ᠶᠢᠨ ᠴᠦᠨ ᠯᠢᠶᠠᠩ ᠬᠠᠷᠠᠭᠤᠯ ᠪᠠᠯᠭᠠᠰᠤ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠠᠷᠠᠭᠠᠬᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019/8/2
     7 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢᠨ ᠴᠦᠨ ᠯᠢᠶᠠᠩ ᠬᠠᠷᠠᠭᠤᠯ ᠪᠠᠯᠭᠠᠰᠤ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠠᠷᠠᠭᠠᠬᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠳᠤ ᠪᠠᠶᠢᠴᠠᠭᠠᠨ ᠰᠣᠳᠤᠯᠤᠯᠲᠠ ᠬᠢᠪᠡ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠵᠠᠩ ᠬᠠᠢ ᠲᠤᠤ ᠵᠢᠴᠢ ᠵᠠᠰᠠᠭ ᠤᠨ ᠣᠷᠳᠣᠨ ᠤ ᠠᠯᠪᠠᠨ ᠭᠡᠷ᠂ ᠶᠠᠳᠠᠭᠤ ᠶᠢ ᠲᠡᠳᠬᠦᠬᠦ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠪᠠᠷ᠎ᠠ ᠪᠣᠯᠪᠠ᠃       ᠶᠢᠨ ᠴᠦᠨ ᠯᠢᠶᠠᠩ ᠤᠷᠢᠳ ᠬᠤᠵᠢᠳ ᠢ ᠰᠢᠩ ᠶᠤᠸᠠᠨ ᠲᠣᠰᠬᠤᠨ ᠪᠣᠯᠤᠨ ᠵᠦᠩ ᠶᠦᠩ ᠡᡁᠧ ᠴᠢᠤᠸᠠᠨ ᠲᠣᠰᠬᠤᠨ ᠳᠤ ᠭᠦᠨᠵᠡᠭᠡᠶᠢᠷᠡᠨ ᠬᠢᠲᠠᠳ ᠮᠣᠩᠭᠤᠯ ᠡᠮ ᠤᠨ ᠮᠠᠲ᠋ᠧᠷᠢᠶᠠᠯ ᠲᠠᠷᠢᠬᠤ ᠵᠡᠷᠭᠡ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ ᠲᠠᠷᠢᠮᠠᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠨᠠᠷᠢᠨ ᠶᠠᠷᠢᠯᠴᠠᠵᠤ᠂ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠰᠠᠭᠤᠷᠢᠨ ᠭᠠᠵᠠᠷ ᠤᠨ ᠲᠠᠷᠢᠮᠠᠯ ᠤᠨ ᠵᠠᠭᠪᠤᠷ᠂ ᠲᠠᠷᠢᠮᠠᠯ ᠤᠨ ᠠᠬᠢᠴᠠ᠂ ᠪᠣᠷᠣᠯᠠᠭᠤᠯᠭ᠎ᠠ ᠪᠠ ᠠᠰᠢᠭ ᠣᠷᠣᠯᠭ᠎ᠠ ᠵᠢᠴᠢ ᠶᠠᠳᠠᠭᠤ ᠬᠦᠴᠢᠷᠳᠡᠯᠲᠡᠶ ᠡᠷᠦᠬᠡ ᠶᠢᠨ ᠠᠰᠢᠭ ᠲᠤᠰᠠ ᠯᠤᠭ᠎ᠠ ᠬᠤᠯᠪᠣᠯᠳᠤᠬᠤ ᠲᠣᠭᠲᠠᠴᠠ ᠵᠡᠷᠭᠡ ᠪᠣᠳᠠᠲᠠᠶ ᠪᠠᠶᠢᠳᠠᠯ ᠢ ᠭᠦᠢᠴᠡᠳ ᠣᠶᠢᠯᠭᠠᠭᠰᠠᠨ ᠪᠥᠭᠡᠳ ᠬᠤᠨᠴᠢᠷ᠂ ᠵᠦᠯᠭᠡᠨ ᠴᠢᠮᠡᠭ ᠵᠡᠷᠭᠡ ᠬᠢᠲᠠᠳ ᠡᠮ ᠤᠨ ᠮᠠᠲ᠋ᠧᠷᠢᠶᠠᠯ ᠤᠨ ᠤᠷᠭᠤᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠪᠡ᠃       ᠶᠢᠨ ᠴᠦᠨ ᠯᠢᠶᠠᠩ ᠵᠢᠭᠠᠵᠤ ᠭᠠᠷᠭᠠᠭᠰᠠᠨ ᠨᠢ᠂ ᠦᠴᠤᠸᠠᠨ ᠰᠢᠶᠠᠨ ᠨᠢᠭᠡᠨᠲᠡ ᠶᠠᠳᠠᠭᠤ ᠠᠴᠠ ᠠᠩᠭᠢᠵᠢᠷᠠᠪᠠ ᠂ ᠣᠳᠣᠬᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠪᠦᠬᠦ ᠬᠦᠴᠦᠨ ᠢᠶᠠᠷ ᠪᠠᠬᠢᠵᠢᠭᠦᠯᠦᠨ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠳᠠᠬᠢᠨ ᠶᠠᠳᠠᠭᠤᠷᠠᠬᠤ᠂ ᠵᠠᠬ᠎ᠠ ᠬᠢᠵᠠᠭᠠᠷ ᠡᠷᠦᠬᠡ ᠶᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠶ᠂ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ᠰᠡᠳᠬᠢᠴᠡ ᠪᠠᠨ ᠥᠷᠭᠡᠳᠬᠡᠬᠦ ᠬᠡᠷᠡᠭᠲᠡᠶ᠃ ᠦᠴᠤᠸᠠᠨ ᠰᠢᠶᠠᠨ ᠤ ︽ᠳᠦᠷᠪᠡᠨ ᠠᠵᠤ ᠦᠢᠯᠡᠰ ᠤᠨ ᠬᠡᠯᠬᠢᠶ᠎ᠡ︾ ᠶᠢᠨ ᠲᠣᠭᠤᠷᠢᠨ ᠳᠤ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠬᠠᠮᠢᠶ᠎ᠠ ᠪᠦᠬᠦᠢ ᠶᠠᠳᠠᠭᠤ ᠶᠢ ᠲᠡᠳᠬᠦᠬᠦ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ ᠳᠠᠶᠢᠴᠢᠯᠠᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠰᠬᠤᠨ ᠪᠠ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠠᠰᠢᠭ ᠲᠤᠰᠠ ᠯᠤᠭ᠎ᠠ ᠬᠤᠯᠪᠣᠯᠳᠤᠬᠤ ᠲᠣᠭᠲᠠᠴᠠ ᠶᠢ ᠴᠢᠨᠠᠭᠰᠢᠳᠠ ᠨᠢᠭᠲᠠᠷᠠᠭᠤᠯᠵᠤ᠂ ᠣᠯᠠᠨ ᠠᠷᠭ᠎ᠠ ᠵᠠᠮ ᠢᠶᠠᠷ ᠶᠠᠳᠠᠭᠤ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠦᠷᠭᠦᠯᠵᠢᠯᠡᠨ ᠣᠷᠣᠯᠭ᠎ᠠ ᠪᠠᠨ ᠨᠡᠮᠡᠭᠳᠡᠭᠦᠯᠵᠦ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃ ︵ᠳ᠋ᠤᠸᠠᠨ ᠴᠢ ᠹᠧᠩ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号