ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠬᠠᠭᠤᠯᠭ᠎ᠠ ᠶᠢᠨ ᠠᠵᠢᠯᠯᠠᠭ᠎ᠠ ᠳᠠᠯᠠᠨ ᠬᠠᠷ᠎ᠠ ᠠᠭᠤᠯᠠ ᠰᠢᠶᠠᠩ ᠳᠤ ᠪᠣᠯᠪᠠ
ᠨᠡᠶᠢᠲᠡᠯᠡᠭᠰᠡᠨ ᠴᠠᠭ᠄
2019/6/24
     6 ᠳ᠋ᠤᠭᠠᠷ ᠰᠠᠷ᠎ᠠ ᠶᠢᠨ 10 ᠤ ᠡᠳᠦᠷ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠬᠠᠭᠤᠯᠭ᠎ᠠ ᠶᠢᠨ ᠠᠵᠢᠯᠯᠠᠭ᠎ᠠ ᠳᠠᠯᠠᠨ ᠬᠠᠷ᠎ᠠ ᠠᠭᠤᠯᠠ ᠰᠢᠶᠠᠩ ᠤᠨ ᠭᠠᠭᠴᠠ ᠮᠣᠳᠤ ᠲᠣᠰᠬᠤᠨ ᠤ ᠵᠥᠪᠯᠡᠯ ᠳᠤ ᠶᠠᠪᠤᠭᠳᠠᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠢᠶᠧ ᠴᠢᠦᠶ ᠫᠢᠩ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ ᠵᠢᠭᠠᠨ ᠵᠢᠯᠣᠭᠤᠳᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠳᠠᠯᠠᠨ ᠬᠠᠷ᠎ᠠ ᠠᠭᠤᠯᠠ ᠰᠢᠶᠠᠩ ᠤᠨ ᠬᠠᠤᠯᠢ ᠴᠠᠭᠠᠵᠠ ᠶᠢᠨ ᠭᠠᠵᠠᠷ ᠤᠨ ᠬᠠᠷᠢᠭᠤᠴᠠᠯᠭᠠᠲᠠᠨ ᠠᠴᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠲᠤᠬᠠᠢ ᠲᠠᠶᠢᠯᠤᠮᠵᠢ ᠬᠢᠵᠦ᠂  ᠠᠵᠢᠯᠲᠠᠳ ᠠᠴᠠ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠳᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢᠨ ᠲᠠᠶᠢᠯᠤᠮᠵᠢ ᠬᠢᠭᠰᠡᠨ ᠪᠥᠭᠡᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ ᠰᠢᠶᠠᠨ ᠤ ᠤᠯᠠᠭᠠᠨᠮᠥ᠋ᠴᠢᠷ ᠤᠨ ᠲᠣᠭᠯᠠᠭᠴᠢᠳ ᠤᠯᠠᠨ ᠲᠦᠮᠡᠨ ᠳᠤ ᠳᠠᠭᠤᠤ ᠬᠥᠭᠵᠢᠮ᠂ ᠪᠥᠵᠢᠭ᠂ ᠬᠥᠭᠵᠢᠮᠳᠡᠭᠦᠷ ᠵᠡᠷᠭᠡ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠥᠷᠭᠡᠨ ᠤᠯᠠᠨ ᠲᠦᠮᠡᠨ ᠳᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠣᠶᠢᠯᠠᠭᠠᠭᠤᠯᠤᠭᠰᠠᠨ ᠢᠶᠠᠷ ᠪᠠᠷᠠᠬᠤ ᠦᠭᠡᠢ ᠪᠠᠰᠠ ᠲᠡᠳᠡᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠠᠢ᠃ ︵ᠬᠤᠤ ᠯᠢ ᠴᠢᠨ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号