ᠠᠮᠢᠲᠠᠨ ᠤ ᠬᠢᠵᠢᠭ ᠤᠨ ᠪᠠᠶᠢᠴᠠᠭᠠᠯᠲᠠ ᠳᠤ ᠮᠡᠳᠡᠬᠦ ᠴᠢᠬᠤᠯᠠᠲᠠᠢ ᠵᠣᠶᠢᠯ — ᠬᠢᠵᠢᠭ ᠪᠠᠶᠢᠴᠠᠭᠠᠬᠤ ᠲᠥᠷᠥᠯ ᠵᠣᠶᠢᠯ ᠪᠠ ᠦᠨᠳᠦᠰᠦᠨ ᠨᠥᠬᠦᠴᠡᠯ
ᠨᠡᠶᠢᠲᠡᠯᠡᠭᠰᠡᠨ ᠴᠠᠭ᠄
2020/10/28
     ᠨᠢᠭᠡ᠂ ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠲᠥᠷᠥᠯ ᠵᠦᠢᠯ ᠨᠢ ᠶᠠᠮᠠᠷ ᠬᠡᠳᠦᠨ ᠵᠦᠢᠯ ᠪᠠᠶᠢᠬᠤ ᠪᠤᠢ             ᠣᠳᠣᠬᠠᠨ ᠳᠤ ᠮᠠᠨ ᠤ ᠤᠯᠤᠰ ᠠᠮᠢᠲᠠᠨ ᠤ ᠬᠢᠵᠢᠭ ᠤᠨ ᠪᠠᠶᠢᠴᠠᠭᠠᠯᠲᠠ ᠶᠢ ᠭᠠᠷᠤᠯᠲᠠ ᠶᠢᠨ ᠭᠠᠵᠠᠷ ᠤᠨ  ᠬᠢᠵᠢᠭ ᠤᠨ ᠪᠠᠶᠢᠴᠠᠭᠠᠯᠲᠠ᠂ ᠨᠢᠲᠤᠯᠬᠤ ᠬᠢᠵᠢᠭ ᠤᠨ ᠪᠠᠶᠢᠴᠠᠭᠠᠯᠲᠠ ᠭᠡᠵᠦ ᠬᠤᠶᠠᠷ ᠵᠣᠶᠢᠯ ᠬᠤᠪᠢᠶᠠᠵᠤ ᠪᠠᠶᠢᠨ᠎ᠠ᠃  ᠭᠠᠷᠤᠯᠲᠠ ᠶᠢᠨ ᠭᠠᠵᠠᠷ ᠤᠨ ᠬᠢᠵᠢᠭ ᠤᠨ ᠪᠠᠶᠢᠴᠠᠭᠠᠯᠲᠠ ᠭᠡᠳᠡᠭ ᠨᠢ ᠬᠤᠳᠠᠯᠳᠤᠭᠰᠠᠨ ᠪᠤᠶᠤ ᠵᠦᠭᠡᠭᠡᠪᠦᠷᠢᠯᠡᠭᠰᠡᠨ  ᠠᠮᠢᠲᠠᠨ᠂ ᠠᠮᠢᠲᠠᠨ ᠪᠠᠶᠢᠭ᠎ᠠ ᠭᠠᠵᠠᠷ ᠤᠨ ᠬᠢᠨ ᠰᠢᠶᠠᠨ ᠤ ᠱᠠᠲᠤᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ  ᠲᠠᠯᠪᠢᠬᠤ ᠪᠠᠶᠢᠭᠤᠯᠤᠮᠵᠢ ᠶᠢᠨ ᠠᠯᠪᠠᠨ ᠤ ᠮᠠᠯ ᠡᠮᠨᠡᠯᠭᠡ ᠶᠢᠨ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠢ  ᠵᠢᠭᠠᠵᠤ᠂ ︽ᠠᠮᠢᠲᠠᠨ ᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ︾ ᠶᠢ ᠣᠯᠤᠭᠰᠠᠨ ᠤ ᠳᠠᠷᠠᠭ᠎ᠠ  ᠰᠠᠶ᠋ᠢ ᠭᠠᠷᠤᠯᠲᠠ ᠶᠢᠨ ᠭᠠᠵᠠᠷ ᠠᠴᠠ ᠪᠠᠨ ᠰᠠᠯᠵᠤ ᠪᠣᠯᠤᠨ᠎ᠠ︔ ᠨᠢᠲᠤᠯᠬᠤ ᠬᠢᠵᠢᠭ ᠤᠨ ᠪᠠᠶᠢᠴᠠᠭᠠᠯᠲᠠ ᠭᠡᠳᠡᠭ ᠨᠢ  ᠲᠠᠯᠠᠪᠤᠷ ᠠᠴᠠ ᠭᠠᠷᠬᠤ ︵ᠨᠢᠲᠤᠯᠬᠤ ᠲᠠᠯᠠᠪᠤᠷ︶ ᠠᠮᠢᠲᠠᠨ ᠤ ᠠᠰᠢᠭ ᠰᠢᠮ᠎ᠡ ᠶᠢ ᠵᠢᠭᠠᠵᠤ ᠪᠠᠶᠢᠨ᠎ᠠ᠂ ᠲᠤᠬᠠᠶ ᠶᠢᠨ  ᠭᠠᠵᠠᠷ ᠤᠨ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠲᠣᠮᠢᠯᠠᠨ ᠰᠠᠭᠤᠯᠭᠠᠭᠰᠠᠨ  ᠨᠢᠲᠤᠯᠬᠤ ᠭᠠᠵᠠᠷ ᠤᠨ ᠠᠯᠪᠠᠨ ᠤ ᠮᠠᠯ ᠡᠮᠨᠡᠯᠭᠡ ᠶᠢᠨ ᠬᠢᠵᠢᠭ ᠤᠨ ᠪᠠᠶᠢᠴᠠᠭᠠᠯᠲᠠ ᠲᠤ ᠬᠢᠷᠢ ᠲᠡᠩᠴᠡᠭᠰᠡᠨ ︵ᠮᠠᠨ ᠤ  ᠲᠤᠭᠤᠷᠢᠭ ᠤᠨ ᠦᠬᠡᠷ᠂ ᠬᠤᠨᠢ ᠢᠮᠠᠭ᠎ᠠ ᠶᠢ ᠠᠯᠪᠠᠨ ᠤ ᠮᠠᠯ ᠡᠮᠨᠡᠯᠭᠡ ᠶᠢᠨ ᠬᠢᠨ ᠲᠣᠭᠤᠷᠢᠨ ᠪᠠᠶᠢᠴᠠᠭᠠᠬᠤ ᠪᠠ  ᠰᠤᠭᠤᠯᠤᠨ ᠪᠠᠶᠢᠴᠠᠭᠠᠬᠤ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠶ︶᠂ ︽ᠠᠮᠢᠲᠠᠨ ᠤ ᠬᠢᠵᠢᠭ ᠤᠨ  ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ︾ ᠣᠯᠣᠭᠰᠠᠨ ᠢ ᠵᠢᠭᠠᠵᠤ᠂ ᠬᠢᠵᠢᠭ ᠪᠠᠶᠢᠴᠠᠭᠠᠭᠰᠠᠨ ᠲᠡᠮᠳᠡᠭ  ᠨᠡᠮᠡᠪᠡᠯ ᠰᠠᠶ᠋ᠢ ᠲᠠᠯᠠᠪᠤᠷ ᠠᠴᠠ ᠭᠠᠷᠴᠤ ᠪᠣᠯᠤᠨ᠎ᠠ᠃            ᠬᠤᠶᠠᠷ᠂ ᠠᠮᠢᠲᠠᠨ ᠤ ᠭᠠᠷᠤᠯᠲᠠ ᠶᠢᠨ ᠭᠠᠵᠠᠷ ᠤᠨ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠬᠦ ᠶᠢᠨ  ᠦᠨᠳᠦᠰᠦᠨ ᠨᠦᠭᠦᠴᠡᠯ ᠨᠢ ᠶᠠᠭᠤ ᠪᠤᠢ︖            1. ᠪᠢᠲᠡᠭᠦᠮᠵᠢᠯᠡᠭᠰᠡᠨ ᠪᠤᠰᠤ ᠣᠷᠣᠨ ᠠᠴᠠ ᠢᠷᠡᠭᠰᠡᠨ ᠪᠤᠶᠤ ᠬᠤᠯᠪᠣᠭᠳᠠᠯ ᠪᠦᠬᠦᠢ ᠠᠮᠢᠲᠠᠨ ᠤ ᠬᠢᠵᠢᠭ ᠤᠨ  ᠪᠠᠶᠢᠳᠠᠯ ᠡᠭᠦᠰᠦᠭᠰᠡᠨ ᠦᠭᠡᠢ ᠲᠡᠵᠢᠭᠡᠨ ᠠᠷᠠᠴᠢᠯᠠᠬᠤ ᠲᠠᠯᠠᠪᠠᠢ ᠠᠴᠠ ᠢᠷᠡᠭᠰᠡᠨ ︵ᠡᠷᠦᠬᠡ︶︔            2. ᠤᠯᠤᠰ ᠤᠨ ᠲᠣᠭᠲᠠᠭᠠᠯ ᠶᠣᠰᠣᠭᠠᠷ ᠠᠯᠪᠠᠳᠠᠯᠭ᠎ᠠ ᠪᠠᠷ ᠴᠠᠷᠤᠯᠲᠠ ᠬᠢᠯᠭᠡᠭᠰᠡᠨ ᠪᠥᠭᠡᠳ ᠪᠦᠲᠦᠮᠵᠢᠲᠡᠶ  ᠬᠠᠮᠠᠭᠠᠯᠠᠬᠤ ᠬᠤᠭᠤᠴᠠᠭᠠᠨ ᠳᠤ ᠪᠠᠶᠢᠬᠤ︔            3 .ᠡᠮᠴᠢᠯᠡᠭᠡᠨ ᠤ ᠪᠠᠶᠢᠴᠠᠭᠠᠯᠲᠠ ᠶᠢᠨ ᠡᠷᠡᠭᠦᠯ ᠮᠡᠨᠳᠦ︔            4. ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠲᠤᠷᠰᠢᠯᠲᠠ ᠶᠢᠨ ᠲᠠᠰᠤᠭ ᠤᠨ ᠬᠢᠵᠢᠭ ᠡᠪᠡᠳᠴᠢᠨ ᠢ  ᠰᠢᠯᠭᠠᠨ ᠪᠠᠶᠢᠴᠠᠭᠠᠬᠤ ᠴᠢᠬᠤᠯᠠᠲᠠᠶ ᠭᠡᠵᠦ ᠲᠣᠭᠲᠠᠭᠠᠭᠰᠠᠨ ᠪᠠᠶᠢᠪᠠᠯ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠨᠢ  ᠱᠠᠭᠠᠷᠳᠠᠯᠭ᠎ᠠ ᠳᠤ ᠨᠡᠶᠢᠴᠡᠨ᠎ᠡ︔            5 .ᠲᠡᠵᠢᠭᠡᠨ ᠦᠷᠡᠵᠢᠭᠦᠯᠬᠦ ᠲᠠᠩᠰᠠ ᠡᠪᠬᠡᠮᠡᠯ ᠤᠨ ᠬᠠᠮᠢᠶ᠎ᠠ ᠪᠥᠬᠦᠶ ᠲᠡᠮᠳᠡᠭᠯᠡᠯ ᠪᠠ ᠮᠠᠯ ᠵᠢᠭᠦᠷᠲᠡᠨ ᠤ  ᠢᠯᠭᠠᠬᠤ ᠲᠡᠮᠳᠡᠭ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ  ︔            6. ᠰᠠᠭᠠᠯᠢ ᠶᠢᠨ ᠠᠮᠢᠲᠠᠨ᠂ ᠦᠷ᠎ᠡ ᠶᠢᠨ ᠠᠮᠢᠲᠠᠨ ᠪᠠ ᠡᠩᠬᠦᠷᠡᠶ ᠠᠮᠢᠲᠠᠨ ᠨᠢ ᠪᠠᠰᠠ ᠲᠠᠷᠢᠶᠠᠯᠠᠩ ᠬᠥᠳᠡᠭᠡ  ᠲᠣᠰᠬᠤᠨ ᠤ ᠶᠠᠮᠤᠨ ᠤ ᠲᠣᠭᠲᠠᠭᠠᠭᠰᠠᠨ ᠡᠷᠡᠭᠦᠯ ᠮᠡᠨᠳᠦ ᠶᠢᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃            ᠭᠤᠷᠪᠠ᠂ ᠨᠢᠲᠤᠯᠬᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠬᠦ ᠶᠢᠨ ᠦᠨᠳᠦᠰᠦᠨ ᠨᠦᠭᠦᠴᠡᠯ ᠨᠢ  ᠶᠠᠭᠤ ᠪᠤᠢ            1. ᠨᠢᠲᠤᠯᠬᠤ ᠭᠡᠵᠦ ᠪᠠᠶᠢᠭ᠎ᠠ ᠠᠮᠢᠲᠠᠨ ᠨᠢ ︽ᠠᠮᠢᠲᠠᠨ ᠤ ᠬᠢᠵᠢᠭ ᠤᠨ ᠪᠠᠶᠢᠴᠠᠭᠠᠯᠲᠠ ᠳᠤ ᠬᠢᠷᠢ  ᠲᠡᠩᠴᠡᠭᠰᠡᠨ ᠭᠡᠷᠡᠴᠢ︾ ᠶᠢ ᠳᠠᠭᠠᠯᠳᠤᠭᠤᠯᠬᠤ ᠬᠡᠷᠡᠭᠲᠡᠶ ᠪᠥᠭᠡᠳ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ  ᠲᠣᠭᠲᠠᠭᠠᠭᠰᠠᠨ ᠮᠠᠯ ᠵᠢᠭᠦᠷᠲᠡᠨ ᠤ ᠢᠯᠡᠳᠬᠡᠭᠴᠢ ᠳᠡᠮᠳᠡᠭ ᠢ ᠵᠡᠭᠦᠬᠦ ᠬᠡᠷᠡᠭᠲᠡᠶ︔            2. ᠲᠤᠭᠲᠠᠭᠰᠠᠨ ᠬᠠᠯᠳᠠᠪᠤᠷᠢᠲᠤ ᠡᠪᠡᠳᠴᠢᠨ ᠪᠠ ᠰᠢᠮᠡᠭᠦᠷ ᠬᠤᠷᠣᠬᠠᠶᠢᠲᠤ ᠡᠪᠡᠳᠴᠢᠨ ᠦᠭᠡᠢ︔            3 . ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠣᠭᠲᠠᠭᠠᠭᠰᠠᠨ ᠨᠢᠲᠤᠯᠬᠤ ᠬᠢᠵᠢᠭ ᠪᠠᠶᠢᠴᠠᠭᠠᠬᠤ  ᠬᠤᠯᠪᠣᠭᠳᠠᠯ ᠪᠦᠬᠦᠢ ᠳᠦᠷᠢᠮ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃᡽            4. ᠲᠤᠷᠰᠢᠯᠲᠠ ᠶᠢᠨ ᠲᠠᠰᠤᠭ ᠤᠨ ᠬᠢᠵᠢᠭ ᠡᠪᠡᠳᠴᠢᠨ ᠢ ᠰᠢᠯᠭᠠᠨ ᠪᠠᠶᠢᠴᠠᠭᠠᠬᠤ ᠴᠢᠬᠤᠯᠠ ᠲᠠᠢ ᠪᠣᠯ  ᠰᠢᠯᠭᠠᠨ ᠪᠠᠶᠢᠴᠠᠭᠠᠭᠰᠠᠨ ᠦᠷ᠎ᠡ ᠳ᠋ᠦᠩ ᠨᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃            ᠳᠥᠷᠪᠡ᠂ ᠡᠪᠡᠳᠴᠢᠨ ᠢᠶᠠᠷ ᠥᠭᠦᠭᠰᠡᠨ ᠠᠮᠢᠲᠠᠨ ᠢ ᠲᠣᠭᠲᠠᠭᠠᠯ ᠶᠣᠰᠣᠭᠠᠷ ᠰᠢᠢᠳᠪᠦᠷᠢᠯᠡᠭᠰᠡᠨ ᠥᠬᠡᠶ  ᠪᠠᠶᠢᠪᠠᠯ᠂ ᠶᠠᠮᠠᠷ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠪᠣᠶ︖            ︽ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠶᠢᠨ ᠳᠠᠯᠠᠨ ᠲᠠᠪᠤᠳᠤᠭᠠᠷ ᠵᠦᠢᠯ ᠤᠨ ᠲᠣᠭᠲᠠᠭᠠᠯ ᠳᠤ᠂  ᠬᠢᠵᠢᠭ ᠬᠠᠯᠳᠠᠪᠤᠷᠢᠯᠠᠭᠰᠠᠨ ᠠᠮᠢᠲᠠᠨ ᠵᠢᠴᠢ ᠲᠡᠭᠦᠨ ᠤ ᠢᠯᠭᠠᠳᠠᠰᠤ᠂ ᠬᠢᠵᠢᠭ ᠬᠠᠯᠳᠠᠪᠤᠷᠢᠯᠠᠭᠰᠠᠨ ᠠᠮᠢᠲᠠᠨ ᠤ ᠠᠰᠢᠭ  ᠰᠢᠮ᠎ᠡ᠂ ᠡᠪᠡᠳᠴᠢᠨ ᠢᠶᠠᠷ ᠦᠬᠦᠭᠰᠡᠨ ᠪᠤᠶᠤ ᠦᠬᠦᠭᠰᠡᠨ ᠰᠢᠯᠲᠠᠭᠠᠨ ᠨᠢ ᠲᠣᠳᠣᠷᠬᠠᠶ ᠦᠭᠡᠢ ᠠᠮᠢᠲᠠᠨ ᠤ ᠬᠡᠭᠦᠷ ᠢ  ᠲᠣᠭᠲᠠᠭᠠᠯ ᠶᠣᠰᠣᠭᠠᠷ ᠰᠢᠢᠳᠪᠦᠷᠢᠯᠡᠭᠰᠡᠨ ᠦᠭᠡᠢ ᠪᠠᠶᠢᠪᠠᠯ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ  ᠲᠠᠯᠪᠢᠬᠤ ᠪᠠᠶᠢᠭᠤᠯᠤᠮᠵᠢ ᠠᠴᠠ ᠵᠠᠷᠯᠢᠭᠳᠠᠵᠤ ᠪᠠᠶᠢᠭᠠᠳ ᠬᠤᠤᠷ ᠦᠭᠡᠶᠢᠵᠢᠬᠦᠯᠦᠨ  ᠰᠢᠢᠳᠪᠦᠷᠢᠯᠡᠵᠦ᠂ ᠬᠡᠷᠡᠭᠰᠡᠬᠦ  ᠵᠠᠷᠤᠳᠠᠯ ᠢ ᠬᠠᠤᠯᠢ ᠶᠢ ᠵᠥᠷᠢᠴᠡᠭᠰᠡᠨ ᠠᠵᠢᠯᠯᠠᠭᠠᠲᠤ ᠬᠥᠮᠦᠨ ᠡᠭᠦᠷᠭᠡᠯᠡᠨ᠎ᠡ᠂ ᠭᠤᠷᠪᠠᠨ ᠮᠢᠩᠭᠠᠨ ᠲᠥᠭᠦᠷᠢᠭ ᠠᠴᠠ  ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠵᠦ ᠪᠣᠯᠤᠨ᠎ᠠ᠃
 
ᠢᠷᠡᠯᠲᠡ᠄ ᠰᠢᠨ᠎ᠠ ᠬᠤᠳᠠ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号