ᠶᠦᠨ ᠬᠠᠢ ᠳᠡᠭᠡᠷ᠎ᠡ ᠲᠣᠬᠤᠢ ᠰᠢᠶᠠᠩ ᠤᠨ ᠬᠦᠪᠡᠭᠡ ᠠᠶᠢᠯ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2019/7/30
     7 ᠰᠠᠷ᠎ᠠ ᠶᠢᠨ 9 ᠤ ᠡᠳᠦᠷ ᠤᠨ ᠦᠳᠡ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠳᠡᠭᠡᠷ᠎ᠡ ᠲᠤᠬᠤᠶ ᠰᠢᠶᠠᠩ ᠤᠨ ᠬᠦᠪᠡᠭᠡ ᠠᠶᠢᠯ ᠲᠣᠰᠬᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠬᠥᠳᠡᠭᠡ ᠲᠣᠰᠬᠤᠨ ᠤ ᠰᠣᠶᠣᠯ ᠤᠨ ᠪᠠᠶᠢᠭᠤᠯᠤᠯᠲᠠ ᠵᠡᠷᠭᠡ ᠠᠵᠢᠯ ᠢ ᠬᠢᠨᠠᠨ ᠵᠢᠯᠣᠭᠤᠳᠴᠤ ᠂ ᠰᠢᠶᠠᠩ ᠲᠣᠰᠬᠤᠨ ᠤ ᠰᠣᠶᠣᠯ ᠤᠨ ᠪᠠᠶᠢᠭᠤᠯᠤᠯᠲᠠ ᠶᠢ ᠰᠣᠨᠣᠰᠴᠤ᠂ ᠲᠤᠬᠠᠶ ᠶᠢᠨ ᠭᠠᠵᠠᠷ ᠲᠤᠨᠢ ᠰᠣᠶᠣᠯ ᠤᠨ ᠬᠦᠷᠢᠶᠡᠯᠡᠩ ᠤᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠵᠢᠯᠣᠭᠤᠳᠬᠤ ᠰᠠᠨᠠᠯ ᠳᠤᠷᠠᠳᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠵᠤᠤ ᠵᠦᠩ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠫᠧᠩ ᠱᠣᠣ ᠴᠥᠩ ᠵᠢᠴᠢ ᠳᠡᠭᠡᠷ᠎ᠡ ᠲᠣᠬᠤᠢ ᠰᠢᠶᠠᠩ ᠤᠨ ᠨᠠᠮ ᠵᠠᠰᠠᠭ ᠤᠨ ᠭᠤᠤᠯ ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠶᠦᠨ ᠬᠠᠢ ᠪᠠᠶᠢᠴᠠᠭᠠᠨ ᠰᠤᠳᠤᠯᠤᠯᠲᠠ ᠬᠢᠬᠦ ᠳᠡᠭᠡᠨ ᠬᠦᠪᠡᠭᠡ ᠠᠶᠢᠯ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠨᠤᠲᠠᠯᠠᠵᠤ᠂ ᠰᠣᠶᠣᠯ ᠤᠨ ᠬᠦᠷᠢᠶᠡᠯᠡᠩ ᠪᠣᠯᠤᠨ ᠬᠥᠳᠡᠭᠡ ᠲᠣᠰᠬᠤᠨ ᠤ ᠶᠡᠭᠡ ᠲᠠᠪᠴᠠᠩ ᠤᠨ ᠪᠠᠶᠢᠭᠤᠯᠤᠯᠲᠠ ᠵᠢᠴᠢ ᠰᠢᠷᠢᠰ ᠠᠵᠢᠯᠯᠠᠭ᠎ᠠ ᠨᠢ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠥᠭᠡᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠤᠬᠠᠭᠤᠯᠭ᠎ᠠ ᠵᠢᠯᠣᠭᠤᠳᠤᠯᠭ᠎ᠠ ᠶᠢ ᠠᠬᠢᠭᠤᠯᠵᠠᠶ ᠭᠡᠵᠦ ᠵᠢᠭᠠᠵᠤ ᠭᠠᠷᠭᠠᠪᠠ᠃ ᠰᠣᠶᠣᠯ ᠤᠨ ᠬᠦᠷᠢᠶᠡᠯᠡᠩ ᠤᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠢᠯᠠᠩᠭᠤᠶ᠎ᠠ ᠲᠣᠰᠬᠤᠨ ᠤ ᠲᠡᠤᠬᠡ ᠶᠢᠨ ᠮᠠᠲ᠋ᠧᠷᠢᠶᠠᠯ᠂ ᠲᠡᠤᠬᠡ ᠶᠢᠨ ᠦᠢᠯᠡ ᠶᠠᠪᠤᠳᠠᠯ ᠢ ᠴᠤᠭᠯᠠᠭᠤᠯᠤᠨ ᠡᠮᠬᠢᠳᠬᠡᠵᠦ᠂ ᠪᠦᠷᠢᠨ ᠪᠦᠲᠦᠨ ᠲᠣᠳᠣᠷᠬᠠᠶᠢᠯᠠᠯᠲᠠ ᠶᠢ ᠪᠤᠢ ᠪᠣᠯᠭᠠᠵᠤ᠂ ᠣᠯᠠᠨ ᠲᠦᠮᠡᠨ ᠢ ᠵᠣᠷᠢᠭᠵᠢᠭᠤᠯᠤᠨ ᠰᠢᠯᠢᠳᠡᠭ ᠰᠠᠶᠢᠨ ᠭᠡᠷ ᠤᠨ ᠰᠤᠷᠲᠠᠯ᠂ ᠲᠣᠰᠬᠤᠨ ᠤ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠬᠠᠯᠠᠮᠵᠢᠯᠠᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠵᠤ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠲᠡᠮᠡᠴᠡᠯ ᠤᠨ ᠵᠣᠷᠢᠭ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠢᠳᠡᠪᠬᠢᠵᠢᠯ ᠢ ᠨᠡᠮᠡᠭᠳᠡᠭᠦᠯᠬᠦ ᠬᠡᠷᠡᠭᠲᠡᠶ ᠭᠡᠪᠡ᠃      ᠶᠦᠨ ᠬᠠᠢ ᠴᠢᠬᠤᠯᠠᠴᠢᠯᠠᠭᠰᠠᠨ ᠨᠢ᠂ ᠲᠣᠰᠬᠤᠨ ᠤ ᠨᠠᠮ ᠤᠨ ᠡᠭᠦᠷ ᠨᠢ ᠨᠠᠮ ᠤᠨ ᠪᠠᠶᠢᠭᠤᠯᠤᠯᠲᠠ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠪᠠ ᠵᠣᠬᠢᠶᠠᠨ ᠪᠠᠶᠢᠭᠤᠯᠤᠯᠲᠠ ᠶᠢᠨ ᠪᠥᠲᠦᠭᠡᠨ ᠪᠠᠶᠢᠭᠤᠯᠤᠯᠲᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠠᠮ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ᠂ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠥᠭ ᠠᠶᠠᠰ ᠢ ᠰᠠᠶᠢᠲᠤᠷ ᠴᠢᠪᠬᠠᠳᠠᠵᠤ᠂ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠪᠠᠶᠠᠵᠢᠨ ᠴᠢᠨᠡᠭᠡᠯᠢᠭᠵᠢᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ ᠭᠡᠪᠡ᠃ ︵ᠯᠢ ᠯᠢ ᠴᠢᠶᠦ᠋ᠨ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号