ᠦᠴᠤᠸᠠᠨ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ 2019 ᠣᠨ ᠤ ᠭᠤᠷᠪᠠᠳᠤᠭᠠᠷ ᠪᠦᠯᠦᠭ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠶᠢᠨ ᠲᠥᠷᠥᠯ ᠵᠦᠢᠯ ᠤᠨ ᠨᠡᠶᠢᠲᠡᠯᠡᠯ
ᠨᠡᠶᠢᠲᠡᠯᠡᠭᠰᠡᠨ ᠴᠠᠭ᠄
2019/9/10
     ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ 2019 ᠣᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠠᠯᠠ ᠮᠥᠩᠭᠦ ︵ᠭᠤᠷᠪᠠᠳᠤᠭᠠᠷ ᠪᠦᠯᠦᠭ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ︶ ᠵᠢᠴᠢ ᠲᠥᠷᠥᠯ ᠵᠦᠢᠯ ᠢ ᠳᠠᠩᠰᠠᠯᠠᠬᠤ ᠠᠵᠢᠯ ᠢ ᠰᠠᠶᠢᠲᠤᠷ ᠬᠢᠬᠦ ᠮᠡᠳᠡᠭᠳᠡᠯ ︵ᠬᠦᠬᠡᠬᠤᠲᠠ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠠᠷᠬᠠᠭᠠᠭᠰᠠᠨ ︹ 2019 ︺ 25 ᠳ᠋ᠤᠭᠠᠷ ᠲᠣᠭᠠᠲᠤ ︶ ᠢ ᠦᠨᠳᠦᠰᠦᠯᠡᠨ᠂ ᠦᠴᠤᠸᠠᠨ ᠰᠢᠶᠠᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠶᠢ 20 ᠲᠦᠮᠡᠨ ᠲᠥᠭᠦᠷᠢᠭ ᠪᠠᠭᠤᠯᠭᠠᠪᠠ᠃ ᠪᠠᠯᠠ ᠮᠥᠩᠭᠦ ᠶᠢᠨ ᠲᠣᠬᠢᠷᠠᠭᠤᠯᠤᠯᠲᠠ ᠨᠢ ᠭᠤᠤᠯᠳᠠᠭᠤ ︽︿ᠠᠷᠪᠠᠨ ᠭᠤᠷᠪᠠᠳᠤᠭᠠᠷ ᠲᠠᠪᠤᠨ ᠵᠢᠯ﹀ ᠤᠨ ᠦᠨᠳᠦᠰᠦᠲᠡᠨ ᠤ ᠭᠠᠵᠠᠷ ᠣᠷᠣᠨ ᠪᠠ ᠬᠥᠮᠥᠨ ᠠᠮᠠ ᠪᠠᠷ ᠴᠥᠭᠡᠪᠲᠦᠷ ᠦᠨᠳᠦᠰᠦᠲᠡᠨ ᠤ ᠬᠥᠭᠵᠢᠯᠲᠡ ᠶᠢ ᠠᠬᠢᠭᠤᠯᠬᠤ ᠲᠥᠯᠥᠪᠵᠢᠭᠦᠯᠪᠡ︾ ᠵᠢᠴᠢ ︽ᠬᠦᠬᠡᠬᠤᠲᠠ ᠶᠢᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠳᠠᠬᠢ ᠦᠨᠳᠦᠰᠦᠲᠡᠨ ᠤ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠵᠡᠷᠭᠡ ᠶᠢ ᠭᠦᠨᠵᠡᠭᠡᠶ ᠲᠦᠯᠬᠢᠨ   ᠠᠬᠢᠭᠤᠯᠬᠤ ᠳᠤ ᠬᠡᠷᠡᠭᠯᠡᠨ᠎ᠡ᠃ ᠬᠤᠲᠠ ᠵᠢᠨ‌ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠲᠥᠷᠥᠯ ᠵᠦᠢᠯ ᠢ ᠬᠡᠷᠡᠭᠯᠡᠬᠦ ᠵᠢᠯᠣᠭᠤᠳᠬᠤ ᠰᠠᠨᠠᠯ ᠪᠣᠯᠤᠨ ᠮᠠᠨ ᠤ ᠰᠢᠶᠠᠨ ᠤ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠣᠰᠬᠤᠨ ᠤ ᠪᠣᠳᠠᠲᠤ  ᠪᠠᠶᠢᠳᠠᠯ ᠲᠠᠢ ᠤᠶᠠᠯᠳᠤᠭᠤᠯᠤᠨ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠣᠰᠬᠤᠨ ᠤ ᠵᠥᠪᠯᠡᠯ ᠤᠨ ᠰᠠᠨᠠᠯ ᠢ ᠬᠤᠷᠢᠶᠠᠵᠤ᠂ ᠵᠥᠪᠯᠡᠯ ᠤᠨ ᠶᠠᠪᠤᠳᠠᠯ ᠤᠨ ᠬᠤᠷᠠᠯ ᠠᠴᠠ ᠰᠤᠳᠤᠯᠬᠤ ᠶᠢᠨ ᠬᠠᠮᠲᠤ ᠰᠢᠶᠠᠨ ᠤ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠵᠦ᠂ 20 ᠲᠦᠮᠡᠨ ᠲᠥᠭᠦᠷᠢᠭ ᠢ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠬᠦ ᠠᠵᠢᠯ ᠳᠤ  ᠬᠡᠷᠡᠭᠯᠡᠬᠦ ᠪᠠᠷ ᠲᠣᠭᠲᠠᠪᠠ᠃  ᠲᠥᠷᠦᠯ ᠵᠦᠢᠯ ᠤᠨ ᠠᠭᠤᠯᠭ᠎ᠠ ᠨᠢ᠄      ᠳᠡᠭᠡᠷ᠎ᠡ ᠲᠣᠬᠤᠢ ᠰᠢᠶᠠᠩ ᠤᠨ ᠳ᠋ᠦᠩ ᠹᠠᠩ ᠽᠢ ᠲᠤᠰᠬᠤᠨ ᠤ ᠵᠥᠪᠯᠡᠯ ᠤᠨ ᠪᠠᠷᠠᠭᠤᠨ ᠵᠢᠷᠭᠠᠯᠠᠩᠲᠤ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠣᠰᠬᠤᠨ ᠠᠴᠠ ᠬᠤᠸᠠᠩ ᠲᠤ ᠫᠦᠸᠧ ᠬᠦᠷᠬᠦ ᠬᠠᠶᠢᠷ ᠴᠢᠯᠠᠭᠤᠨ ᠵᠠᠮ ᠤᠨ ᠲᠥᠷᠥᠯ  ᠵᠦᠢᠯ ︵20 ᠲᠦᠮᠡᠨ ᠲᠥᠭᠦᠷᠢᠭ︶      ᠳ᠋ᠦᠩ ᠹᠠᠩ ᠽᠢ ᠲᠤᠰᠬᠤᠨ ᠤ ᠵᠥᠪᠯᠡᠯ ᠤᠨ ᠪᠠᠷᠠᠭᠤᠨ ᠵᠢᠷᠭᠠᠯᠠᠩᠲᠤ ᠭᠠᠴᠠᠭ᠎ᠠ ᠪᠣᠯ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭ᠎ᠠ ᠲᠤᠰᠬᠤᠨ ᠪᠣᠯᠤᠨ᠎ᠠ᠂ ᠲᠤᠰ ᠲᠤᠰᠬᠤᠨ ᠤ ᠡᠷᠦᠬᠡ ᠠᠮᠠ ᠶᠢᠨ ᠳᠠᠩᠰᠠ ᠲᠠᠢ ᠬᠥᠮᠦᠨ ᠠᠮᠠ ᠨᠢ 31 ᠡᠷᠦᠬᠡ᠂ 115 ᠬᠥᠮᠦᠨ᠂ ᠡᠭᠦᠨ ᠳᠤ ᠴᠥᠭᠡᠨ ᠲᠣᠭᠠᠲᠤ ᠦᠨᠳᠦᠰᠦᠲᠡᠨ 11 ᠡᠷᠦᠬᠡ᠂ 31 ᠬᠥᠮᠦᠨ ᠪᠠᠶᠢᠨ᠎ᠠ᠃ ᠲᠥᠷᠥᠯ ᠵᠦᠢᠯ ᠨᠢ ᠪᠠᠷᠠᠭᠤᠨ ᠵᠢᠷᠭᠠᠯᠠᠩᠲᠤ ᠲᠣᠰᠬᠤᠨ ᠠᠴᠠ ᠬᠤᠸᠠᠩ ᠲᠤ ᠫᠦᠸᠧ ᠬᠦᠷᠲᠡᠯ᠎ᠡ ᠪᠠᠷᠤᠭ 3 ᠺᠢᠯᠣᠮᠧᠲᠷ ᠤᠷᠲᠤ᠂ ᠵᠠᠮ ᠤᠨ ᠰᠠᠭᠤᠷᠢ ᠶᠢᠨ ᠥᠷᠭᠡᠨ ᠨᠢ 5 ᠮᠧᠲᠷ ᠤᠨ ᠬᠠᠶᠢᠷ ᠴᠢᠯᠠᠭᠤᠨ ᠵᠠᠮ ᠢ ᠵᠠᠰᠠᠵᠤ ᠨᠡᠪᠲᠡᠷᠡᠭᠦᠯᠬᠦ ᠪᠠᠷ ᠪᠠᠶᠢᠨ᠎ᠠ᠂ ᠵᠠᠷᠤᠳᠠᠯ ᠤᠨ ᠲᠥᠰᠦᠪ ᠨᠢ 20 ᠲᠦᠮᠡᠨ ᠲᠥᠭᠦᠷᠢᠭ ᠪᠣᠯᠤᠨ᠎ᠠ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ ᠪᠠᠷᠠᠭᠤᠨ ᠵᠢᠷᠭᠠᠯᠠᠩᠲᠤ ᠲᠣᠰᠬᠤᠨ ᠪᠣᠯᠤᠨ ᠬᠤᠸᠠᠩ ᠲᠤ ᠫᠦᠸᠧ ᠲᠣᠰᠬᠤᠨ ᠤ ᠣᠯᠠᠨ ᠲᠦᠮᠡᠨ ᠤ ᠶᠠᠪᠤᠵᠤ ᠰᠠᠭᠤᠬᠤ ᠳᠤ ᠬᠦᠴᠢᠷ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠡᠭᠡᠭᠡᠪᠦᠷᠢᠯᠡᠯᠲᠡ ᠳᠤ ᠳᠥᠭᠦᠮ ᠦᠵᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠵᠦ ᠪᠣᠯᠤᠨ᠎ᠠ᠃ ᠲᠥᠷᠥᠯ ᠵᠦᠢᠯ ᠤᠨ ᠠᠰᠢᠭ ᠢ ᠬᠦᠷᠲᠡᠭᠰᠡᠨ 2 ᠲᠣᠰᠬᠤᠨ ᠤ ᠪᠠᠶᠢᠩᠭᠤ ᠰᠠᠭᠤᠭ᠎ᠠ ᠡᠷᠦᠬᠡ 112 ᠡᠷᠦᠬᠡ 299 ᠬᠥᠮᠦᠨ᠂ ᠠᠰᠢᠭ ᠬᠦᠷᠲᠡᠭᠰᠡᠨ ᠶᠠᠳᠠᠭᠤ ᠬᠦᠴᠢᠷᠳᠡᠯᠲᠡᠶ 18 ᠡᠷᠦᠬᠡ 35 ᠬᠥᠮᠦᠨ᠂ ᠠᠰᠢᠭ ᠬᠦᠷᠲᠡᠭᠰᠡᠨ ᠴᠥᠭᠡᠨ ᠲᠣᠭᠠᠲᠤ ᠦᠨᠳᠦᠰᠦᠲᠡᠨ 13 ᠡᠷᠦᠬᠡ 40 ᠬᠥᠮᠦᠨ ᠪᠣᠯᠤᠨ᠎ᠠ᠃                                                                                              ᠦᠴᠤᠸᠠᠨ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ                                      2019 ᠣᠨ 8 ᠰᠠᠷ᠎ᠠ ᠶᠢᠨ 21 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号