ᠶᠢᠨ ᠴᠦᠨ ᠯᠢᠶᠠᠩ ᠬᠦᠬᠡ ᠡᠷᠭᠢ ᠪᠠᠯᠭᠠᠰᠤ ᠶᠢᠨ ᠬᠡᠰᠡᠭ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019/5/22
     ᠣᠶᠢᠷ᠎ᠠ ᠳᠤ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢᠨ ᠴᠦᠨ ᠯᠢᠶᠠᠩ ᠪᠠᠯᠭᠠᠰᠤᠨ ᠤ ᠬᠡᠰᠡᠭ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠠᠷᠠᠳ ᠲᠦᠮᠡᠨ ᠳᠤ ᠦᠢᠯᠡᠴᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠵᠡᠷᠭᠡ ᠳᠤ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠪᠡ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠯᠢᠦᠶ ᡁᠢ ᠭᠠᠩ ᠪᠣᠯᠤᠨ ᠵᠠᠬ᠎ᠠ ᠳᠡᠯᠭᠡᠭᠦᠷ ᠤᠨ ᠲᠣᠪᠴᠢᠶ᠎ᠠ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠲᠥᠪ᠂ ᠴᠧᠩ ᠹᠡ ᠺᠣᠮᠫᠠᠨᠢ᠂ ᠬᠦᠬᠡ ᠡᠷᠭᠢ ᠪᠠᠯᠭᠠᠰᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠷ᠎ᠠ ᠪᠣᠯᠪᠠ᠃       ᠶᠢᠨ ᠴᠦᠨ ᠯᠢᠶᠠᠩ ᠨᠠᠷ ᠤᠷᠢᠳ ᠬᠤᠵᠢᠳ ᠰᠢ ᠭᠤᠸᠠᠨ ᠵᠢᠩ ᠨᠡᠶᠢᠭᠡᠮ ᠲᠣᠭᠤᠷᠢᠭ᠂ ᠰᠢᠨ ᠰᠢ ᠵᠢᠶᠧ ᠨᠡᠶᠢᠭᠡᠮ ᠲᠣᠭᠤᠷᠢᠭ ᠵᠡᠷᠭᠡ ᠭᠠᠵᠠᠷ ᠲᠤ ᠬᠦᠷᠴᠦ ᠨᠡᠶᠢᠭᠡᠮ ᠲᠣᠭᠤᠷᠢᠭ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠦ᠂ ᠨᠡᠶᠢᠭᠡᠮ ᠲᠣᠭᠤᠷᠢᠭ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠵᠢᠴᠢ ᠨᠡᠶᠢᠭᠡᠮ ᠲᠣᠭᠤᠷᠢᠭ ᠤᠨ ᠰᠣᠶᠣᠯ ᠤᠨ ᠠᠵᠢᠯᠯᠠᠭᠠᠨ ᠤ ᠲᠠᠯᠠᠪᠤᠷ ᠢ ᠲᠣᠭᠤᠷᠢᠨ ᠦᠵᠡᠭᠰᠡᠨ ᠪᠥᠭᠡᠳ ᠨᠡᠶᠢᠭᠡᠮ ᠲᠣᠭᠤᠷᠢᠭ ᠤᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ᠥᠷᠨᠢᠭᠦᠯᠦᠭᠰᠡᠨ ᠪᠠ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠵᠡᠷᠭᠡ ᠪᠠᠶᠢᠳᠠᠯ ᠢ ᠨᠠᠷᠢᠨ ᠨᠢᠭᠲᠠ ᠯᠠᠪᠯᠠᠨ ᠠᠰᠠᠭᠤᠪᠠ᠃       ᠶᠢᠨ ᠴᠦᠨ ᠯᠢᠶᠠᠩ ᠵᠢᠭᠠᠵᠤ ᠭᠠᠷᠭᠠᠭᠰᠠᠨ ᠨᠢ᠂ ᠨᠡᠶᠢᠭᠡᠮ ᠲᠣᠭᠤᠷᠢᠭ ᠤᠨ ᠬᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠢ ᠭᠤᠣᠯᠳᠠᠯᠭ᠎ᠠ ᠲᠠᠢ ᠠᠵᠢᠯ ᠳᠤ ᠣᠷᠣᠭᠤᠯᠵᠤ᠂ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠤᠯᠠᠨ ᠵᠦᠢᠯ ᠤᠨ ᠠᠷᠭ᠎ᠠ ᠬᠡᠯᠪᠡᠷᠢ ᠶᠢ ᠠᠰᠢᠭᠯᠠ ᠤᠬᠠᠭᠤᠯᠭ᠎ᠠ ᠬᠢᠵᠦ᠂ ᠤᠯᠠᠨ ᠲᠦᠮᠡᠨ ᠤ ᠮᠡᠳᠡᠬᠦ ᠨᠤᠷᠮ᠎ᠠ ᠶᠢ ᠳᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠢ ᠬᠥᠮᠥᠨ ᠪᠦᠬᠦᠨ ᠳᠤ ᠮᠡᠳᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠭᠡᠰᠢᠭᠦᠨ ᠤ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨ ᠲᠠᠢ ᠭᠦᠨᠵᠡᠭᠡᠢ ᠬᠠᠷᠢᠯᠴᠠᠬᠤ ᠬᠡᠷᠡᠭᠲᠡᠢ᠃ ᠡᠭᠦᠨ ᠠᠴᠠ ᠭᠠᠳᠠᠨ᠎ᠠ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠨ᠎ᠠ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠢ ᠦᠨᠡᠨ ᠬᠦ ᠣᠯᠠᠨ ᠲᠦᠮᠡᠨ ᠳᠤ ᠦᠢᠯᠡᠴᠢᠯᠡᠬᠦ ᠲᠠᠯᠠᠪᠤᠷ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠶ ᠭᠡᠪᠡ᠃ ︵ᠳ᠋ᠤᠸᠠᠨ ᠴᠢ ᠹᠧᠩ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号