ᠶᠢᠨ ᠴᠦᠨ ᠯᠢᠶᠠᠩ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 13 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/19
     ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ   ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ ᠱᠢ ᠲᠠᠢ ᠹᠧᠩ ᠱᠦᠵᠢ᠂ ᠸᠠᠩ ᠯᠢ ᠰᠢᠶᠠ ᠱᠦᠵᠢ ᠶᠢᠨ ᠠᠷᠠᠳᠴᠢᠯᠠᠭᠰᠠ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠲᠠᠢ ᠬᠠᠷᠭᠤᠭᠤᠯᠬᠤ ᠶᠢᠨ ᠲᠤᠰᠠᠲᠠ᠂ 11 ᠰᠠᠷ᠎ᠠ ᠶᠢᠨ 12 ᠤᠨ ᠡᠳᠦᠷ᠂ ᠶᠢᠨ ᠴᠦᠨ ᠯᠢᠶᠠᠩ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 13 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠼᠤᠤ ᠽᠢ ᠯᠢ᠂ ᠸᠠᠩ ᠶᠤᠸᠠᠢ ᠬᠤᠩ᠂ ᠯᠢᠦᠢ ᡁᠢ ᠭᠠᠩ᠂ ᠵᠠᠩ ᠬᠠᠢ ᠲᠤᠤ᠂ ᠯᠢ ᠶᠢᠩ ᠴᠦᠨ᠂ ᠷᠧᠨ ᠶᠠᠨ ᠰᠢᠶᠠᠩ ᠵᠡᠷᠭᠡ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ 2014 ᠣᠨ ᠤ 9 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠳᠠᠯᠠᠬᠢ ᠲᠥᠪ ᠤᠨ ᠦᠨᠳᠦᠰᠦᠲᠡᠨ ᠤ ᠬᠤᠷᠠᠯ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ 2019 ᠣᠨ ᠤ 9 ᠰᠠᠷ᠎ᠠ ᠶᠢᠨ 27 ᠤ ᠡᠳᠦᠷ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ 2019 ᠣᠨ ᠤ 7 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ ᠵᠢᠯᠤᠭᠤᠳᠤᠭᠰᠠᠨ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ︔ ᠶᠡᠷᠦᠩᠬᠡᠶ ᠱᠦᠵᠢ ᠰᠢ ᠶᠢᠨ ᠫᠢᠩ ᠤᠨ 2020 ᠣᠨ ᠤ 5 ᠳ᠋ᠤᠭᠠᠷ ᠰᠠᠷ᠎ᠠ ᠶᠢᠨ 22 ᠤᠨ ᠡᠳᠦᠷ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠥᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ   ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠲᠤᠬᠠᠶ ᠰᠠᠨᠠᠯ︾ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠵᠡᠶ᠃ ᠬᠤᠷᠠᠯ ᠠᠴᠠ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠬᠢᠨᠠᠨ ᠵᠥᠪᠯᠡᠪᠡ᠃ ︵ᠰᠤᠷᠪᠤᠯᠵᠢᠯᠠᠭᠴᠢ᠄ ᠲᠢᠶᠠᠨ ᠵᠢᠩ  ᠯᠢᠦ ᠰᠢᠶᠤᠤ ᠴᠢᠶᠠᠩ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号