ᠶᠢᠨ ᠴᠦᠨ ᠯᠢᠶᠠᠩ ᠪᠠᠷᠠᠭᠤᠨ ᠤᠯᠠᠭᠠᠨ ᠪᠤᠯᠠᠭ ᠪᠠᠯᠭᠠᠰᠤᠨ ᠤ ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ‌‍ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019/6/13
     6 ᠳ᠋ᠤᠭᠠᠷ ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢᠨ ᠴᠦᠨ ᠯᠢᠶᠠᠩ ᠪᠠᠷᠠᠭᠤᠨ ᠤᠯᠠᠭᠠᠨ ᠪᠤᠯᠠᠭ ᠪᠠᠯᠭᠠᠰᠤᠨ ᠤ ᠬᠡᠰᠡᠭ ᠪᠠᠶᠢᠭᠠᠯᠢ ᠶᠢᠨ ᠲᠣᠰᠬᠤᠨ ᠳᠤ ᠭᠦᠨᠵᠡᠭᠡᠶᠢᠷᠡᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠢᠵᠢᠷᠠᠭᠤᠯᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠰᠢᠶᠠᠨ ᠤ ᠤᠳᠤᠷᠢᠳᠤᠯᠭ᠎ᠠ ᠷᠧᠨ ᠶᠠᠨ ᠰᠢᠶᠠᠩ ᠪᠠᠷ᠎ᠠ ᠪᠣᠯᠪᠠ᠃       ᠶᠢᠨ ᠴᠦᠨ ᠯᠢᠶᠠᠩ ᠨᠠᠷ ᠤᠷᠢᠳ ᠬᠤᠵᠢᠳ ᠪᠠᠷᠠᠭᠤᠨ ᠤᠯᠠᠭᠠᠨ ᠪᠤᠯᠠᠭ ᠪᠠᠯᠭᠠᠰᠤᠨ ᠤ ᠬᠥᠲᠦᠯ ᠲᠣᠰᠬᠤᠨ ᠤ ᠠᠷᠠᠳ ᠤᠨ ᠵᠥᠪᠯᠡᠯ ᠤᠨ 1 ᠲᠦᠮᠡᠨ ᠺᠢᠯᠣᠸᠠᠲ ᠭᠡᠷᠡᠯ ᠸᠤᠯᠲ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠰᠠᠭᠤᠷᠢᠨ ᠭᠠᠵᠠᠷ᠂ ᠤᠯᠠᠭᠠᠨ ᠪᠤᠯᠠᠭ ᠲᠣᠰᠬᠤᠨ ᠤ ᠪᠠᠷᠢᠮᠵᠢᠶᠠᠵᠢᠭᠰᠠᠨ ᠤᠰᠤᠨ ᠤ ᠦᠢᠯᠡᠳᠪᠦᠷᠢ  ᠂ ᠬᠤᠩ ᠱᠠᠨ ᠽᠢ ᠲᠣᠰᠬᠤᠨ ᠤ ᠠᠷᠠᠳ ᠤᠨ ᠵᠥᠪᠯᠡᠯ ᠳᠤ ᠬᠦᠷᠴᠤ ᠲᠤᠬᠠᠶ ᠶᠢᠨ ᠭᠠᠵᠠᠷ ᠲᠤᠨᠢ ᠪᠠᠶᠢᠴᠠᠭᠠᠨ‌‍ᠰᠤᠳᠤᠯᠤᠯᠲᠠ ᠬᠢᠪᠡ᠃       ᠶᠢᠨ ᠴᠦᠨ ᠯᠢᠶᠠᠩ ᠱᠠᠭᠠᠷᠳᠠᠭᠰᠠᠨ ᠨᠢ᠂ ᠳᠥᠷᠪᠡᠨ ᠵᠦᠢᠯ ᠤᠨ ᠠᠵᠤ ᠦᠢᠯᠡᠰ ᠤᠨ ᠬᠡᠯᠬᠢᠶ᠎ᠡ ᠲᠠᠢ ᠨᠢᠭᠲᠠ ᠤᠶᠠᠯᠳᠤᠭᠤᠯᠤᠨ᠂ ᠠᠵᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠭᠠᠨ ᠵᠢᠯᠣᠭᠤᠳᠤᠭᠴᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ ᠶᠢᠨ ᠵᠢᠯᠣᠭᠤᠳᠤᠨ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠭᠠᠨ ᠪᠣᠭᠤᠳᠠᠶ᠂ ᠰᠢᠬᠢᠷ ᠯᠤᠤᠪᠠᠩ᠂ ᠬᠢᠲᠠᠳ ᠡᠮ ᠤᠨ ᠮᠠᠲ᠋ᠧᠷᠢᠶᠠᠯ ᠵᠡᠷᠭᠡ ᠲᠧᠭᠨᠢᠭ ᠤᠨ ᠲᠠᠷᠢᠮᠠᠯ ᠢ ᠰᠦᠪᠡᠭᠴᠢᠯᠡᠨ ᠬᠥᠭᠵᠢᠭᠦᠯᠵᠦ᠂ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠬᠦ ᠬᠡᠷᠡᠭᠲᠡᠶ︔ ᠨᠡᠶᠢᠲᠡᠯᠢᠭ ᠵᠢᠱᠢᠶ᠎ᠡ ᠣᠯᠵᠤ᠂ ᠲᠣᠮᠣ ᠡᠷᠦᠬᠡ ᠶᠢ ᠰᠣᠩᠭᠤᠵᠤ᠂ ᠳᠠᠶᠢᠴᠢᠯᠠᠬᠤ᠂ ᠦᠯᠢᠭᠡᠷ ᠵᠢᠱᠢᠶ᠎ᠡ ᠦᠵᠡᠭᠦᠯᠬᠦ ᠪᠠ ᠤᠬᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠪᠡ᠃       ᠶᠢᠨ ᠴᠦᠨ ᠯᠢᠶᠠᠩ ᠴᠢᠩᠭᠠᠳᠬᠠᠭᠰᠠᠨ ᠨᠢ᠂ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠳᠤ ᠤᠷᠢᠳᠠᠪᠠᠷ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠳᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠠᠰᠢᠭᠯᠠᠵᠤ᠂ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠠᠰᠢᠭ ᠲᠤᠰᠠ ᠶᠢ ᠬᠤᠯᠪᠣᠯᠳᠤᠭᠤᠯᠬᠤ ᠲᠣᠭᠲᠠᠴᠠ ᠶᠢ ᠰᠠᠶᠢᠲᠤᠷ ᠪᠠᠶᠢᠭᠤᠯᠵᠤ᠂ ᠪᠡᠯᠡ ᠮᠥᠩᠭᠦ ᠶᠢ ᠡᠳ᠋ ᠬᠥᠷᠥᠩᠭᠡ ᠪᠣᠯᠭᠠᠨ ᠬᠤᠪᠢᠷᠠᠭᠤᠯᠵᠤ᠂ ᠡᠳ᠋ ᠬᠥᠷᠥᠩᠭᠡ ᠶᠢ ᠣᠷᠣᠯᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠶᠢ ᠬᠢᠨᠠᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠠᠵᠢᠯ ᠢ ᠦᠨᠡᠨᠬᠦ ᠰᠠᠶᠢᠲᠤᠷ ᠬᠢᠵᠦ᠂ ᠡᠷᠬᠡᠪᠰᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠤ ᠬᠠᠮᠲᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠲᠣᠭᠲᠠᠴᠠ ᠶᠢ ᠲᠣᠭᠲᠠᠭᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠳᠦᠷᠢᠮ ᠵᠢᠴᠢ ᠠᠷᠭ᠎ᠠ ᠬᠡᠮᠵᠢᠶ᠎ᠡ ᠶᠢ ᠪᠣᠳᠣᠯᠬᠢᠯᠠᠬᠤ ᠬᠡᠷᠡᠭᠲᠡᠢ᠃ ᠡᠭᠦᠨ ᠠᠴᠠ ᠭᠠᠳᠠᠨ᠎ᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠤᠯᠤᠰ ᠲᠥᠷᠥ ᠶᠢᠨ ᠵᠣᠭᠰᠣᠴᠠ᠂ ᠬᠠᠤᠯᠢ ᠶᠣᠰᠣᠭᠠᠷ ᠴᠢᠩᠭ᠎ᠠ ᠰᠢᠢᠳᠭᠡᠬᠦ᠂ ᠶᠡᠷᠦᠩᠬᠡᠶᠢᠯᠡᠨ ᠵᠠᠰᠠᠬᠤ᠂ ᠭᠦᠨᠵᠡᠭᠡᠢ ᠠᠭᠤᠳᠠᠯᠵᠤ  ᠲᠤᠶᠢᠯᠪᠤᠷᠢᠲᠠᠢ ᠪᠠᠶᠢᠴᠠᠭᠠᠬᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠵᠡᠷᠭᠡ 6 ᠲᠠᠯ᠎ᠠ ᠪᠠᠷ ᠪᠣᠳᠠᠲᠠᠢ ᠪᠥᠭᠡᠳ ᠨᠠᠷᠢᠯᠢᠭ ᠬᠢᠬᠦ ᠬᠡᠷᠡᠭᠲᠡᠢ ᠭᠡᠪᠡ᠃ ︵ᠯᠢ ᠯᠢ ᠴᠢᠶᠦ᠋ᠨ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号