ᠬᠦᠬᠡ ᠡᠷᠭᠢ ᠪᠠᠯᠭᠠᠰᠤ ᠺᠠᠳ᠋ᠷ ᠤᠨ ᠶᠡᠭᠡ ᠬᠤᠷᠠᠯ ᠬᠤᠷᠠᠯᠳᠤᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠷᠪᠠᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ
ᠨᠡᠶᠢᠲᠡᠯᠡᠭᠰᠡᠨ ᠴᠠᠭ᠄
2020/1/16
     1 ᠰᠠᠷ᠎ᠠ ᠶᠢᠨ 15 ᠤ ᠦᠳᠡ ᠶᠢᠨ ᠡᠮᠦᠨ᠎ᠡ᠂ ᠬᠦᠬᠡ ᠡᠷᠭᠢ ᠪᠠᠯᠭᠠᠰᠤ ᠺᠠᠳ᠋ᠷ ᠤᠨ ᠶᠡᠭᠡ ᠬᠤᠷᠠᠯ ᠬᠤᠷᠠᠯᠳᠤᠭᠤᠯᠵᠤ᠂ ᠪᠠᠯᠭᠠᠰᠤᠨ ᠤ ᠪᠥᠬᠦ ᠪᠠᠭ ᠤᠨ ᠪᠦᠷᠢᠯᠳᠦᠬᠦᠨ᠂ ᠪᠥᠬᠦ ᠪᠠᠯᠭᠠᠰᠤᠨ ᠤ ᠺᠠᠳ᠋ᠷ᠂ ᠨᠡᠶᠢᠭᠡᠮ ᠲᠣᠭᠤᠷᠢᠭ᠂ ᠲᠤᠰᠬᠤᠨ ᠤ ᠠᠷᠠᠳ ᠤᠨ ᠵᠥᠪᠯᠡᠯ ᠤᠨ ᠱᠦᠵᠢ᠂ ᠲᠣᠰᠬᠤᠨ ᠳᠤ ᠰᠠᠭᠤᠭ᠎ᠠ ︽ᠨᠢᠭᠡᠳᠦᠭᠡᠷ ᠱᠦᠵᠢ︾ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠠᠴᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠦᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠷᠪᠠᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠠᠯᠭᠠᠰᠤᠨ ᠤ 2019 ᠣᠨ ᠤ ᠠᠵᠢᠯ ᠳᠤ ᠳ᠋ᠦᠩᠨᠡᠯᠲᠡ ᠬᠢᠵᠦ᠂ ᠲᠠᠷᠠᠭᠠᠴᠢ ᠶᠢᠨ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠬᠢᠪᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ︾ ᠢ ᠳᠠᠭᠠᠭᠤᠯᠤᠨ ᠰᠤᠷᠤᠯᠴᠠᠪᠠ᠃ ᠰᠤᠷᠤᠯᠴᠠᠯᠭ᠎ᠠ ᠳᠠᠭᠤᠰᠤᠭᠰᠠᠨ ᠤ ᠳᠠᠷᠠᠭ᠎ᠠ᠂ ᠪᠠᠯᠭᠠᠰᠤᠨ ᠳᠠᠷᠤᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠪᠠᠯᠭᠠᠰᠤᠨ ᠳᠠᠷᠤᠭ᠎ᠠ ᠣᠶᠢᠷ᠎ᠠ ᠶᠢᠨ ᠬᠤᠭᠤᠴᠠᠭᠠᠨ ᠤ ᠴᠠᠭᠠᠨ ᠰᠠᠷ᠎ᠠ ᠶᠢᠨ ᠡᠭᠡᠯᠵᠢ ᠳᠠᠭᠠᠭᠤᠯᠤᠨ ᠵᠢᠵᠢᠭᠦᠷᠯᠡᠬᠦ᠂ ᠠᠶᠤᠯᠭᠦᠢ ᠦᠢᠯᠡᠳᠪᠦᠷᠢᠯᠡᠯ᠂ ᠶᠠᠳᠠᠭᠤ ᠶᠢ ᠲᠡᠳᠬᠦᠬᠦ ᠦᠷ᠎ᠡ ᠪᠦᠲᠦᠮᠵᠢ ᠶᠢ ᠬᠢᠨᠠᠨ ᠰᠢᠯᠭᠠᠬᠤ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号