᠠᠮᠢᠶᠠᠷᠤᠯᠲᠠ ᠪᠠᠨ ᠬᠠᠶᠠᠬᠤ ᠥᠬᠡᠶ ᠪᠠᠶᠢᠬᠤ ᠱᠠᠭᠠᠷᠳᠠᠯᠭ᠎ᠠ ᠶᠣᠰᠣᠭᠠᠷ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠦᠷᠭᠦᠯᠵᠢᠯᠡᠨ ᠭᠠᠪᠰᠢᠭᠠᠶᠢᠯᠠᠨ ᠤᠷᠤᠭᠰᠢᠯᠠᠵᠤ᠂ ᠵᠠᠩᠭᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠬᠥᠭᠵᠢᠯᠲᠡ ᠶᠢᠨ ᠲᠥᠯᠥᠪᠯᠡᠭᠡ ᠪᠣᠯᠤᠨ ᠲᠥᠷᠥᠯ ᠵᠦᠢᠯ ᠢ ᠵᠦᠢ ᠵᠣᠬᠢᠰᠲᠠᠢ ᠲᠣᠭᠲᠠᠭᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠯᠡᠭᠡ ᠶᠢ ᠲᠣᠭᠲᠠᠭᠠᠵᠤ᠂ ᠬᠠᠷᠢᠯᠴᠠᠭ᠎ᠠ ᠨᠡᠪᠲᠡᠷᠡᠯᠴᠡᠭᠡ ᠪᠣᠯᠤᠨ ᠲᠥᠷᠥᠯ ᠵᠦᠢᠯ ᠢ ᠵᠣᠯᠭᠠᠭᠤᠯᠬᠤ ᠶᠢ ᠴᠢᠩᠭᠠᠳᠬᠠᠬᠤ ᠬᠡᠷᠡᠭᠲᠡᠢ᠃ ᠬᠠᠷᠠᠭᠤᠯ ᠪᠠᠯᠭᠠᠰᠤ ᠨᠢ ᠡᠯ᠎ᠡ ᠨᠢᠭᠡᠴᠡ᠂ ᠡᠯ᠎ᠡ ᠠᠵᠤ ᠠᠬᠤᠶᠢᠯᠠᠯ ᠤᠨ ᠬᠠᠪᠰᠤᠷᠤᠯᠭ᠎ᠠ ᠳᠡᠮᠵᠢᠯᠭᠡ ᠳᠣᠣᠷ᠎ᠠ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ᠂ ᠭᠠᠴᠠᠭᠠᠨ ᠤ ᠱᠠᠲᠤᠨ ᠤ ᠡᠳ᠋ ᠤᠨ ᠬᠦᠴᠦᠨ ᠢ ᠨᠡᠮᠡᠭᠳᠡᠭᠦᠯᠬᠦ ᠬᠡᠷᠡᠭᠲᠡᠶ᠃ ᠬᠥᠭᠵᠢᠯᠲᠡ ᠶᠢᠨ ᠲᠥᠷᠥᠯ ᠵᠦᠢᠯ ᠢ ᠴᠠᠭ ᠲᠤᠬᠠᠢ ᠳᠤᠨᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠰᠠᠯᠠᠭ᠎ᠠ ᠮᠥᠴᠢᠷ ᠤᠨ ᠳᠡᠮᠵᠢᠯᠭᠡ ᠶᠢ ᠣᠯᠬᠤ ᠪᠠᠷ ᠴᠢᠷᠮᠠᠶᠢᠵᠤ᠂  ᠶᠠᠳᠠᠭᠤ ᠬᠦᠴᠢᠷᠳᠡᠯᠲᠠᠢ ᠡᠷᠦᠬᠡ ᠯᠦᠭᠡ ᠰᠠᠨᠠᠭ᠎ᠠ  ᠪᠣᠳᠤᠯ ᠢᠶᠠᠨ ᠰᠣᠯᠢᠯᠴᠠᠬᠤ ᠠᠵᠢᠯ ᠢ ᠰᠠᠶᠢᠲᠤᠷ ᠬᠢᠵᠦ᠂ ᠬᠠᠪᠰᠤᠷᠤᠨ ᠲᠡᠳᠬᠦᠬᠦ ᠢᠳᠡᠪᠬᠢᠵᠢᠯ ᠢ ᠳᠠᠶᠢᠴᠢᠯᠠᠬᠤ ᠬᠡᠷᠡᠭᠲᠡᠢ ᠭᠡᠪᠡ᠃      ᠬᠤᠷᠠᠯ ᠳᠡᠭᠡᠷ᠎ᠡ᠂ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠬᠠᠷᠠᠭᠤᠯ ᠪᠠᠯᠭᠠᠰᠤᠨ ᠳᠤ ᠲᠣᠮᠢᠯᠠᠨ ᠰᠠᠭᠤᠯᠭᠠᠭᠰᠠᠨ ᠲᠣᠰᠬᠤᠨ ᠳᠤ ᠰᠠᠭᠤᠭ᠎ᠠ ᠺᠠᠳ᠋ᠷ ᠵᠠᠩ ᠭᠦᠸᠧ ᠵᠦ ᠠᠴᠠ 2018 ᠣᠨ ᠤ ᠬᠤᠳᠠ ᠶᠢᠨ ᠰᠢᠭᠤᠳ ᠬᠠᠷᠢᠶ᠎ᠠ ᠡᠯ᠎ᠡ ᠳᠠᠭᠠᠭᠠᠴᠢᠯᠠᠬᠤ ᠬᠤᠯᠪᠣᠭᠠᠲᠤ ᠨᠢᠭᠡᠴᠡ᠂ ᠡᠯ᠎ᠡ ᠬᠠᠪᠰᠤᠷᠤᠨ ᠲᠡᠳᠬᠦᠬᠦ ᠠᠵᠤ  ᠠᠬᠤᠶᠢᠯᠠᠯ ‍ᠤᠨ‌ᠬᠠᠷᠠᠭᠤᠯ ᠪᠠᠯᠭᠠᠰᠤ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠬᠠᠪᠰᠤᠷᠤᠨ ᠲᠡᠳᠬᠦᠭᠰᠡᠨ ᠠᠵᠢᠯ ᠤᠨ ᠪᠠᠶᠢᠳᠠᠯ ᠢ ᠮᠡᠳᠡᠭᠳᠡᠪᠡ︔ ᠬᠠᠷᠠᠭᠤᠯ ᠪᠠᠯᠭᠠᠰᠤ ᠶᠢᠨ ᠬᠠᠷᠢᠭᠤᠴᠠᠯᠭᠠᠲᠠᠨ ᠠᠴᠠ ᠬᠠᠷᠠᠭᠤᠯ ᠪᠠᠯᠭᠠᠰᠤ ᠶᠢᠨ 2019 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠰᠡᠳᠬᠢᠮᠵᠢ ᠵᠢᠴᠢ ᠡᠯ᠎ᠡ ᠵᠠᠰᠠᠭ ᠵᠠᠬᠢᠷᠭᠠᠨ ᠤ ᠲᠣᠰᠬᠤᠨ ᠤ ᠪᠤᠳᠠᠲᠠᠢ ᠬᠢᠬᠦ ᠪᠠᠷ ᠲᠥᠯᠥᠪᠯᠡᠵᠦ ᠪᠠᠶᠢᠬᠤ ᠲᠥᠷᠥᠯ ᠵᠦᠢᠯ ᠢ ᠲᠠᠨᠢᠯᠴᠠᠭᠤᠯᠪᠠ︔ ᠬᠤᠳᠠ ᠶᠢᠨ ᠰᠢᠭᠤᠳ ᠳᠠᠭᠠᠭᠠᠴᠢᠯᠠᠨ ᠲᠡᠳᠬᠦᠬᠦ ᠨᠢᠭᠡᠴᠡ ᠪᠣᠯᠤᠨ ᠬᠠᠪᠰᠤᠷᠤᠨ ᠲᠡᠳᠬᠦᠬᠦ ᠠᠵᠤ ᠠᠬᠤᠶᠢᠯᠠᠯ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ︔ ᠬᠤᠷᠠᠯ ᠳᠤ ᠣᠷᠣᠯᠴᠠᠭᠰᠠᠨ ᠬᠤᠳᠠ ᠶᠢᠨ ᠰᠢᠭᠤᠳ ᠬᠠᠷᠢᠶ᠎ᠠ ᠪᠤᠰᠤᠳ ᠰᠠᠯᠠᠭ᠎ᠠ ᠮᠥᠴᠢᠷ ᠪᠣᠯᠤᠨ ᠬᠤᠳᠠ ᠶᠢᠨ ᠬᠠᠷᠢᠶ᠎ᠠ ᠠᠵᠤ ᠠᠬᠤᠶᠢᠯᠠᠯ ᠰᠠᠨᠠᠯ ᠢᠶᠠᠨ ᠰᠣᠯᠢᠯᠴᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号