| | | | | ﹇ᠬᠠᠮᠢᠶᠠᠷᠤᠭᠴᠢ﹈ ᠲᠤᠰ ᠤᠳᠠᠭᠠᠨ ᠤ ᠰᠤᠷᠪᠤᠯᠵᠢᠯᠠᠭ᠎ᠠ ᠶᠢ ᠬᠥᠬᠡᠬᠤᠲᠠ ᠶᠢᠨ ᠵᠠᠰᠠᠭ ᠤᠨ ᠣᠷᠳᠣᠨ ᠤ | ᠰᠥᠯᠵᠢᠶ᠎ᠡ ᠪᠠ ᠬᠥᠬᠡᠬᠤᠲᠠ ᠶᠢᠨ ᠷᠠᠳᠢᠣ᠋ ᠲᠧᠯᠸᠢᠰ ᠬᠤᠷᠢᠶᠠᠨ ᠤ ᠤᠳᠬ᠎ᠠ ᠤᠷᠠᠯᠢᠭ ᠤᠨ ᠨᠡᠪᠲᠡᠷᠡᠭᠦᠯᠭᠡ ᠠᠴᠠ | ᠬᠠᠮᠲᠤᠷᠠᠭᠰᠠᠨ ᠡᠷᠬᠢᠯᠡᠪᠡ᠃ ᠰᠦᠯᠵᠢᠶᠡᠨ ᠤ ᠨᠥᠬᠦᠳ ᠰᠦᠯᠵᠢᠶᠡᠨ ᠳᠡᠭᠡᠷ᠎ᠡ ᠦᠭᠡ ᠦᠯᠡᠳᠡᠭᠡᠵᠦ ᠮᠠᠨ ᠤ ᠰᠡᠳᠦᠪ | ᠲᠤ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ ᠃ | ﹇ᠬᠥᠲᠥᠯᠥᠭᠴᠢ﹈ ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠢᠯᠡᠳᠬᠡᠯ ᠳᠡᠭᠡᠨ ᠪᠦᠬᠦ ᠤᠯᠤᠰ ᠤᠨ ᠠᠷᠠᠳ ᠲᠦᠮᠡᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢᠨ ᠤᠷᠢᠶ᠎ᠠ ᠲᠠᠯᠪᠢᠭᠰᠠᠨ ᠪᠢᠯᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢᠨ ᠬᠠᠮᠤᠭ ᠰᠡᠭᠦᠯ ᠤᠨ ᠬᠠᠷᠠᠯᠲᠠ ᠨᠢ ᠮᠠᠯᠴᠢᠨ ᠲᠠᠷᠢᠶᠠᠴᠢᠳ ᠤᠨ ᠠᠮᠢᠳᠤᠷᠠᠯ ᠢ | ᠴᠢᠨᠡᠭᠡᠯᠢᠭᠵᠢᠭᠦᠯᠵᠦ᠂ ᠦᠢ ᠲᠦᠮᠡᠨ ᠮᠠᠯᠴᠢᠨ ᠲᠠᠷᠢᠶᠠᠴᠢᠳ ᠲᠤ ᠨᠡᠩ ᠣᠯᠠᠨ ᠬᠦᠷᠲᠡᠭᠡᠮᠵᠢᠲᠦ ᠰᠡᠳᠬᠢᠯᠭᠡ᠂ ᠵᠣᠯ | ᠵᠢᠷᠭᠠᠯᠲᠤ ᠰᠡᠳᠬᠢᠯᠭᠡ᠂ ᠠᠮᠤᠷ ᠲᠦᠪᠰᠢᠨ ᠰᠡᠳᠬᠢᠯᠭᠡ ᠣᠯᠭᠤᠬᠤ ᠳᠤ ᠪᠤᠢ᠃ ᠲᠡᠭᠡᠪᠡᠯ᠂ ᠥᠩᠭᠡᠷᠡᠭᠰᠡᠨ ᠨᠢᠭᠡ | ᠵᠢᠯ ᠳᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠪᠠᠳᠠᠷᠠᠭᠤᠯᠵᠤ᠂ | ᠡᠳ᠋ ᠤᠨ ᠵᠠᠰᠠᠭ ᠢᠶᠠᠷ ᠬᠥᠳᠡᠭᠡ ᠠᠵᠤ ᠠᠬᠤᠢ ᠶᠢ ᠲᠤᠰᠠᠯᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠳ ᠲᠤ ᠨᠡᠩ ᠣᠯᠠᠨ ᠬᠦᠷᠲᠡᠭᠡᠮᠵᠢᠲᠦ ᠰᠡᠳᠬᠢᠯᠭᠡ᠂ ᠵᠣᠯ ᠵᠢᠷᠭᠠᠯᠲᠤ | ᠰᠡᠳᠬᠢᠯᠭᠡ᠂ ᠠᠮᠤᠷ ᠲᠦᠪᠰᠢᠨ ᠰᠡᠳᠬᠢᠯᠭᠡ ᠣᠯᠭᠤᠭᠰᠠᠨ ᠲᠠᠯ᠎ᠠ ᠪᠠᠷ ᠲᠠᠨᠢᠯᠴᠠᠭᠤᠯᠵᠤ ᠥᠭᠭᠦᠨ᠎ᠡ ᠦᠦ︖ | ﹇ᠯᠢ ᠯᠦᠩ ᠯᠦᠩ﹈ ᠠᠷᠪᠠ ᠶᠢᠰᠦᠳᠦᠭᠡᠷ ᠶᠡᠭᠡ ᠬᠤᠷᠠᠯ ᠳᠡᠭᠡᠷ᠎ᠡ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠡᠷᠡᠰ ᠰᠢᠭᠤᠷᠬᠠᠢ ᠬᠡᠷᠡᠭᠵᠢᠭᠦᠯᠵᠦ᠂ ᠣᠳᠣ ᠦᠶ᠎ᠡ ᠶᠢᠨ ᠲᠠᠷᠢᠶᠠᠯᠠᠩ ᠠᠵᠤ | ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ᠂ ᠡᠵᠡᠩᠨᠡᠯᠲᠡ ᠶᠢᠨ ᠰᠢᠰᠲ᠋ᠧᠮᠵᠢ ᠶᠢ ᠬᠦᠴᠦᠯᠡᠨ | ᠪᠠᠶᠢᠭᠤᠯᠵᠤ᠂ ᠬᠥᠳᠡᠭᠡ ᠠᠵᠤ ᠠᠬᠤᠢ ᠶᠢ ᠳᠡᠮᠵᠢᠵᠦ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠵᠦ᠂ ᠣᠯᠠᠨ ᠬᠡᠯᠪᠡᠷᠢ | ᠮᠠᠶ᠋ᠢᠭ ᠢᠶᠠᠷ ᠲᠣᠬᠢᠷᠠᠭᠰᠠᠨ ᠬᠡᠮᠵᠢᠶ᠎ᠡ ᠪᠠᠷ ᠡᠵᠡᠩᠨᠡᠬᠦ ᠶᠢ ᠬᠥᠭᠵᠢᠭᠦᠯᠵᠦ᠂ ᠬᠥᠳᠡᠭᠡ ᠠᠵᠤ ᠠᠬᠤᠢ ᠶᠢᠨ ᠰᠢᠨ᠎ᠡ | ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠬᠥᠮᠥᠵᠢᠭᠦᠯᠦᠨ᠂ ᠬᠥᠳᠡᠭᠡ ᠠᠵᠤ ᠠᠬᠤᠢ ᠶᠢᠨ | ᠨᠡᠶᠢᠭᠡᠮᠴᠢᠯᠡᠭᠰᠡᠨ ᠦᠢᠯᠡᠴᠢᠯᠡᠭᠡ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠵᠢᠵᠢᠭ ᠲᠠᠷᠢᠶᠠᠴᠢᠨ ᠡᠷᠦᠬᠡ ᠪᠣᠯᠣᠨ | ᠣᠳᠣ ᠦᠶ᠎ᠡ ᠶᠢᠨ ᠬᠥᠳᠡᠭᠡ ᠠᠵᠤ ᠠᠬᠤᠢ ᠶᠢᠨ ᠬᠥᠭᠵᠢᠯᠲᠡ ᠶᠢ ᠤᠷᠭᠠᠨᠢᠭ ᠢᠶᠠᠷ ᠵᠣᠯᠭᠠᠭᠤᠯᠬᠤ ᠬᠡᠷᠡᠭᠲᠡᠢ ᠭᠡᠵᠦ | ᠲᠣᠳᠣᠷᠬᠠᠢ ᠵᠢᠭᠠᠵᠤ ᠭᠠᠷᠭᠠᠭᠰᠠᠨ ᠪᠢᠯᠡ᠃ | 2018 ᠣᠨ ᠠᠴᠠ ᠨᠠᠰᠢ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶᠢᠷᠡᠭᠦᠯᠦᠨ ᠲᠤᠭᠤᠰᠢᠯᠠᠭᠤᠯᠤᠨ ᠨᠠᠶᠢᠳᠠᠪᠤᠷᠵᠢᠭᠤᠯᠵᠦ᠂ ᠡᠳ᠋ ᠤᠨ | ᠵᠠᠰᠠᠭ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠᠷ ᠶᠡᠷᠦᠩᠬᠡᠢ ᠵᠢᠯᠣᠭᠤᠳᠤᠯᠭ᠎ᠠ ᠪᠣᠯᠭᠠᠵᠤ᠂ ᠬᠥᠳᠡᠭᠡ ᠲᠣᠰᠬᠤᠨ ᠤ ᠠᠵᠤ | ᠦᠢᠯᠡᠰ ᠤᠨ ᠬᠥᠭᠵᠢᠨ ᠮᠠᠨᠳᠤᠬᠤ ᠶᠢ ᠬᠦᠴᠦᠲᠡᠶᠢᠬᠡᠨ ᠲᠦᠯᠬᠢᠨ ᠠᠬᠢᠭᠤᠯᠪᠠ᠃ ᠡᠳ᠋ ᠤᠨ ᠵᠠᠰᠠᠭ ᠤᠨ | ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ﹇ᠲᠠᠷᠢᠶᠠᠯᠠᠩ ᠲᠠᠷᠢᠶᠠᠴᠢᠨ ᠬᠥᠳᠡᠭᠡ ᠲᠣᠰᠬᠤᠨ﹈ ᠳᠠᠬᠢ | ᠣᠷᠣᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠵᠦ | ᠴᠢᠨᠡᠭᠡᠯᠢᠭᠵᠢᠭᠦᠯᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠢ ᠶᠢᠨ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ | ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠠᠵᠢᠯ ᠢ ᠶᠡᠬᠡᠪᠡᠷ ᠥᠷᠨᠢᠭᠦᠯᠵᠦ᠂ ᠬᠥᠳᠡᠭᠡ ᠠᠵᠤ ᠠᠬᠤᠢ | ᠬᠥᠳᠡᠭᠡ ᠲᠣᠰᠬᠤᠨ ᠤ ᠤᠷᠢᠳᠠᠪᠠᠷ ᠬᠥᠭᠵᠢᠬᠦ ᠶᠢ ᠳᠡᠮᠵᠢᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠠᠬᠢᠭᠤᠯᠪᠠ᠃ ᠬᠥᠳᠡᠭᠡ ᠠᠵᠤ ᠠᠬᠤᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠵᠢᠴᠢ | ᠦᠨᠡᠯᠡᠨ ᠰᠢᠯᠭᠠᠬᠤ ᠠᠵᠢᠯ ᠢ ᠭᠦᠨᠵᠡᠭᠡᠢ ᠥᠷᠨᠢᠭᠦᠯᠵᠦ᠂ ᠣᠷᠣᠨ ᠪᠦᠰᠡ ᠶᠢᠨ ᠳᠠᠪᠠᠭᠤᠯᠢᠭ ᠣᠨᠴᠠᠯᠢᠭ ᠲᠠᠢ | ᠬᠥᠳᠡᠭᠡ ᠠᠵᠤ ᠠᠬᠤᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠬᠥᠳᠡᠭᠡ ᠠᠵᠤ ᠠᠬᠤᠢ ᠶᠢᠨ ᠠᠵᠤ | ᠦᠢᠯᠡᠰ ᠤᠨ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠨ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ | ᠬᠡᠪᠴᠢᠶᠡᠵᠢᠯ ᠤᠨ ᠳᠠᠪᠠᠭᠤᠯᠢᠭ ᠢ ᠬᠦᠴᠦᠷᠬᠡᠭᠵᠢᠭᠦᠯᠵᠦ᠂ ᠮᠠᠯᠴᠢᠨ ᠲᠠᠷᠢᠶᠠᠴᠢᠳ ᠤᠨ ᠠᠵᠢᠯ ᠠᠮᠢᠳᠤᠷᠠᠯ ᠤᠨ | ᠲᠣᠭᠲᠠᠭᠤᠨ ᠪᠠ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠠᠷᠭ᠎ᠠ ᠵᠠᠮ ᠢ ᠥᠷᠭᠡᠳᠬᠡᠨ᠂ ᠬᠥᠳᠡᠭᠡ ᠲᠣᠰᠬᠤᠨ ᠤ | ᠦᠢᠯᠡᠳᠪᠦᠷᠢᠯᠡᠯ ᠠᠮᠢᠳᠤᠷᠠᠯ ᠤᠨ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠪᠠ᠃ ᠰᠢᠨ᠎ᠡ ᠮᠠᠶ᠋ᠢᠭ ᠤᠨ | ᠠᠵᠢᠯ ᠮᠡᠷᠭᠡᠵᠢᠯ ᠤᠨ ᠲᠠᠷᠢᠶᠠᠴᠢᠨ ᠢ ᠬᠥᠮᠥᠵᠢᠭᠦᠯᠬᠦ ᠬᠦᠴᠦᠯᠡᠴᠡ ᠪᠠᠨ ᠴᠢᠩᠭᠠᠳᠬᠠᠵᠤ᠂ ᠦᠢᠯᠡᠰ ᠪᠣᠰᠬᠠᠵᠤ | ᠰᠢᠨ᠎ᠡ ᠶᠢ ᠡᠭᠦᠳᠬᠦ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠢ ᠬᠥᠮᠥᠵᠢᠭᠦᠯᠦᠨ᠂ ᠲᠠᠷᠢᠶᠠᠴᠢᠳ ᠤᠨ | ᠬᠦᠷᠲᠡᠭᠡᠮᠵᠢᠲᠦ ᠰᠡᠳᠬᠢᠯᠭᠡ᠂ ᠵᠣᠯ ᠵᠢᠷᠭᠠᠯᠲᠤ ᠰᠡᠳᠬᠢᠯᠭᠡ᠂ ᠠᠮᠤᠷ ᠲᠦᠪᠰᠢᠨ ᠰᠡᠳᠬᠢᠯᠭᠡ ᠶᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠮᠠᠯᠵᠢᠵᠤ ᠲᠠᠷᠢᠶᠠᠯᠠᠬᠤ ᠶᠢ ᠬᠥᠭᠵᠢᠯ ᠤᠨ ᠢᠷᠡᠭᠡᠳᠦᠢ ᠲᠠᠢ ᠠᠵᠤ ᠦᠢᠯᠡᠰ ᠪᠣᠯᠭᠠᠵᠤ᠂ ᠮᠠᠯᠴᠢᠨ | ᠲᠠᠷᠢᠶᠠᠴᠢᠨ ᠢ ᠲᠠᠲᠠᠬᠤ ᠬᠦᠴᠦᠨ ᠲᠠᠢ ᠲᠤᠰᠬᠠᠢ ᠠᠵᠢᠯ ᠪᠣᠯᠭᠠᠪᠠ᠃ ᠲᠣᠰᠬᠤᠨ ᠤ ᠲᠡᠰ ᠤᠨ ᠡᠳ᠋ ᠤᠨ | ᠶᠠᠪᠤᠳᠠᠯ ᠤᠨ ᠠᠵᠢᠯᠲᠠᠨ ᠪᠣᠯᠣᠨ ᠡᠳ᠋ ᠤᠨ ᠵᠠᠰᠠᠭ ᠤᠨ ᠺᠠᠲᠠᠷ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠡᠳ᠋ ᠤᠨ | ᠵᠠᠰᠠᠭ ᠡᠳ᠋ ᠤᠨ ᠶᠠᠪᠤᠳᠠᠯ ᠤᠨ ᠺᠠᠲᠠᠷ ᠤᠨ ᠪᠣᠯᠪᠠᠰᠤᠷᠠᠯ ᠪᠠ ᠦᠢᠯᠡᠴᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠂ | ᠬᠥᠳᠡᠭᠡ ᠠᠵᠤ ᠠᠬᠤᠢ ᠶᠢᠨ ᠣᠳᠣᠬᠢᠴᠢᠯᠠᠭᠰᠠᠨ ᠬᠥᠭᠵᠢᠯᠲᠡ ᠳᠤ ᠴᠢᠳᠠᠪᠤᠷᠢᠲᠠᠨ ᠤ ᠰᠠᠭᠤᠷᠢ ᠶᠢ ᠲᠠᠯᠪᠢᠵᠤ᠂ | ᠬᠥᠳᠡᠭᠡ ᠲᠣᠰᠬᠤᠨ ᠢ ᠠᠮᠤᠷ ᠲᠠᠶᠢᠪᠤᠩ ᠣᠷᠣᠰᠢᠨ ᠰᠠᠭᠤᠬᠤ ᠵᠣᠯ ᠵᠢᠷᠭᠠᠯᠲᠤ ᠭᠡᠷ ᠣᠷᠣᠨ ᠪᠣᠯᠭᠠᠪᠠ᠃ | ﹇ᠬᠥᠲᠥᠯᠥᠭᠴᠢ﹈ ᠬᠥᠳᠡᠭᠡ ᠠᠵᠤ ᠠᠬᠤᠢ ᠶᠢᠨ ᠶᠡᠷᠦᠩᠬᠡᠶᠢᠯᠡᠨ ᠨᠡᠭᠡᠭᠡᠨ ᠠᠰᠢᠭᠯᠠᠬᠤ ᠠᠯᠪᠠᠨ ᠭᠡᠷ ᠤᠨ | ᠶᠠᠩ ᠶᠠᠨ ᠠᠴᠠ ᠬᠥᠳᠡᠭᠡ ᠠᠵᠤ ᠠᠬᠤᠢ ᠶᠢᠨ ᠶᠡᠷᠦᠩᠬᠡᠶᠢᠯᠡᠨ ᠨᠡᠭᠡᠭᠡᠨ ᠠᠰᠢᠭᠯᠠᠬᠤ ᠠᠵᠢᠯ ᠤᠨ ᠲᠠᠯ᠎ᠠ ᠪᠠᠷ | ᠲᠠᠨᠢᠯᠴᠠᠭᠤᠯᠵᠤ ᠥᠭᠭᠦᠨ᠎ᠡ ᠦᠦ︖ | ﹇ᠶᠠᠩ ᠶᠠᠨ﹈ ᠬᠥᠳᠡᠭᠡ ᠠᠵᠤ ᠠᠬᠤᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠪᠣᠯ ᠲᠥᠪ ᠤᠨ | ᠵᠠᠰᠠᠭ ᠤᠨ ᠣᠷᠳᠣᠨ ᠠᠴᠠ ᠬᠥᠳᠡᠭᠡ ᠠᠵᠤ ᠠᠬᠤᠢ ᠶᠢᠨ ᠬᠥᠭᠵᠢᠯᠲᠡ ᠶᠢ ᠳᠡᠮᠵᠢᠵᠦ᠂ ᠬᠥᠳᠡᠭᠡ ᠠᠵᠤ ᠠᠬᠤᠢ ᠶᠢᠨ | ᠦᠢᠯᠡᠳᠪᠦᠷᠢᠯᠡᠯ ᠤᠨ ᠦᠨᠳᠦᠰᠦᠨ ᠣᠷᠴᠢᠨ ᠨᠥᠬᠦᠴᠡᠯ ᠢ ᠰᠠᠶᠢᠵᠢᠷᠠᠭᠤᠯᠵᠤ᠂ ᠬᠥᠳᠡᠭᠡ ᠠᠵᠤ ᠠᠬᠤᠢ ᠪᠠ ᠬᠥᠳᠡᠭᠡ | ᠲᠣᠰᠬᠤᠨ ᠤ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠵᠦ᠂ ᠬᠥᠳᠡᠭᠡ ᠠᠵᠤ ᠠᠬᠤᠢ ᠶᠢᠨ | ᠦᠢᠯᠡᠳᠪᠦᠷᠢᠯᠡᠯ ᠤᠨ ᠶᠡᠷᠦᠩᠬᠡᠢ ᠴᠢᠳᠠᠪᠤᠷᠢ ᠪᠠ ᠠᠰᠢᠭ ᠣᠷᠣᠯᠭ᠎ᠠ ᠶᠢ ᠨᠡᠮᠡᠭᠳᠡᠭᠦᠯᠵᠦ᠂ ᠬᠥᠳᠡᠭᠡ ᠠᠵᠤ ᠠᠬᠤᠢ ᠶᠢᠨ | ᠡᠬᠢ ᠪᠠᠶᠠᠯᠢᠭ ᠳᠤ ᠲᠤᠰᠬᠠᠢ ᠪᠡᠯᠡ ᠮᠥᠩᠭᠦ ᠭᠠᠷᠭᠠᠨ ᠶᠡᠷᠦᠩᠬᠡᠶᠢᠯᠡᠨ ᠨᠡᠭᠡᠭᠡᠨ ᠠᠰᠢᠭᠯᠠᠬᠤ ᠠᠵᠢᠯᠯᠠᠭ᠎ᠠ ᠪᠣᠯᠣᠨ᠎ᠠ᠃ | ᠬᠥᠳᠡᠭᠡ ᠠᠵᠤ ᠠᠬᠤᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠨᠢ ᠬᠥᠳᠡᠭᠡ ᠠᠵᠤ ᠠᠬᠤᠢ ᠶᠢᠨ ᠬᠥᠭᠵᠢᠯᠲᠡ ᠶᠢ | ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠪᠣᠬᠢᠷᠳᠤᠯ ᠦᠭᠡᠢ ᠲᠡᠶᠢᠰᠢ ᠬᠥᠲᠥᠯᠥᠨ ᠵᠢᠯᠣᠭᠤᠳᠴᠤ᠂ ᠬᠥᠳᠡᠭᠡ ᠠᠵᠤ | ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠬᠦ ᠲᠠᠯ᠎ᠠ ᠪᠠᠷ ᠴᠢᠬᠤᠯᠠ ᠶᠡᠭᠡ | ᠲᠦᠯᠬᠢᠬᠦ ᠦᠢᠯᠡᠳᠦᠯ ᠦᠵᠡᠭᠦᠯᠵᠦ ᠪᠤᠢ᠃ | ᠬᠥᠳᠡᠭᠡ ᠠᠵᠤ ᠠᠬᠤᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠲᠥᠷᠥᠯ ᠵᠦᠢᠯ ᠳᠤ ᠭᠠᠵᠠᠷ ᠰᠢᠷᠣᠢ ᠶᠢ | ᠵᠠᠰᠠᠨ ᠰᠠᠶᠢᠵᠢᠷᠠᠭᠤᠯᠬᠤ ᠲᠥᠷᠥᠯ ᠵᠦᠢᠯ ᠪᠠ ᠠᠵᠤ ᠦᠢᠯᠡᠰᠵᠢᠭᠦᠯᠦᠨ ᠬᠥᠭᠵᠢᠭᠦᠯᠬᠦ ᠲᠥᠷᠥᠯ ᠵᠦᠢᠯ ᠪᠠᠭᠲᠠᠨ᠎ᠠ᠃ | ﹇ᠬᠥᠲᠥᠯᠥᠭᠴᠢ﹈ ᠲᠡᠭᠡᠪᠡᠯ᠂ 2018 ᠣᠨ ᠳᠤ ᠬᠥᠳᠡᠭᠡ ᠠᠵᠤ ᠠᠬᠤᠢ ᠶᠢ ᠶᠡᠷᠦᠩᠬᠡᠶᠢᠯᠡᠨ ᠨᠡᠭᠡᠭᠡᠨ | ᠠᠰᠢᠭᠯᠠᠬᠤ ᠲᠠᠯ᠎ᠠ ᠪᠠᠷ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠠᠮᠠᠷ ᠶᠠᠮᠠᠷ ᠠᠵᠢᠯ ᠬᠢᠭᠰᠡᠨ ᠪᠤᠢ︖ | ﹇ᠶᠠᠩ ᠶᠠᠨ﹈ 2018 ᠣᠨ ᠳᠤ ᠭᠤᠣᠯᠳᠠᠭᠤ ᠭᠤᠷᠪᠠᠨ ᠲᠠᠯ᠎ᠠ ᠶᠢᠨ ᠠᠵᠢᠯ ᠬᠢᠪᠡ᠃ | ᠨᠢᠭᠡ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ | ᠠᠬᠢᠭᠤᠯᠵᠤ᠂ ᠬᠥᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷ ᠤᠨ | ᠥᠭᠡᠷᠡᠴᠢᠯᠡᠯᠲᠡ ᠶᠢᠨ ᠰᠠᠭᠤᠷᠢ ᠶᠢ ᠪᠠᠲᠤᠵᠢᠭᠤᠯᠪᠠ᠃ 2018 ᠣᠨ ᠳᠤ᠂ ᠮᠠᠨ ᠤ ᠬᠤᠲᠠ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠨᠡᠶᠢᠲᠡ 6.14 ᠮᠦ ᠪᠠᠶᠢᠭᠤᠯᠵᠤ᠂ ᠬᠤᠷᠢᠨᠭᠡᠷ | ᠰᠢᠶᠠᠨ᠂ ᠲᠦᠮᠡᠳ ᠵᠡᠭᠦᠨ ᠬᠤᠰᠢᠭᠤ᠂ ᠦᠴᠦᠸᠠᠨ ᠰᠢᠶᠠᠨ᠂ ᠰᠠᠶᠢᠬᠠᠨ ᠲᠣᠭᠤᠷᠢᠭ ᠵᠡᠷᠭᠡ ᠲᠠᠪᠤᠨ ᠬᠤᠰᠢᠭᠤ | ᠰᠢᠶᠠᠨ ᠲᠣᠭᠤᠷᠢᠭ ᠲᠤ ᠬᠤᠯᠪᠣᠭᠳᠠᠪᠠ᠃ | ᠬᠤᠶᠠᠷ᠂ ᠠᠵᠤ ᠦᠢᠯᠡᠰᠵᠢᠭᠰᠡᠨ ᠲᠥᠷᠥᠯ ᠵᠦᠢᠯ ᠢ ᠣᠨᠣᠪᠴᠢᠲᠠᠢ ᠳᠡᠮᠵᠢᠨ᠂ ᠬᠥᠳᠡᠭᠡ ᠠᠵᠤ ᠠᠬᠤᠢ ᠶᠢᠨ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷ ᠤᠨ ᠥᠭᠡᠷᠡᠴᠢᠯᠡᠯᠲᠡ ᠳᠤ ᠰᠢᠨ᠎ᠡ ᠠᠮᠢᠵᠢᠷᠠᠯ ᠤᠨ ᠬᠦᠴᠦᠨ | ᠨᠡᠮᠡᠷᠢᠯᠡᠪᠡ᠃ | ᠭᠤᠷᠪᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠶᠢᠨ | ᠬᠠᠮᠤᠭ ᠤᠨ ᠴᠢᠩᠭ᠎ᠠ ᠲᠠᠷᠢᠶᠠᠨ ᠭᠠᠵᠠᠷ ᠤᠨ ᠤᠰᠤ ᠬᠡᠷᠡᠭᠯᠡᠬᠦ ᠳᠦᠷᠢᠮ ᠢ ᠬᠡᠷᠡᠭᠵᠢᠭᠦᠯᠵᠦ᠂ ᠦᠨᠳᠦᠷ ᠪᠠᠷᠢᠮᠵᠢᠶᠠᠲᠤ | ᠲᠠᠷᠢᠶᠠᠨ ᠭᠠᠵᠠᠷ ᠲᠤ ᠭᠠᠵᠠᠷ ᠤᠨ ᠭᠠᠳᠠᠷᠭᠤ ᠳᠡᠭᠡᠷ᠎ᠡ ᠤᠰᠤ ᠲᠤᠰᠤᠯᠭᠠᠵᠤ ᠤᠰᠤᠯᠠᠬᠤ ᠠᠷᠭ᠎ᠠ ᠶᠢ ᠬᠡᠷᠡᠭᠵᠢᠭᠦᠯᠪᠡ᠃ | | ﹇ᠬᠥᠲᠥᠯᠥᠭᠴᠢ﹈ 2019 ᠣᠨ ᠳᠤ ᠶᠠᠮᠠᠷ ᠪᠣᠳᠠᠲᠤ ᠪᠠᠶᠢᠷᠢᠯᠠᠭᠤᠯᠤᠯᠲᠠ ᠪᠠᠶᠢᠨ᠎ᠠ︖ | ﹇ᠶᠠᠩ ᠶᠠᠨ﹈ ᠬᠥᠳᠡᠭᠡ ᠲᠣᠰᠬᠤ ᠶᠢ ᠬᠥᠭᠵᠢᠭᠦᠯᠦᠨ ᠮᠠᠨᠳᠤᠭᠤᠯᠬᠤ ᠶᠢᠨ ᠲᠣᠭᠤᠷᠢᠨ ᠳᠤ᠂ ᠬᠥᠳᠡᠭᠡ | ᠠᠬᠤ ᠠᠬᠤᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠳᠡᠭᠡᠷ᠎ᠡ | ᠰᠠᠨᠠᠭᠠᠴᠢᠯᠠᠵᠤ᠂ ᠤᠰᠤ ᠠᠷᠪᠢᠯᠠᠬᠤ ᠠᠰᠢᠭᠯᠠᠮᠵᠢ ᠪᠠᠷ ᠥᠨᠳᠥᠷ ᠤᠰᠤᠯᠠᠯᠲᠠ ᠪᠠᠷ ᠭᠤᠣᠯ ᠠᠭᠤᠯᠭ᠎ᠠ ᠪᠣᠯᠭᠠᠭᠰᠠᠨ | ᠭᠠᠵᠠᠷ ᠰᠢᠷᠣᠢ ᠶᠢ ᠰᠠᠶᠢᠵᠢᠷᠠᠭᠤᠯᠵᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠠᠵᠢᠯ ᠢ | ᠦᠷᠭᠦᠯᠵᠢᠯᠡᠨ ᠲᠦᠯᠬᠢᠨ ᠠᠬᠢᠭᠤᠯᠵᠤ᠂ 3 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ ᠤᠯᠤᠰ ᠠᠴᠠ | ᠪᠠᠶᠢᠷᠢᠯᠠᠭᠤᠯᠤᠭᠰᠠᠨ ᠪᠠᠶᠢᠭᠤᠯᠤᠮᠵᠢ᠂ ᠡᠭᠦᠷᠭᠡ ᠬᠠᠷᠢᠭᠤᠴᠠᠯᠭ᠎ᠠ᠂ ᠪᠡᠯᠡ ᠮᠥᠩᠭᠦ ᠭᠤᠷᠪᠠᠨ ᠨᠡᠶᠢᠳᠬᠡᠯ ᠢ | ᠪᠡᠶᠡᠯᠡᠭᠦᠯᠦᠨ᠂ 2019 ᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ | ᠡᠭᠦᠷᠭᠡ ᠶᠢᠨ ᠲᠠᠯᠠᠪᠠᠢ ᠶᠢ ᠶᠡᠭᠡ ᠬᠡᠮᠵᠢᠶ᠎ᠡ ᠪᠠᠷ ᠨᠡᠮᠡᠭᠳᠡᠭᠦᠯᠬᠦ ᠪᠠᠷ ᠵᠢᠱᠢᠵᠦ᠂ ᠲᠣᠬᠢᠶᠠᠯ ᠢ ᠠᠳᠬᠤᠨ ᠰᠣᠷᠢᠯᠲᠠ ᠶᠢ | ᠬᠦᠯᠢᠶᠡᠨ᠂ 2020 ᠣᠨ ᠪᠣᠯᠭᠠᠬᠤ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠯᠠᠪᠠᠢ ᠶᠢ 100 | ᠲᠦᠮᠡᠨ ᠮᠦ ᠳᠤ ᠬᠦᠷᠭᠡᠬᠦ ᠪᠠᠷ ᠴᠢᠷᠮᠠᠶᠢᠵᠤ᠂ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠥᠨᠳᠥᠷ ᠨᠢᠭᠡ | ᠱᠠᠲᠤᠨ ᠳᠤ ᠬᠦᠷᠭᠡᠨ᠎ᠡ᠃ | ﹇ᠬᠥᠲᠥᠯᠥᠭᠴᠢ﹈ ᠬᠥᠳᠡᠭᠡ ᠠᠵᠤ ᠠᠬᠤᠢ ᠶᠢᠨ ᠶᠡᠷᠦᠩᠬᠡᠶᠢᠯᠡᠨ ᠨᠡᠭᠡᠭᠡᠨ ᠠᠰᠢᠭᠯᠠᠬᠤ ᠮᠡᠷᠭᠡᠵᠢᠯ ᠤᠨ | ᠰᠤᠳᠤᠯᠭᠠᠨ ᠢ ᠦᠨᠡᠯᠡᠨ ᠰᠢᠯᠭᠠᠬᠤ ᠲᠥᠪ ᠨᠢ ᠭᠤᠣᠯᠳᠠᠭᠤ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠬᠥᠳᠡᠭᠡ | ᠠᠵᠤ ᠠᠬᠤᠢ ᠶᠢ ᠳᠡᠮᠵᠢᠬᠦ ᠳᠤ ᠬᠤᠯᠪᠣᠭᠳᠠᠬᠤ ᠲᠥᠷᠥᠯ ᠵᠦᠢᠯ ᠢ ᠦᠨᠡᠯᠡᠨ ᠰᠢᠯᠭᠠᠬᠤ ᠪᠠ ᠦᠨᠡᠯᠡᠨ ᠲᠣᠭᠲᠠᠭᠠᠬᠤ | ᠠᠵᠢᠯ ᠢ ᠬᠠᠷᠢᠭᠤᠴᠠᠵᠤ᠂ ᠠᠷᠭ᠎ᠠ ᠪᠠᠷᠢᠯ ᠳᠡᠭᠡᠷ᠎ᠡ ᠭᠤᠷᠪᠠᠳᠡᠬᠢ ᠡᠲᠡᠭᠡᠳ ᠢ ᠤᠷᠢᠨ ᠲᠥᠷᠥᠯ ᠵᠦᠢᠯ ᠢ ᠮᠡᠳᠡᠭᠦᠯᠬᠦ | ᠪᠠᠶᠢᠭᠤᠯᠭ᠎ᠠ ᠨᠢᠭᠡᠴᠡ ᠶᠢᠨ ᠶᠡᠷᠦᠩᠬᠡᠢ ᠪᠠᠶᠢᠳᠠᠯ ᠳᠤ ᠪᠤᠰᠤᠳᠴᠢ᠂ ᠲᠥᠪ ᠭᠤᠣᠯᠴᠢ ᠦᠨᠡᠯᠡᠯᠲᠡ ᠬᠢᠯᠭᠡᠳᠡᠭ ᠢ ᠪᠢᠳᠠ | ᠮᠡᠳᠡᠨ᠎ᠡ᠃ ᠲᠡᠭᠡᠪᠡᠯ ᠦᠨᠡᠯᠡᠨ ᠰᠢᠯᠭᠠᠬᠤ ᠲᠥᠪ ᠨᠢ 2018 ᠣᠨ ᠳᠤ ᠶᠠᠮᠠᠷ ᠶᠠᠮᠠᠷ ᠠᠵᠢᠯ ᠬᠢᠪᠡ︖ | ﹇ᠮᠢ ᠴᠤᠤ﹈ 2018 ᠣᠨ ᠳᠤ ᠲᠠᠷᠢᠶᠠᠯᠠᠩ ᠳᠤ ᠬᠤᠯᠪᠣᠭᠳᠠᠬᠤ ᠲᠠᠷᠢᠶᠠᠯᠠᠩ ᠢ ᠳᠡᠮᠵᠢᠬᠦ ᠲᠥᠷᠥᠯ | ᠵᠦᠢᠯ 241 ᠶᠢ ᠦᠨᠡᠯᠡᠨ ᠰᠢᠯᠭᠠᠵᠤ᠂ ᠲᠤᠰᠬᠠᠢ ᠮᠡᠷᠭᠡᠵᠢᠯᠲᠡᠨ ᠤ ᠦᠨᠡᠯᠡᠨ ᠰᠢᠯᠭᠠᠯᠲᠠ ᠪᠠᠷ 171 ᠲᠥᠷᠥᠯ | ᠵᠦᠢᠯ ᠢ ᠬᠡᠷᠡᠭᠵᠢᠭᠦᠯᠵᠦ ᠪᠣᠯᠬᠤ᠂ 31 ᠲᠥᠷᠥᠯ ᠵᠦᠢᠯ ᠢ ᠦᠨᠳᠦᠰᠦᠨ ᠳᠡᠭᠡᠨ ᠬᠡᠷᠡᠭᠵᠢᠭᠦᠯᠵᠦ ᠪᠣᠯᠬᠤ᠂ 39 | ᠲᠥᠷᠥᠯ ᠵᠦᠢᠯ ᠢ ᠬᠡᠷᠡᠭᠵᠢᠭᠦᠯᠬᠦ ᠪᠣᠯᠬᠤ ᠦᠭᠡᠢ ᠪᠠᠷ ᠲᠣᠭᠲᠠᠪᠠ᠃ ᠪᠦᠬᠦ ᠲᠥᠷᠥᠯ ᠵᠦᠢᠯ ᠳᠤ ᠨᠡᠶᠢᠲᠡ 29577. | 58 ᠲᠦᠮᠡᠨ ᠲᠥᠭᠦᠷᠢᠭ ᠬᠡᠷᠡᠭᠲᠡᠢ ᠪᠠᠶᠢᠵᠤ᠂ ᠲᠡᠭᠦᠨ ᠤ ᠳᠣᠲᠣᠷ᠎ᠠ ᠡᠳ᠋ ᠤᠨ ᠵᠠᠰᠠᠭ ᠤᠨ ᠪᠡᠯᠡ ᠮᠥᠩᠭᠦ | 14488.06 ᠲᠦᠮᠡᠨ ᠲᠥᠭᠦᠷᠢᠭ ᠢ ᠭᠤᠶᠤᠴᠢᠯᠠᠪᠠ᠃ | ﹇ᠬᠥᠲᠥᠯᠥᠭᠴᠢ﹈ ᠡᠶᠢᠮᠦ ᠣᠯᠠᠨ ᠲᠥᠷᠥᠯ ᠵᠦᠢᠯ ᠢ ᠪᠣᠳᠠᠲᠠᠢ ᠳᠤ ᠬᠡᠷᠡᠭᠵᠢᠭᠦᠯᠬᠦ ᠨᠢ ᠲᠠᠷᠢᠶᠠᠴᠢᠳ ᠲᠤ | ᠲᠤᠰᠠ ᠪᠣᠯᠵᠤ᠂ ᠲᠠᠷᠢᠶᠠᠯᠠᠩ ᠢ ᠬᠦᠴᠦᠷᠬᠡᠭᠵᠢᠭᠦᠯᠬᠦ ᠳᠤ ᠦᠢᠯᠡᠳᠦᠯ ᠦᠵᠡᠭᠦᠯᠬᠦ ᠨᠢ ᠳᠠᠮᠵᠢᠭ ᠦᠭᠡᠢ᠂ ᠬᠡᠷᠪᠡ | ᠡᠳᠡᠭᠡᠷ ᠲᠥᠷᠥᠯ ᠵᠦᠢᠯ ᠢ ᠮᠡᠳᠡᠭᠦᠯᠵᠦ ᠵᠥᠪᠰᠢᠶᠡᠷᠡᠭᠦᠯᠬᠦ ᠳᠤ ᠪᠣᠳᠠᠲᠠᠢ ᠶᠠᠮᠠᠷ ᠶᠠᠮᠠᠷ ᠤᠷᠢᠳᠠᠯ ᠨᠥᠬᠦᠴᠡᠯ ᠬᠡᠷᠡᠭᠲᠡᠢ | ᠪᠤᠢ︖ | ﹇ᠮᠢ ᠴᠤᠤ﹈ ᠠᠳᠠᠯᠢ ᠦᠭᠡᠢ ᠲᠥᠷᠥᠯ ᠵᠦᠢᠯ ᠤᠨ ᠱᠠᠭᠠᠷᠳᠠᠬᠤ ᠪᠠᠷᠢᠮᠵᠢᠶ᠎ᠠ ᠨᠢ ᠪᠦᠷ ᠠᠳᠠᠯᠢ ᠦᠭᠡᠢ᠃ | ᠮᠡᠳᠡᠭᠦᠯᠬᠦ ᠲᠥᠷᠥᠯ ᠵᠦᠢᠯ ᠤᠨ ᠶᠠᠭᠤᠨ ᠤ ᠤᠷᠢᠳ ᠬᠡᠳᠦᠨ ᠵᠦᠢᠯ ᠤᠨ ᠨᠡᠶᠢᠲᠡᠯᠢᠭ ᠴᠢᠨᠠᠷᠲᠠᠢ ᠨᠥᠬᠦᠴᠡᠯ ᠢ | ᠪᠡᠶᠡᠯᠡᠭᠦᠯᠬᠦ ᠬᠡᠷᠡᠭᠲᠡᠢ᠃ ᠶᠠᠭᠤᠨ ᠤ ᠡᠮᠦᠨ᠎ᠡ ᠳᠡᠮᠵᠢᠬᠦ ᠬᠦᠷᠢᠶ᠎ᠡ ᠬᠡᠪᠴᠢᠶ᠎ᠡ ᠨᠢ ᠮᠡᠳᠡᠭᠦᠯᠦᠨ ᠵᠥᠪᠰᠢᠶᠡᠷᠡᠭᠦᠯᠬᠦ | ᠱᠠᠭᠠᠷᠳᠠᠯᠭ᠎ᠠ ᠳᠤ ᠬᠥᠷᠥᠭᠰᠡᠨ ᠪᠠᠶᠢᠬᠤ ᠬᠡᠷᠡᠭᠲᠡᠢ᠂ ᠳᠠᠷᠤᠢ ᠬᠥᠳᠡᠭᠡ ᠠᠵᠤ ᠠᠬᠤᠢ ᠶᠢᠨ ᠦᠢᠯᠡᠰ ᠤᠨ ᠶᠡᠷᠦᠩᠬᠡᠢ | ᠬᠥᠭᠵᠢᠯᠲᠡ ᠶᠢᠨ ᠴᠢᠳᠠᠪᠤᠷᠢ ᠪᠠ ᠥᠷᠢᠰᠦᠯᠳᠦᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠲᠤᠰ | ᠭᠠᠵᠠᠷ ᠤᠨ ᠠᠵᠤ ᠠᠬᠤᠢ ᠶᠢᠨ ᠣᠨᠴᠠᠯᠢᠭ ᠲᠠᠢ ᠲᠠᠷᠢᠶᠠᠯᠠᠩ ᠤᠨ ᠲᠠᠷᠢᠮᠠᠯ ᠤᠨ ᠰᠠᠭᠤᠷᠢᠨ ᠭᠠᠵᠠᠷ᠂ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ᠂ ᠲᠠᠷᠢᠶᠠᠯᠠᠩ ᠤᠨ | ᠪᠦᠲᠦᠭᠡᠭᠳᠡᠬᠦᠨ ᠤᠨ ᠭᠦᠢᠯᠭᠡᠭᠡ ᠶᠢᠨ ᠲᠥᠬᠦᠭᠡᠷᠦᠮᠵᠢ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢᠨ | ᠰᠢᠰᠲ᠋ᠧᠮᠵᠢ ᠵᠡᠷᠭᠡ ᠶᠢᠨ ᠪᠦᠲᠦᠭᠡᠨ ᠪᠠᠶᠢᠭᠤᠯᠤᠯᠲᠠ ᠪᠠᠭᠲᠠᠵᠤ᠂ ᠡᠩ ᠲᠡᠷᠢᠭᠦᠨ ᠳᠤ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ᠂ ᠰᠢᠨ᠎ᠡ ᠮᠡᠷᠭᠡᠵᠢᠯ ᠬᠢᠭᠡᠳ ᠰᠢᠨ᠎ᠡ ᠡᠭᠦᠯᠳᠡᠷ ᠢ ᠣᠷᠣᠭᠤᠯᠬᠤ ᠪᠠ ᠳᠡᠯᠭᠡᠷᠡᠭᠦᠯᠬᠦ᠂ | ᠲᠠᠷᠢᠵᠤ ᠲᠡᠵᠢᠭᠡᠬᠦ ᠦᠢᠯᠡᠰ ᠤᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠡᠷᠭᠡ ᠪᠠᠷ ᠭᠤᠣᠯ ᠠᠭᠤᠯᠭ᠎ᠠ | ᠪᠣᠯᠭᠠᠭᠰᠠᠨ ᠲᠥᠷᠥᠯ ᠵᠦᠢᠯ ᠢ ᠳᠡᠮᠵᠢᠨ᠎ᠡ᠃ ᠬᠤᠶᠠᠷ ᠲᠤ᠂ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ | ᠪᠤᠶᠤ ᠬᠤᠷᠰᠢᠭᠰᠠᠨ ᠵᠣᠬᠢᠶᠠᠨ ᠪᠠᠶᠢᠭᠤᠯᠤᠯᠲᠠ ᠨᠢ ᠲᠠᠷᠢᠶᠠᠴᠢᠳ ᠲᠠᠢ ᠠᠰᠢᠭ ᠲᠤᠰᠠ ᠪᠠᠨ ᠬᠤᠯᠪᠣᠭᠰᠠᠨ | ᠲᠣᠭᠲᠠᠴᠠ ᠲᠠᠢ ᠪᠠᠶᠢᠵᠤ᠂ ᠲᠠᠷᠢᠶᠠᠯᠠᠩ ᠤᠨ ᠰᠠᠭᠤᠷᠢ ᠲᠥᠬᠦᠭᠡᠷᠦᠮᠵᠢ᠂ ᠬᠡᠪᠴᠢᠶᠡᠵᠢᠵᠦ ᠪᠠᠷᠢᠮᠵᠢᠶᠠᠵᠢᠭᠰᠠᠨ | ᠲᠠᠷᠢᠵᠤ ᠲᠡᠵᠢᠭᠡᠬᠦ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠥᠲᠥᠯᠥᠨ | ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠤᠭ ᠡᠴᠦᠰ ᠤᠨ ᠠᠰᠢᠭ ᠲᠤᠰᠠ ᠢ ᠬᠦᠷᠲᠡᠬᠦ ᠭᠤᠣᠯ ᠴᠣᠭᠴᠠ ᠨᠢ | ᠲᠠᠷᠢᠶᠠᠴᠢᠨ ᠪᠠᠶᠢᠵᠤ᠂ ᠭᠤᠣᠯᠳᠠᠭ᠎ᠠ ᠲᠠᠢ ᠳᠡᠮᠵᠢᠬᠦ ᠬᠦᠷᠢᠶ᠎ᠡ ᠬᠡᠪᠴᠢᠶ᠎ᠡ ᠪᠠᠷ ᠥᠷᠭᠡᠨ᠂ ᠮᠠᠯᠴᠢᠨ ᠲᠠᠷᠢᠶᠠᠴᠢᠳ ᠢ | ᠳᠠᠶᠢᠴᠢᠯᠠᠨ ᠣᠷᠣᠯᠭ᠎ᠠ ᠶᠢᠨ ᠨᠡᠮᠡᠭᠳᠡᠯ ᠢ ᠢᠯᠡᠳᠲᠡ ᠳᠡᠭᠡᠭᠰᠢᠯᠡᠭᠦᠯᠬᠦ ᠲᠥᠷᠥᠯ ᠵᠦᠢᠯ ᠪᠠᠶᠢᠬᠤ ᠶᠢ ᠱᠠᠭᠠᠷᠳᠠᠨ᠎ᠠ᠃ | ᠭᠤᠷᠪᠠ ᠳᠤ᠂ ᠠᠵᠤ ᠠᠬᠤᠶᠢᠯᠠᠯ ᠪᠤᠶᠤ ᠬᠤᠷᠰᠢᠶ᠎ᠠ ᠨᠢ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠬᠡᠮ ᠲᠠᠢ | ᠪᠠᠶᠢᠵᠤ᠂ ᠨᠡᠯᠢᠶᠡᠳ ᠶᠡᠭᠡ ᠠᠵᠤ ᠠᠬᠤᠢ ᠶᠢᠨ ᠪᠣᠳᠠᠲᠤ ᠬᠦᠴᠦᠨ ᠪᠠ ᠪᠡᠯᠡ ᠲᠣᠬᠢᠷᠠᠭᠤᠯᠬᠤ ᠴᠢᠳᠠᠯ ᠲᠠᠢ᠂ ᠵᠠᠬ᠎ᠠ | ᠳᠡᠯᠭᠡᠭᠦᠷ ᠤᠨ ᠠᠵᠤ ᠠᠬᠤᠢ ᠶᠢᠨ ᠱᠠᠭᠠᠷᠳᠠᠯᠭ᠎ᠠ ᠳᠤ ᠨᠡᠶᠢᠴᠡᠭᠰᠡᠨ ᠡᠵᠡᠩᠨᠡᠯᠲᠡ ᠬᠠᠮᠢᠶᠠᠷᠤᠯᠲᠠ ᠶᠢᠨ ᠳᠦᠷᠢᠮ ᠪᠠ | ᠲᠣᠭᠲᠠᠴᠠ ᠲᠠᠢ᠂ ᠢᠯᠠᠩᠭᠤᠶ᠎ᠠ ᠡᠳ᠋ ᠤᠨ ᠵᠠᠰᠠᠭ ᠤᠨ ᠬᠠᠮᠢᠶᠠᠷᠤᠯᠲᠠ ᠶᠢᠨ ᠳᠦᠷᠢᠮ ᠲᠠᠢ ᠪᠠᠶᠢᠬᠤ ᠶᠢ ᠱᠠᠭᠠᠷᠳᠠᠨ᠎ᠠ᠃ | | ﹇ᠬᠥᠲᠥᠯᠥᠭᠴᠢ﹈ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠥᠷᠭᠡᠨ ᠣᠯᠠᠨ ᠲᠠᠷᠢᠶᠠᠴᠢᠨ | ᠠᠷᠠᠳ ᠲᠦᠮᠡᠨ ᠨᠢ ᠭᠤᠣᠯ ᠬᠦᠴᠦᠨ ᠤ ᠴᠡᠷᠢᠭ ᠪᠣᠯᠬᠤ ᠶᠤᠮ᠃ ﹇ᠲᠠᠷᠢᠶᠠᠯᠠᠩ ᠲᠠᠷᠢᠶᠠᠴᠢᠨ ᠬᠥᠳᠡᠭᠡ ᠲᠣᠰᠬᠤᠨ﹈ | ᠤ ᠠᠵᠢᠯ ᠢ ᠰᠠᠶᠢᠨ ᠬᠢᠬᠦ ᠳᠤ ᠲᠠᠷᠢᠶᠠᠴᠢᠨ ᠢᠶᠠᠷ ᠭᠤᠣᠯ ᠪᠣᠯᠭᠠᠵᠤ᠂ ᠲᠠᠷᠢᠶᠠᠴᠢᠨ ᠢ ᠪᠠᠶᠠᠵᠢᠭᠤᠯᠬᠤ ᠪᠠᠷ ᠦᠨᠳᠦᠰᠦ | ᠪᠣᠯᠭᠠᠵᠤ᠂ ᠲᠠᠷᠢᠶᠠᠴᠢᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠵᠡᠭᠦᠯᠬᠦ ᠭᠤᠣᠯ | ᠴᠣᠭᠴᠠ ᠶᠢᠨ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ᠃ ᠡᠭᠦᠨ ᠤ ᠲᠤᠯᠠᠳᠠ᠂ ᠰᠢᠨ᠎ᠡ ᠮᠠᠶ᠋ᠢᠭ ᠤᠨ ᠠᠵᠢᠯ | ᠮᠡᠷᠭᠡᠵᠢᠯ ᠤᠨ ᠲᠠᠷᠢᠶᠠᠴᠢᠨ ᠢ ᠬᠦᠴᠦᠯᠡᠨ ᠬᠥᠮᠥᠵᠢᠭᠦᠯᠵᠦ᠂ ᠤᠯᠠᠮᠵᠢᠯᠠᠯᠲᠤ ᠲᠠᠷᠢᠶᠠᠴᠢᠨ ᠠᠴᠠ ᠣᠳᠣ ᠦᠶ᠎ᠡ ᠶᠢᠨ | ᠠᠵᠢᠯ ᠮᠡᠷᠭᠡᠵᠢᠯ ᠤᠨ ᠲᠠᠷᠢᠶᠠᠴᠢᠨ ᠳᠤ ᠰᠢᠯᠵᠢᠬᠦ ᠶᠢ ᠠᠬᠢᠭᠤᠯᠵᠤ᠂ ᠲᠠᠷᠢᠶᠠᠴᠢᠨ ᠤ ᠡᠭᠦᠳᠦᠨ ᠪᠦᠲᠦᠭᠡᠬᠦ | ᠴᠢᠳᠠᠪᠤᠷᠢ ᠶᠢ ᠪᠠᠳᠠᠷᠠᠭᠤᠯᠤᠨ ᠲᠠᠷᠢᠶᠠᠯᠠᠩ ᠬᠥᠳᠡᠭᠡᠲ᠋ᠣᠰᠬᠤᠨ ᠤ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠬᠦ | ᠬᠡᠷᠡᠭᠲᠡᠢ᠃ ᠬᠥᠬᠡᠬᠤᠲᠠ ᠶᠢᠨ ᠬᠥᠳᠡᠭᠡ ᠠᠵᠤ ᠠᠬᠤᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ | ᠪᠣᠯᠪᠠᠰᠤᠷᠠᠭᠤᠯᠤᠯ ᠤᠨ ᠲᠥᠪ ᠨᠢ ᠡᠳ᠋ ᠤᠨ ᠵᠠᠰᠠᠭ ᠢᠶᠠᠷ ᠲᠠᠷᠢᠶᠠᠯᠠᠩ ᠢ ᠳᠡᠮᠵᠢᠬᠦ ᠰᠢᠭᠤᠳ ᠦᠢᠯᠡᠴᠢᠯᠡᠬᠦ ᠨᠢᠭᠡᠴᠡ | ᠪᠣᠯᠣᠭᠰᠠᠨ ᠤ ᠬᠤᠪᠢ ᠳᠤ᠂ 2018 ᠣᠨ ᠳᠤ ᠶᠠᠮᠠᠷ ᠶᠠᠮᠠᠷ ᠪᠣᠯᠪᠠᠰᠤᠷᠠᠭᠤᠯᠤᠯ ᠬᠢᠵᠦ᠂ ᠬᠢᠷᠢ ᠵᠡᠷᠭᠡ ᠪᠦᠲᠦᠮᠵᠢ | ᠣᠯᠪᠠ︖ | ﹇ᠿᠧᠨ ᠷᠦᠢ﹈ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠬᠥᠳᠡᠭᠡ ᠠᠵᠤ ᠠᠬᠤᠢ ᠶᠢᠨ | ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠥᠪ ᠠᠴᠠ ︽2018 ᠣᠨ ᠤ ᠰᠢᠨ᠎ᠡ | ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠢ ᠬᠥᠮᠥᠵᠢᠭᠦᠯᠬᠦ ᠠᠵᠢᠯ ᠢ ᠰᠠᠶᠢᠲᠤᠷ ᠬᠢᠬᠦ ᠲᠤᠬᠠᠢ ᠲᠠᠷᠢᠶᠠᠯᠠᠩ | ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠭᠦᠨᠵᠡᠭᠡᠶᠢᠷᠡᠭᠦᠯᠦᠨ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ﹇ | ᠲᠠᠷᠢᠶᠠᠯᠠᠩ ᠲᠠᠷᠢᠶᠠᠴᠢᠨ ᠬᠥᠳᠡᠭᠡ ᠲᠣᠰᠬᠤᠨ﹈ ᠤ ᠠᠰᠠᠭᠤᠳᠠᠯ ᠤᠨ ᠲᠤᠬᠠᠢ ᠴᠢᠬᠤᠯᠠ ᠲᠥᠷᠥ ᠶᠢᠨ ᠪᠣᠳᠣᠯᠭ᠎ᠠ | ᠪᠠᠶᠢᠷᠢᠯᠠᠭᠤᠯᠤᠯᠲᠠ ᠳᠤ ᠤᠶᠠᠯᠳᠤᠭᠤᠯᠤᠨ᠂ ︽2018 ᠣᠨ ᠤ ᠲᠠᠷᠢᠶᠠᠯᠠᠩ ᠢ ᠳᠡᠮᠵᠢᠬᠦ ᠪᠣᠯᠪᠠᠰᠤᠷᠠᠭᠤᠯᠤᠯ ᠤᠨ | ᠠᠵᠢᠯ ᠤᠨ ᠬᠡᠷᠡᠭᠵᠢᠭᠦᠯᠬᠦ ᠲᠥᠰᠥᠯ︾ ᠶᠣᠰᠣᠭᠠᠷ ᠪᠣᠯᠪᠠᠰᠤᠷᠠᠭᠤᠯᠤᠯ ᠤᠨ ᠠᠵᠢᠯ ᠢ ᠡᠷᠬᠢᠯᠡᠨ ᠥᠷᠨᠢᠭᠦᠯᠪᠡ᠃ | ᠨᠡᠶᠢᠲᠡ 6 ᠬᠤᠭᠤᠴᠠᠭᠠᠨ ᠤ ᠪᠣᠯᠪᠠᠰᠤᠷᠠᠭᠤᠯᠤᠯ ᠡᠷᠬᠢᠯᠡᠵᠦ᠂ 420 ᠭᠠᠷᠤᠢ ᠬᠥᠮᠥᠨ ᠣᠷᠣᠯᠴᠠᠪᠠ᠃ | ﹇ᠬᠥᠲᠥᠯᠥᠭᠴᠢ﹈ ᠭᠤᠣᠯᠳᠠᠭᠤ ᠶᠠᠮᠠᠷ ᠶᠠᠮᠠᠷ ᠠᠭᠤᠯᠭ᠎ᠠ ᠶᠢᠨ ᠪᠣᠯᠪᠠᠰᠤᠷᠠᠭᠤᠯᠤᠯ ᠡᠷᠬᠢᠯᠡᠪᠡ︖ | ﹇ᠿᠧᠨ ᠷᠦᠢ﹈ ᠪᠣᠯᠪᠠᠰᠤᠷᠠᠭᠤᠯᠤᠯ ᠳᠤ ᠭᠤᠣᠯᠳᠠᠭᠤ ᠨᠣᠭᠤᠭ᠎ᠠ ᠲᠠᠷᠢᠬᠤ ᠵᠢᠴᠢ ᠬᠤᠷᠣᠬᠠᠢ ᠰᠢᠪᠠᠵᠢ ᠶᠢ | ᠰᠡᠷᠭᠡᠶᠢᠯᠡᠬᠦ ᠮᠡᠷᠭᠡᠵᠢᠯ᠂ ᠨᠣᠭᠤᠭ᠎ᠠ ᠶᠢ ᠡᠵᠡᠩᠨᠡᠨ ᠪᠣᠷᠣᠯᠠᠭᠤᠯᠬᠤ ᠲᠤᠰᠬᠠᠢ ᠮᠡᠳᠡᠯᠭᠡ᠂ ᠲᠠᠷᠢᠶᠠᠯᠠᠩ ᠤᠨ | ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ ᠬᠡᠪ ᠵᠠᠭᠪᠤᠷ ᠲᠤ ᠰᠢᠨ᠎ᠡ ᠶᠢ ᠡᠭᠦᠳᠬᠦ ᠪᠣᠯᠣᠨ ᠬᠥᠭᠵᠢᠭᠦᠯᠬᠦ ᠵᠢᠴᠢ | ᠣᠳᠣ ᠦᠶ᠎ᠡ ᠶᠢᠨ ᠡᠵᠡᠩᠨᠡᠨ ᠪᠣᠷᠣᠯᠠᠭᠤᠯᠬᠤ ᠣᠨᠣᠯᠵᠢᠬᠤᠨ ᠢ ᠬᠡᠷᠬᠢᠨ ᠬᠡᠷᠡᠭᠯᠡᠨ ᠲᠠᠷᠢᠶᠠᠯᠠᠩ ᠤᠨ | ᠪᠦᠲᠦᠭᠡᠭᠳᠡᠬᠦᠨ ᠢᠶᠠᠨ ᠡᠵᠡᠩᠨᠡᠬᠦ ᠵᠡᠷᠭᠡ ᠠᠭᠤᠯᠭ᠎ᠠ ᠪᠠᠭᠲᠠᠨ᠎ᠠ᠃ | ﹇ᠬᠥᠲᠥᠯᠥᠭᠴᠢ﹈ ᠡᠳ᠋ ᠤᠨ ᠵᠠᠰᠠᠭ ᠡᠳ᠋ ᠤᠨ ᠶᠠᠪᠤᠳᠠᠯ ᠤᠨ ᠺᠠᠲᠠᠷ ᠤᠨ ᠪᠣᠯᠪᠠᠰᠤᠷᠠᠭᠤᠯᠤᠯ ᠢ ᠴᠢᠩᠭᠠᠳᠬᠠᠨ | ᠂ ᠡᠳ᠋ ᠤᠨ ᠵᠠᠰᠠᠭ ᠡᠳ᠋ ᠤᠨ ᠶᠠᠪᠤᠳᠠᠯ ᠤᠨ ᠺᠠᠲᠠᠷ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠠᠵᠢᠯ ᠤᠨ | ᠴᠢᠳᠠᠪᠤᠷᠢ ᠶᠢ ᠳᠡᠭᠡᠭᠰᠢᠯᠡᠭᠦᠯᠬᠦ ᠨᠢ ᠡᠳ᠋ ᠤᠨ ᠵᠠᠰᠠᠭ ᠤᠨ ᠲᠣᠪᠴᠢᠶ᠎ᠠ ᠶᠢᠨ ᠤᠤᠯ ᠠᠴᠠ ᠪᠠᠨ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠳᠡᠭ ᠨᠢᠭᠡ ᠵᠦᠢᠯ ᠤᠨ ᠠᠵᠢᠯ ᠪᠣᠯᠬᠤ ᠶᠤᠮ᠃ ᠰᠠᠶ᠋ᠢᠬᠠᠨ ᠥᠩᠭᠡᠷᠡᠭᠰᠡᠨ 2018 ᠣᠨ ᠳᠤ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠭᠤᠣᠯᠳᠠᠭᠤ ᠶᠠᠮᠠᠷ ᠶᠠᠮᠠᠷ ᠪᠣᠯᠪᠠᠰᠤᠷᠠᠭᠤᠯᠤᠯ ᠢ ᠵᠣᠬᠢᠶᠠᠨ | ᠪᠠᠶᠢᠭᠤᠯᠤᠭᠰᠠᠨ ᠪᠤᠢ︖ | ﹇ᠯᠢ ᠭᠠᠩ ᠵᠣ᠋﹈ 2018 ᠣᠨ ᠳᠤ᠂ ᠪᠢᠳᠠᠨ ᠪᠣᠯᠪᠠᠰᠤᠷᠠᠭᠤᠯᠤᠯ ᠤᠨ ᠲᠥᠯᠥᠪᠯᠡᠭᠡ ᠶᠣᠰᠣᠭᠠᠷ᠂ ᠲᠤᠰᠬᠠᠢ | ᠢᠯᠡᠳᠬᠡᠯ ᠡᠷᠬᠢᠯᠡᠬᠦ ᠪᠠ ᠨᠢᠭᠡᠳᠦᠯᠲᠡᠢ ᠪᠣᠯᠪᠠᠰᠤᠷᠠᠭᠤᠯᠤᠯ ᠬᠢᠬᠦ ᠠᠷᠭ᠎ᠠ ᠮᠠᠶ᠋ᠢᠭ ᠢᠶᠠᠷ᠂ 16 ᠬᠤᠭᠤᠴᠠᠭ᠎ᠠ᠂ | 3220 ᠭᠠᠷᠤᠢ ᠬᠥᠮᠥᠨ ᠤᠳᠠᠭ᠎ᠠ ᠶᠢᠨ ᠡᠳ᠋ ᠤᠨ ᠵᠠᠰᠠᠭ ᠡᠳ᠋ ᠤᠨ ᠶᠠᠪᠤᠳᠠᠯ ᠤᠨ ᠺᠠᠲᠠᠷᠴᠤᠳ ᠤᠨ | ᠪᠣᠯᠪᠠᠰᠤᠷᠠᠭᠤᠯᠤᠯ ᠡᠷᠬᠢᠯᠡᠪᠡ᠃ ᠠᠭᠤᠯᠭ᠎ᠠ ᠶᠢᠨ ᠬᠤᠪᠢ ᠳᠤ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ | ᠰᠠᠨᠠᠭ᠎ᠠ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠥᠷᠢ ᠰᠢᠷᠢ ᠶᠢᠨ ᠬᠠᠮᠢᠶᠠᠷᠤᠯᠲᠠ᠂ ᠣᠳᠣ | ᠦᠶ᠎ᠡ ᠶᠢᠨ ᠡᠳ᠋ ᠤᠨ ᠵᠠᠰᠠᠭ ᠤᠨ ᠲᠣᠭᠲᠠᠭᠠᠯ᠂ ᠲᠥᠰᠥᠪ ᠤᠨ ᠬᠠᠤᠯᠢ᠂ ᠲᠥᠰᠥᠪ ᠤᠨ ᠣᠷᠣᠨ ᠲᠤᠭ᠎ᠠ᠂ | ᠵᠠᠰᠠᠭ ᠤᠨ ᠣᠷᠳᠣᠨ ᠠᠴᠠ ᠬᠤᠳᠠᠯᠳᠤᠨ ᠠᠪᠬᠤ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠨᠢᠭᠡ ᠴᠣᠭᠴᠠᠵᠢᠭᠰᠠᠨ | ᠰᠢᠰᠲ᠋ᠧᠮ ᠢ ᠬᠡᠷᠡᠭᠯᠡᠬᠦ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠥᠪ ᠪᠠ ᠲᠠᠰᠤᠯᠤᠨ ᠪᠣᠳᠣᠬᠤ᠂ | ᠰᠠᠯᠠᠭ᠎ᠠ ᠮᠥᠴᠢᠷ ᠤᠨ ᠲᠠᠰᠤᠯᠤᠨ ᠪᠣᠳᠣᠬᠤ᠂ ᠡᠳ᠋ ᠤᠨ ᠵᠠᠰᠠᠭ ᠤᠨ ᠬᠢᠨᠠᠯᠲᠠ ᠪᠠᠶᠢᠴᠠᠭᠠᠯᠲᠠ᠂ ᠵᠠᠰᠠᠭ ᠤᠨ | ᠣᠷᠳᠣᠨ ᠤ ᠨᠢᠭᠲᠠᠯᠠᠨ ᠪᠣᠳᠣᠭᠴᠢ ᠶᠢᠨ ᠵᠠᠷᠴᠢᠮ ᠪᠣᠯᠣᠨ ᠨᠢᠭᠲᠠᠯᠠᠨ ᠪᠣᠳᠣᠭᠴᠢ ᠶᠢᠨ ᠳᠦᠷᠢᠮ ᠵᠡᠷᠭᠡ ᠠᠭᠤᠯᠭ᠎ᠠ ᠶᠢ | ᠪᠠᠭᠲᠠᠭᠠᠪᠠ᠃ ᠪᠣᠯᠪᠠᠰᠤᠷᠠᠭᠤᠯᠤᠯ ᠢᠶᠠᠷ ᠳᠠᠮᠵᠢᠨ᠂ ᠡᠳ᠋ ᠤᠨ ᠵᠠᠰᠠᠭ ᠡᠳ᠋ ᠤᠨ ᠶᠠᠪᠤᠳᠠᠯ ᠤᠨ ᠺᠠᠲᠠᠷ ᠤᠨ ᠠᠵᠢᠯ ᠤᠨ | ᠪᠣᠯᠪᠠᠰᠤᠷᠠᠯ ᠢ ᠳᠡᠭᠡᠭᠰᠢᠯᠡᠭᠦᠯᠦᠭᠰᠡᠨ ᠮᠥᠷᠲᠡᠭᠡᠨ ᠡᠳ᠋ ᠤᠨ ᠵᠠᠰᠠᠭ ᠤᠨ ᠬᠠᠮᠢᠶᠠᠷᠤᠯᠲᠠ ᠶᠢ ᠳᠦᠷᠢᠮᠵᠢᠭᠦᠯᠬᠦ ᠳᠤ | ᠰᠠᠭᠤᠷᠢ ᠲᠠᠯᠪᠢᠭᠰᠠᠨ ᠪᠠᠶᠢᠨ᠎ᠠ᠃ | ﹇ᠬᠥᠲᠥᠯᠥᠭᠴᠢ﹈ ᠣᠷᠴᠢᠮ ᠤᠨ ᠵᠢᠯ ᠤᠳ ᠲᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ | ᠡᠳ᠋ ᠤᠨ ᠵᠠᠰᠠᠭ ᠡᠳ᠋ ᠤᠨ ᠶᠠᠪᠤᠳᠠᠯ ᠤᠨ ᠺᠠᠲᠠᠷ ᠤᠨ ᠪᠣᠯᠪᠠᠰᠤᠷᠠᠭᠤᠯᠤᠯ ᠢ ᠬᠡᠷᠬᠢᠨ ᠠᠬᠢᠭᠤᠯᠵᠤ᠂ ᠶᠠᠮᠠᠷ ᠶᠠᠮᠠᠷ | ᠠᠷᠭ᠎ᠠ ᠬᠡᠮᠵᠢᠶ᠎ᠡ ᠠᠪᠤᠭᠰᠠᠨ ᠪᠤᠢ︖ | ﹇ᠯᠢ ᠭᠠᠩ ᠵᠣ᠋﹈ ᠨᠢᠭᠡ ᠳᠤ᠂ ᠪᠣᠯᠪᠠᠰᠤᠷᠠᠭᠤᠯᠤᠯ ᠤᠨ ᠳᠦᠷᠢᠮ ᠢ ᠲᠡᠭᠦᠯᠳᠡᠷᠵᠢᠭᠦᠯᠦᠨ ᠪᠦᠷᠢᠨᠰᠢᠭᠦᠯᠵᠦ᠂ | ᠪᠣᠯᠪᠠᠰᠤᠷᠠᠭᠤᠯᠤᠯ ᠤᠨ ᠠᠵᠢᠯ ᠢ ᠰᠠᠶᠢᠨ ᠬᠢᠬᠦ ᠳᠤ ᠪᠠᠲᠤᠯᠠᠭ᠎ᠠ ᠬᠠᠩᠭᠠᠪᠠ᠃ ᠬᠤᠶᠠᠷ ᠲᠤ᠂ ᠪᠠᠶᠢᠴᠠᠭᠠᠯᠲᠠ | ᠰᠤᠳᠤᠯᠤᠯᠲᠠ ᠶᠢ ᠴᠢᠩᠭᠠᠳᠬᠠᠵᠤ᠂ ᠪᠣᠯᠪᠠᠰᠤᠷᠠᠯ ᠤᠨ ᠱᠠᠭᠠᠷᠳᠠᠯᠭ᠎ᠠ ᠶᠢ ᠡᠵᠡᠮᠰᠢᠨ᠂ ᠲᠥᠯᠥᠪᠯᠡᠭᠡ ᠶᠢᠨ | ᠬᠠᠮᠢᠶᠠᠷᠤᠯᠲᠠ ᠶᠢ ᠬᠡᠷᠡᠭᠵᠢᠭᠦᠯᠪᠡ᠃ ᠭᠤᠷᠪᠠ ᠳᠤ᠂ ᠪᠠᠭᠰᠢ ᠨᠠᠷ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ | ᠪᠣᠯᠪᠠᠰᠤᠷᠠᠭᠤᠯᠤᠯ ᠤᠨ ᠶᠠᠰᠤ ᠴᠢᠨᠠᠷ ᠢ ᠳᠡᠭᠡᠭᠰᠢᠯᠡᠭᠦᠯᠪᠡ᠃ | ﹇ᠬᠥᠲᠥᠯᠥᠭᠴᠢ﹈ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠪᠠᠶᠢᠴᠠᠭᠠᠨ | ᠰᠤᠳᠤᠯᠤᠭᠴᠢ ᠯᠢ ᠯᠥᠩ ᠯᠥᠩ ᠵᠢᠴᠢ ᠬᠤᠯᠪᠣᠭᠳᠠᠯ ᠪᠦᠬᠦᠢ ᠨᠥᠬᠦᠳ ᠰᠢᠭᠤᠳ ᠨᠡᠪᠲᠡᠷᠡᠭᠦᠯᠭᠡ ᠶᠢᠨ ᠥᠷᠥᠭᠡ ᠳᠤ | ᠬᠦᠷᠦᠯᠴᠡᠨ ᠢᠷᠡᠵᠦ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠥᠪᠡᠷ ᠤᠨ ᠡᠳ᠋ ᠤᠨ ᠵᠠᠰᠠᠭ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠡᠳ᠋ ᠤᠨ ᠵᠠᠰᠠᠭ ᠢᠶᠠᠷ ᠬᠥᠳᠡᠭᠡ ᠠᠵᠤ ᠠᠬᠤᠢ ᠶᠢ ᠲᠤᠰᠠᠯᠠᠬᠤ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠦᠨᠡᠨᠬᠦ ᠨᠠᠶᠢᠳᠠᠪᠤᠷᠢᠵᠢᠭᠤᠯᠤᠨ᠂ ᠮᠠᠯᠴᠢᠨ ᠲᠠᠷᠢᠶᠠᠴᠢᠳ ᠲᠤ ᠨᠡᠩ | ᠣᠯᠠᠨ ᠬᠦᠷᠲᠡᠭᠡᠮᠵᠢᠲᠦ ᠰᠡᠳᠬᠢᠯᠭᠡ᠂ ᠵᠣᠯ ᠵᠢᠷᠭᠠᠯᠲᠤ ᠰᠡᠳᠬᠢᠯᠭᠡ᠂ ᠠᠮᠤᠷ ᠲᠦᠪᠰᠢᠨ ᠰᠡᠳᠬᠢᠯᠭᠡ ᠣᠯᠭᠤᠭᠰᠠᠨ | ᠲᠤᠬᠠᠢ ᠥᠷᠭᠡᠨ ᠣᠯᠠᠨ ᠰᠣᠨᠣᠰᠤᠭᠴᠢᠳ ᠪᠣᠯᠣᠨ ᠰᠦᠯᠵᠢᠶᠡᠨ ᠨᠥᠬᠦᠳ ᠲᠠᠢ ᠰᠠᠨᠠᠯ ᠪᠣᠳᠣᠯ ᠢᠶᠠᠨ | ᠰᠣᠯᠢᠯᠴᠠᠭᠰᠠᠨ ᠳᠤ ᠪᠠᠶᠠᠷᠯᠠᠯ᠎ᠠ᠂ ᠲᠠ ᠪᠦᠬᠦᠨ ᠳᠤ ᠪᠠᠶᠠᠷᠯᠠᠯ᠎ᠠ᠃ | ﹇ᠬᠠᠮᠢᠶᠠᠷᠤᠭᠴᠢ﹈ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠰᠤᠳᠤᠯᠤᠨ | ᠪᠠᠶᠢᠴᠠᠭᠠᠭᠴᠢ ᠯᠢ ᠯᠦᠩ ᠯᠦᠩ᠂ ᠡᠳ᠋ ᠤᠨ ᠵᠠᠰᠠᠭ ᠤᠨ ᠺᠠᠲᠠᠷᠴᠤᠳ ᠤᠨ ᠪᠣᠯᠪᠠᠰᠤᠷᠠᠭᠤᠯᠤᠯ ᠤᠨ ᠲᠥᠪ ᠤᠨ | ᠡᠷᠬᠢᠯᠡᠭᠴᠢ ᠯᠢ ᠭᠠᠩ ᠵᠣ᠋᠂ ᠬᠥᠳᠡᠭᠡ ᠠᠵᠤ ᠠᠬᠤᠢ ᠶᠢᠨ ᠶᠡᠷᠦᠩᠬᠡᠶᠢᠯᠡᠨ ᠨᠡᠭᠡᠭᠡᠨ ᠠᠰᠢᠭᠯᠠᠬᠤ ᠮᠡᠷᠭᠡᠵᠢᠯ ᠤᠨ | ᠰᠤᠳᠤᠯᠭᠠᠨ ᠢ ᠦᠨᠡᠯᠡᠨ ᠰᠢᠯᠭᠠᠬᠤ ᠲᠥᠪ ᠤᠨ ᠳᠡᠳ᠋ ᠡᠷᠬᠢᠯᠡᠭᠴᠢ ᠮᠢ ᠴᠤᠤ᠂ ᠬᠥᠳᠡᠭᠡ ᠠᠵᠤ ᠠᠬᠤᠢ ᠶᠢᠨ | ᠶᠡᠷᠦᠩᠬᠡᠶᠢᠯᠡᠨ ᠨᠡᠭᠡᠭᠡᠨ ᠠᠰᠢᠭᠯᠠᠬᠤ ᠠᠯᠪᠠᠨ ᠭᠡᠷ ᠤᠨ ᠶᠠᠩ ᠶᠠᠨ᠂ ᠬᠥᠳᠡᠭᠡ ᠠᠵᠤ ᠠᠬᠤᠢ ᠶᠢᠨ | ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠥᠪ ᠤᠨ ᠡᠷᠬᠢᠯᠡᠭᠴᠢ ᠿᠧᠨ ᠷᠦᠢ ᠳᠤ ᠪᠠᠶᠠᠷᠯᠠᠯ᠎ᠠ᠂ | ᠰᠦᠯᠵᠢᠶᠡᠨ ᠤ ᠨᠥᠬᠦᠳ ᠤᠨ ᠠᠩᠬᠠᠷᠤᠯ ᠢᠶᠠᠨ ᠬᠠᠨᠳᠤᠭᠤᠯᠤᠭᠰᠠᠨ ᠪᠣᠯᠣᠨ ᠣᠷᠣᠯᠴᠠᠭᠰᠠᠨ ᠳᠤ ᠪᠠᠶᠠᠷᠯᠠᠯ᠎ᠠ᠂ ᠡᠨᠡ | ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠃ | | |