ᠰᠢᠶᠠᠨ ᠤ ᠤᠯᠤᠰ ᠲᠥᠷᠥ ᠶᠢᠨ ᠵᠥᠪᠯᠡᠯᠭᠡᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠠᠷᠠᠳᠴᠢᠯᠠᠯ ᠢᠶᠠᠷ ᠦᠨᠡᠯᠡᠯᠲᠡ ᠬᠢᠪᠡ
ᠨᠡᠶᠢᠲᠡᠯᠡᠭᠰᠡᠨ ᠴᠠᠭ᠄
2020/10/30
     10 ᠰᠠᠷ᠎ᠠ ᠶᠢᠨ 23 ᠤ ᠡᠳᠦᠷ᠂ ᠦᠴᠤᠸᠠᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠬᠤᠷᠠᠯ ᠬᠤᠷᠠᠯᠳᠤᠭᠤᠯᠵᠤ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠠᠵᠢᠯ ᠳᠤ ᠠᠷᠠᠳᠴᠢᠯᠠᠯ ᠢᠶᠠᠷ ᠦᠨᠡᠯᠡᠯᠲᠡ ᠬᠢᠪᠡ᠃      ᠬᠤᠷᠠᠯ ᠢ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠯᠢ ᠰᠢᠶᠠ ᠡᠷᠬᠢᠯᠡᠵᠦ᠂ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠬᠡᠰᠡᠭ ᠭᠡᠰᠢᠭᠦᠳ ᠣᠷᠣᠯᠴᠠᠪᠠ᠃ ᠠᠷᠠᠳ ᠤᠨ ᠶᠠᠪᠤᠳᠠᠯ ᠤᠨ ᠲᠣᠪᠴᠢᠶ᠎ᠠ ᠦᠨᠡᠯᠡᠨ ᠶᠠᠷᠢᠯᠴᠠᠬᠤ ᠠᠭᠤᠯᠭ᠎ᠠ ᠶᠢᠨ ᠲᠣᠭᠤᠷᠢᠨ ᠳᠤ ᠡᠭᠦᠷᠭᠡ ᠴᠢᠳᠠᠪᠤᠷᠢ ᠶᠢᠨ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠦ᠂ ᠦᠨᠡᠯᠡᠨ ᠶᠠᠷᠢᠯᠴᠠᠬᠤ ᠳᠤᠭᠤᠶᠢᠯᠠᠩ ᠤᠨ ᠪᠦᠷᠢᠯᠳᠦᠬᠦᠨ ᠵᠥᠪᠯᠡᠨ ᠶᠠᠷᠢᠯᠴᠠᠭᠰᠠᠨ ᠰᠠᠨᠠᠯ ᠳᠤᠷᠠᠳᠴᠤ᠂ ᠠᠷᠠᠳ ᠤᠨ ᠶᠠᠪᠤᠳᠠᠯ ᠤᠨ ᠲᠣᠪᠴᠢᠶᠠᠨ ᠤ ᠤᠳᠤᠷᠢᠳᠤᠯᠭ᠎ᠠ ᠠᠴᠠ ᠲᠤᠬᠠᠶ ᠶᠢᠨ ᠲᠠᠯᠠᠪᠠᠢ ᠳᠤ ᠬᠠᠷᠢᠭᠤᠯᠲᠠ ᠥᠭᠴᠡᠶ︔ ᠬᠠᠮᠤᠭ ᠪᠦᠭᠦᠳᠡ ᠰᠡᠭᠦᠯ ᠳᠤ ᠠᠷᠠᠳᠴᠢᠯᠠᠯ ᠢᠶᠠᠷ ᠰᠢᠯᠭᠠᠨ ᠦᠨᠡᠯᠡᠬᠦ ᠶᠢ ᠥᠷᠨᠢᠭᠦᠯᠪᠡ᠃      ᠲᠥᠯᠥᠭᠡᠯᠡᠭᠴᠢ ᠵᠠᠩ ᠯᠢ ᠰᠢᠶᠠ ᠶᠢᠨ ᠦᠨᠡᠯᠡᠨ ᠶᠠᠷᠢᠯᠴᠠᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ᠂ ᠠᠷᠠᠳ ᠤᠨ ᠶᠠᠪᠤᠳᠠᠯ ᠤᠨ ᠲᠣᠪᠴᠢᠶ᠎ᠠ ᠳᠡᠭᠡᠳᠦ ᠱᠠᠲᠤᠨ ᠤ ᠰᠠᠯᠠᠭ᠎ᠠ ᠮᠥᠴᠢᠷ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠬᠡᠮᠵᠢᠶᠡᠨ ᠤ ᠪᠦᠲᠦᠮᠵᠢᠲᠡᠶ ᠠᠵᠢᠯ ᠬᠢᠵᠡᠶ᠃ ᠢᠯᠠᠩᠭᠤᠶ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ ᠦᠨᠳᠦᠰᠦᠨ ᠵᠦᠢᠯ ᠢ ᠪᠠᠲᠤᠯᠠᠬᠤ ᠠᠵᠢᠯ ᠳᠤᠮᠳᠠ᠂ ᠮᠠᠰᠢ ᠶᠡᠭᠡ ᠠᠮᠵᠢᠯᠲᠠ ᠣᠯᠵᠠᠶ᠂ ᠡᠳᠡᠭᠡᠷ ᠠᠮᠵᠢᠯᠲᠠ ᠶᠢ ᠣᠯᠤᠭᠰᠠᠨ ᠨᠢ ᠰᠢᠶᠠᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤ ᠂ ᠡᠯ᠎ᠡ ᠰᠠᠯᠠᠭ᠎ᠠ ᠮᠥᠴᠢᠷ ᠤᠨ ᠢᠳᠡᠪᠬᠢᠲᠡᠢ ᠬᠠᠮᠵᠢᠯᠴᠠᠭ᠎ᠠ᠂ ᠠᠷᠠᠳ ᠤᠨ ᠶᠠᠪᠤᠳᠠᠯ ᠤᠨ ᠲᠣᠪᠴᠢᠶᠠᠨ ᠤ ᠤᠳᠤᠷᠢᠳᠬᠤ ᠺᠠᠳ᠋ᠷ ᠤᠨ ᠬᠠᠮᠲᠤ ᠶᠢᠨ ᠴᠢᠷᠮᠠᠶᠢᠯᠭ᠎ᠠ ᠠᠴᠠ ᠪᠣᠯᠵᠠᠶ᠃ ᠠᠷᠠᠳ ᠤᠨ ᠶᠠᠪᠤᠳᠠᠯ ᠤᠨ ᠲᠣᠪᠴᠢᠶ᠎ᠠ ᠳᠠᠷᠠᠭ᠎ᠠ ᠠᠯᠬᠤᠮ ᠤᠨ ᠠᠵᠢᠯ ᠤᠨ ᠳᠤᠮᠳᠠ ᠪᠠᠨ᠂ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠠᠲᠤᠯᠠᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠴᠠᠭ ᠢᠮᠠᠭᠲᠠ  ᠰᠡᠷᠡᠮᠵᠢᠲᠠᠢ ᠪᠠᠶᠢᠵᠤ᠂ ᠠᠷᠢᠭᠤᠨ ᠴᠢᠭᠡᠴᠢ ᠪᠠᠷ ᠪᠡᠶ᠎ᠡ ᠪᠠᠨ ᠪᠠᠷᠢᠬᠤ ᠶᠢ ᠪᠠᠲᠤᠯᠠᠬᠤ ᠬᠡᠷᠡᠭᠲᠡᠶ︔ ᠬᠤᠶᠠᠷ ᠲᠤ᠂ ᠲᠤᠬᠠᠶᠢᠯᠠᠭᠰᠠᠨ ᠠᠵᠢᠯ ᠤᠨ ᠠᠵᠢᠯᠳᠠᠨ ᠤ ᠪᠣᠯᠪᠠᠰᠤᠷᠠᠯ ᠬᠥᠮᠦᠵᠢᠯ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︔ ᠭᠤᠷᠪᠠ ᠳᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠣᠶᠢᠯᠠᠭᠠᠯᠲᠠ ᠪᠠ ᠳᠡᠮᠵᠢᠯᠭᠡ ᠶᠢ ᠤᠯᠬᠤ ᠪᠠᠷ ᠴᠢᠷᠮᠠᠶᠢᠬᠤ ᠬᠡᠷᠡᠭᠲᠡᠶ᠃ ᠡᠨᠡ ᠤᠳᠠᠭᠠᠨ ᠤ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠠᠵᠢᠯ ᠢᠶᠠᠷ ᠲᠣᠬᠢᠶᠠᠯ ᠪᠣᠯᠭᠠᠵᠤ ᠂ ᠠᠵᠢᠯ ᠤᠨ ᠳᠤᠮᠳᠠᠬᠢ ᠬᠦᠷᠦᠯᠴᠡᠬᠦ ᠦᠭᠡᠶ ᠲᠠᠯ᠎ᠠ ᠪᠠᠨ ᠰᠠᠨᠠᠭᠠᠴᠢᠯᠠᠭ᠎ᠠ ᠠᠴᠠ ᠪᠠᠨ ᠬᠠᠯᠠᠨ ᠰᠠᠶᠢᠵᠢᠷᠠᠭᠤᠯᠵᠤ᠂ ᠡᠯ᠎ᠡ ᠵᠦᠢᠯ ᠤᠨ ᠠᠵᠢᠯ ᠢ ᠰᠢᠨ᠎ᠡ ᠨᠢᠭᠡᠨ ᠳᠡᠭᠲᠡᠷ ᠲᠤ ᠭᠠᠷᠭᠠᠬᠤ ᠬᠡᠷᠡᠭᠲᠡᠶ ᠭᠡᠪᠡ᠃ ᠬᠠᠮᠤᠭ ᠰᠡᠭᠦᠯ ᠳᠤ ᠨᠢ ᠵᠠᠩ ᠯᠢ ᠰᠢᠶᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠮᠠᠨ ᠤ ᠰᠢᠶᠠᠨ ᠤ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠩᠬᠠᠷᠴᠤ᠂ ᠪᠦᠬᠦ ᠰᠢᠶᠠᠨ ᠤ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠳᠤ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号