ᠬᠠᠳᠠ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ︵ᠥᠷᠭᠡᠳᠬᠡᠭᠰᠡᠨ︶  ᠤᠨ 2020 ᠣᠨ ᠤ ᠠᠷᠪᠠᠨ ᠵᠢᠷᠭᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/3
     ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ ᠶᠢᠨ ᠲᠥᠯᠥᠭᠡ᠂ ᠲᠦᠷᠦᠭᠦᠬᠡᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠬᠠᠳᠠ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ︵ᠥᠷᠭᠡᠳᠬᠡᠭᠰᠡᠨ︶ ᠤᠨ 2020 ᠣᠨ ᠤ ᠠᠷᠪᠠᠨ ᠵᠢᠷᠭᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠬᠤ ᠬᠥᠮᠦᠰ ᠬᠤᠷᠠᠯ ᠳᠤ ᠣᠷᠣᠯᠴᠠᠵᠤ᠂ ᠰᠢᠶᠠᠨ ᠤ ᠡᠯ᠎ᠡ ᠵᠥᠪᠯᠡᠯ ᠠᠯᠪᠠᠨ ᠭᠡᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠰᠢᠶᠠᠩ ᠪᠠᠯᠭᠠᠰᠤ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠬᠥᠬᠡᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠢᠭᠡᠳᠦᠮᠡᠯ ᠹᠷᠣᠨᠲ ᠤᠨ ᠤᠨᠤᠯ ᠵᠢᠭᠠᠨ ᠰᠤᠳᠤᠯᠬᠤ ᠲᠠᠰᠤᠭ ᠤᠨ ᠳᠡᠳ᠋ ᠡᠷᠬᠢᠯᠡᠭᠴᠢ᠂ ᠳᠡᠳ᠋ ᠫᠷᠣᠹᠰᠰᠤᠷ ᠪᠠᠭᠠᠲᠤᠷ ᠢ ᠣᠨᠴᠠᠭᠠᠶᠢᠯᠠᠨ ᠤᠷᠢᠵᠤ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠴᠢᠩᠭᠠᠳᠬᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠪᠠᠭᠠᠲᠤᠷ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠ ᠵᠥᠪ ᠡᠬᠡ ᠣᠷᠤᠨᠴᠢ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠲᠦᠷᠦ ᠶᠢᠨ ᠨᠠᠮ ᠤᠨ ᠦᠵᠡᠯᠲᠡ᠂ ᠪᠠᠶᠢᠭᠤᠯᠤᠯ ᠤᠨ ᠦᠵᠡᠯᠲᠡ ᠶᠢ ᠪᠠᠲᠤ ᠪᠠᠬᠢ ᠪᠤᠢ ᠪᠤᠯᠭᠠᠬᠤ ᠵᠡᠷᠭᠡ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠵᠡᠢ᠃      ᠬᠠᠳᠠ ᠴᠢᠬᠤᠯᠠᠴᠢᠯᠠᠭᠰᠠᠨ ᠨᠢ᠂ ᠪᠦᠬᠦ ᠰᠢᠶᠠᠨ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠣᠭᠴᠠᠯᠠᠬᠤ ᠡᠨᠡ ᠬᠦ ᠭᠤᠣᠯ ᠰᠢᠵᠢᠮ ᠢ ᠴᠢᠩᠭ᠎ᠠ ᠠᠳᠬᠤᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠠᠮᠲᠤ ᠶᠢᠨ ᠴᠣᠭᠴᠠ ᠶᠢᠨ ᠤᠬᠠᠮᠰᠠᠷ ᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠳᠤᠮᠳᠠ ᠪᠠᠲᠤ ᠦᠨᠳᠦᠰᠦ ᠬᠠᠳᠬᠤᠭᠤᠯᠬᠤ ᠬᠡᠷᠡᠭᠲᠡᠢ ᠭᠡᠪᠡ᠃      ᠬᠠᠳᠠ ᠱᠠᠭᠠᠷᠳᠠᠭᠰᠠᠨ ᠨᠢ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ᠢᠯᠠᠩᠭᠤᠶ᠎ᠠ ᠲᠡᠭᠦᠨ ᠤ ᠳᠣᠲᠣᠷ᠎ᠠ ᠲᠤᠭᠤᠰᠢᠯᠠᠭᠳᠠᠵᠤ ᠪᠠᠶᠢᠭ᠎ᠠ ᠦᠨᠳᠦᠰᠦᠨ ᠤᠯᠤᠰ ᠲᠦᠷᠦ ᠶᠢᠨ ᠱᠠᠭᠠᠷᠳᠠᠯᠭ᠎ᠠ ᠶᠢ ᠰᠠᠶᠢᠲᠤᠷ ᠡᠵᠡᠮᠰᠢᠬᠦ ᠬᠡᠷᠡᠭᠲᠡᠢ᠃ ᠮᠠᠷᠺᠰ ᠤᠨ ᠦᠵᠡᠯ ᠤᠨ ᠦᠨᠳᠦᠰᠦᠲᠡᠨ ᠤ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠵᠥᠪ ᠲᠤᠭᠤᠰᠢᠯᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ ᠭᠡᠪᠡ᠃ ︵ᠰᠤᠷᠪᠤᠯᠵᠢᠯᠠᠭᠴᠢ ᠄ ᠭᠦᠸᠧ ᠯᠢ ᠴᠧᠨ ᠪᠥᠸᠧ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号