ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ — ᠭᠡᠷ ᠪᠠᠶᠢᠰᠢᠩ ᠲᠦᠷᠢᠶᠡᠰᠦᠯᠡᠬᠦ ᠭᠡᠷ᠎ᠡ ᠶᠢᠨ ᠬᠤᠯᠪᠤᠭᠳᠠᠯ ᠪᠦᠬᠦᠢ ᠠᠰᠠᠭᠤᠳᠠᠯ ᠤᠨ ᠡᠮᠬᠢᠳᠬᠡᠯ ︵ᠬᠤᠶᠠᠷ︶
ᠨᠡᠶᠢᠲᠡᠯᠡᠭᠰᠡᠨ ᠴᠠᠭ᠄
2020/11/3
     ᠬᠡᠰᠡᠭ ᠠᠵᠤ ᠠᠬᠤᠶᠢᠯᠠᠯ ᠡᠵᠡᠩᠨᠡᠬᠦ ᠶᠠᠪᠤᠴᠠ ᠳᠠᠭᠠᠨ ᠠᠵᠢᠯᠯᠠᠬᠤ ᠭᠠᠵᠠᠷ ᠲᠦᠷᠢᠶᠡᠰᠦᠯᠡᠬᠦ ᠠᠰᠠᠭᠤᠳᠠᠯ   ᠲᠤᠯᠭᠠᠷᠠᠵᠤ᠂ ᠡᠨᠡ ᠨᠢ ᠭᠡᠷ ᠪᠠᠶᠢᠰᠢᠩ ᠲᠦᠷᠢᠶᠡᠰᠦᠯᠡᠬᠦ ᠭᠡᠷ᠎ᠡ ᠲᠣᠭᠲᠠᠭᠠᠬᠤ ᠬᠤᠯᠪᠣᠭᠳᠠᠯ ᠪᠦᠬᠦᠢ ᠤᠴᠢᠷ  ᠶᠠᠪᠤᠳᠠᠯ ᠳᠤ ᠬᠤᠯᠪᠣᠭᠳᠠᠵᠤ ᠪᠠᠶᠢᠨ᠎ᠠ᠃ ᠭᠡᠷ ᠪᠠᠶᠢᠰᠢᠩ ᠲᠦᠷᠢᠶᠡᠰᠦᠯᠡᠬᠦ ᠭᠡᠷ᠎ᠡ ᠨᠢ ︽ᠪᠦᠭᠦᠳᠡ ᠨᠠᠶᠢᠷᠠᠮᠳᠠᠬᠤ  ᠳᠤᠮᠳᠠᠳᠤ ᠠᠷᠠᠳ ᠤᠯᠤᠰ ᠤᠨ ᠭᠡᠷ᠎ᠡ ᠶᠢᠨ ᠬᠠᠤᠯᠢ︾ ︵ᠳᠣᠷᠣᠭᠰᠢ ︽ᠭᠡᠷ᠎ᠡ ᠶᠢᠨ ᠬᠠᠤᠯᠢ︾ ᠭᠡᠵᠦ ᠲᠣᠪᠴᠢᠯᠠᠨ᠎ᠠ︶  ᠶᠢᠨ ᠠᠷᠪᠠᠨ ᠭᠤᠷᠪᠠᠳᠤᠭᠠᠷ ᠪᠦᠯᠦᠭ ᠲᠤ ᠲᠣᠭᠲᠠᠭᠠᠭᠰᠠᠨ ᠲᠦᠷᠢᠶᠡᠰᠦᠯᠡᠬᠦ ᠭᠡᠷ᠎ᠡ ᠶᠢᠨ ᠠᠶ ᠳᠤ ᠬᠠᠷᠢᠶᠠᠯᠠᠭᠳᠠᠨ᠎ᠠ᠂  ︽ᠭᠡᠷ᠎ᠡ ᠶᠢᠨ ᠬᠠᠤᠯᠢ︾ ᠶᠢᠨ ᠲᠤᠰᠬᠠᠢ ᠪᠦᠯᠦᠭ ᠨᠢ ᠲᠦᠷᠢᠶᠡᠰᠦᠯᠡᠬᠦ ᠭᠡᠷ᠎ᠡ ᠶᠢᠨ ᠲᠤᠬᠠᠢ ᠲᠣᠭᠲᠠᠭᠠᠯ ᠭᠠᠷᠭᠠᠵᠠᠢ᠃  ᠪᠢᠳᠡ ᠳᠡᠭᠡᠷ᠎ᠡ ᠨᠢᠭᠡ ᠬᠤᠭᠤᠴᠠᠭ᠎ᠠ ᠶᠢ ᠵᠠᠯᠭᠠᠭᠠᠳ ︽ᠭᠡᠷ᠎ᠡ ᠶᠢᠨ ᠬᠠᠤᠯᠢ︾ ᠳᠤ ᠲᠦᠷᠢᠶᠡᠰᠦᠯᠡᠯ ᠤᠨ ᠭᠡᠷ᠎ᠡ ᠶᠢᠨ  ᠲᠤᠬᠠᠢ ᠶᠠᠮᠠᠷ ᠶᠠᠮᠠᠷ ᠨᠠᠷᠢᠨ ᠲᠣᠭᠲᠠᠭᠠᠯ ᠭᠠᠷᠭᠠᠭᠰᠠᠨ ᠢ ᠣᠶᠢᠯᠠᠭᠠᠶ᠎ᠠ᠄              1᠂ ᠬᠡᠷ ᠪᠠᠶᠢᠰᠢᠩ ᠲᠦᠷᠢᠶᠡᠰᠦᠯᠡᠭᠦᠯᠦᠭᠴᠢ ᠳᠤ ᠶᠠᠮᠠᠷ ᠶᠠᠮᠠᠷ ᠡᠭᠦᠷᠭᠡ ᠲᠠᠢ ᠪᠣᠶ︖            ︽ᠭᠡᠷ᠎ᠡ ᠶᠢᠨ ᠬᠠᠤᠯᠢ︾ ᠶᠢᠨ 216 ᠳ᠋ᠤᠭᠠᠷ ᠵᠤᠷᠪᠤᠰ ᠲᠤ᠂ ︽ᠲᠦᠷᠢᠶᠡᠰᠦᠯᠡᠭᠦᠯᠦᠭᠴᠢ ᠨᠢ ᠪᠣᠯᠵᠣᠨ  ᠲᠣᠭᠲᠠᠭᠰᠠᠨ ᠶᠣᠰᠣᠭᠠᠷ ᠲᠦᠷᠢᠶᠡᠰᠦᠨ ᠡᠳ᠋ ᠢᠶᠠᠨ ᠲᠦᠷᠢᠶᠡᠰᠦᠯᠡᠭᠴᠢ ᠳᠤ ᠲᠤᠰᠢᠶᠠᠨ ᠥᠭᠬᠦ ᠶᠢᠨ ᠬᠠᠮᠲᠤ  ᠲᠦᠷᠢᠶᠡᠰᠦᠯᠡᠬᠦ ᠬᠤᠭᠤᠴᠠᠭᠠᠨ ᠳᠤ ᠲᠦᠷᠢᠶᠡᠰᠦᠨ ᠡᠳ᠋ ᠤᠨ ᠪᠣᠯᠵᠣᠨ ᠲᠣᠭᠲᠠᠭᠰᠠᠨ ᠬᠡᠷᠡᠭᠴᠡᠭᠡ ᠳᠤ ᠨᠡᠶᠢᠴᠡᠬᠦ ᠶᠢ  ᠪᠠᠲᠤᠯᠠᠬᠤ ᠬᠡᠷᠡᠭᠲᠡᠶ︾᠃            ᠳᠡᠭᠡᠷ᠎ᠡ ᠳᠤᠷᠠᠳᠤᠭᠰᠠᠨ ᠵᠦᠢᠯ ᠵᠤᠷᠪᠤᠰ ᠤᠨ ᠲᠤᠭᠲᠠᠭᠠᠯ ᠢ ᠦᠨᠳᠦᠰᠦᠯᠡᠨ ᠦᠢᠯᠡᠳᠦᠯᠭᠡ ᠲᠠᠢ  ᠤᠶᠠᠯᠳᠤᠭᠤᠯᠵᠤ᠂ ᠪᠢᠳᠡ ᠭᠡᠷ ᠪᠠᠶᠢᠰᠢᠩ ᠲᠦᠷᠢᠶᠡᠰᠦᠯᠡᠭᠦᠯᠦᠭᠴᠢ ᠶᠢᠨ ᠡᠭᠦᠷᠭᠡ ᠶᠢ ᠬᠤᠷᠢᠶᠠᠩᠭᠤᠶᠢᠯᠠᠵᠤ  ᠭᠤᠣᠯᠳᠠᠭᠤ ᠳᠣᠣᠷᠠᠬᠢ ᠬᠡᠳᠦᠨ ᠵᠦᠢᠯ ᠪᠠᠶᠢᠨ᠎ᠠ᠄            ︵1︶ ᠲᠦᠷᠢᠶᠡᠰᠦᠯᠡᠭᠦᠯᠦᠭᠰᠡᠨ ᠭᠡᠷ ᠪᠠᠶᠢᠰᠢᠩ ᠢ ᠲᠤᠰᠢᠶᠠᠨ ᠥᠭᠬᠦ ᠡᠭᠦᠷᠭᠡ᠄ ᠲᠦᠷᠢᠶᠡᠰᠦᠯᠡᠭᠦᠯᠦᠭᠴᠢ ᠨᠢ  ᠭᠡᠷ ᠪᠠᠶᠢᠰᠢᠩ ᠢ ᠲᠦᠷᠢᠶᠡᠰᠦᠯᠡᠬᠦ ᠭᠡᠷ᠎ᠡ ᠶᠢᠨ ᠪᠣᠯᠵᠣᠯ ᠶᠣᠰᠣᠭᠠᠷ ᠲᠦᠷᠢᠶᠡᠰᠦᠯᠡᠭᠦᠯᠦᠭᠰᠡᠨ ᠭᠡᠷ ᠪᠠᠶᠢᠰᠢᠩ ᠢᠶᠠᠨ   ᠲᠦᠷᠢᠶᠡᠰᠦᠯᠡᠭᠴᠢ ᠳᠤ ᠲᠤᠰᠢᠶᠠᠨ ᠥᠭᠴᠦ ᠡᠵᠡᠮᠰᠢᠭᠦᠯᠬᠦ᠂ ᠬᠡᠷᠡᠭᠯᠡᠭᠦᠯᠬᠦ ᠪᠠ ᠠᠰᠢᠭ ᠬᠦᠷᠲᠡᠭᠡᠬᠦ ᠬᠡᠷᠡᠭᠲᠡᠢ᠃            ︵2︶ ᠭᠡᠷ ᠪᠠᠶᠢᠰᠢᠩ ᠲᠦᠷᠢᠶᠡᠰᠦᠯᠡᠬᠦ ᠶᠢᠨ ᠪᠠᠲᠤᠯᠠᠬᠤ ᠡᠭᠦᠷᠭᠡ᠄ ᠲᠦᠷᠢᠶᠡᠰᠦᠯᠡᠭᠦᠯᠦᠭᠴᠢ ᠨᠢ  ᠲᠦᠷᠢᠶᠡᠰᠦᠨ ᠭᠡᠷ ᠪᠠᠶᠢᠰᠢᠩ ᠨᠢ ᠭᠡᠷ ᠪᠠᠶᠢᠰᠢᠩ ᠲᠦᠷᠢᠶᠡᠰᠦᠯᠡᠭᠦᠯᠬᠦ ᠭᠡᠷ᠎ᠡ ᠳᠤ ᠪᠣᠯᠵᠣᠨ ᠲᠣᠭᠲᠠᠭᠰᠠᠨ  ᠬᠡᠷᠡᠭᠴᠡᠭᠡ ᠳᠤ ᠨᠡᠶᠢᠴᠡᠭᠰᠡᠨ ᠪᠠᠶᠢᠬᠤ ᠬᠡᠷᠡᠭᠲᠡᠢ᠃            ︵3︶ ᠲᠦᠷᠢᠶᠡᠰᠦᠯᠡᠭᠰᠡᠨ ᠭᠡᠷ ᠪᠠᠶᠢᠰᠢᠩ ᠢ ᠰᠡᠯᠪᠢᠨ ᠵᠠᠰᠠᠬᠤ ᠡᠭᠦᠷᠭᠡ᠄ ᠲᠦᠷᠢᠶᠡᠰᠦᠯᠡᠭᠦᠯᠦᠭᠴᠢ ᠨᠢ  ᠲᠦᠷᠢᠶᠡᠰᠦᠯᠡᠭᠰᠡᠨ ᠭᠡᠷ ᠪᠠᠶᠢᠰᠢᠩ ᠢ ᠰᠡᠯᠪᠢᠨ ᠵᠠᠰᠠᠬᠤ ᠡᠭᠦᠷᠭᠡ ᠶᠢ ᠭᠦᠢᠴᠡᠳᠭᠡᠵᠦ᠂ ᠭᠡᠪᠡᠴᠦ ᠲᠤᠬᠠᠶ ᠶᠢᠨ ᠬᠥᠮᠦᠨ  ᠠᠰᠲᠠᠭᠠᠨ ᠪᠣᠯᠵᠣᠯ ᠲᠠᠢ ᠪᠠᠶᠢᠪᠠᠯ ᠡᠭᠦᠨ ᠳᠤ ᠪᠠᠭᠲᠠᠬᠤ ᠦᠭᠡᠢ᠃            ︵4︶ ᠭᠡᠷ ᠪᠠᠶᠢᠰᠢᠩ ᠲᠦᠷᠢᠶᠡᠰᠦᠯᠡᠭᠦᠯᠬᠦ ᠶᠢᠨ ᠡᠷᠬᠡ ᠶᠢᠨ ᠦ ᠰᠡᠪ ᠢ ᠪᠠᠲᠤᠯᠠᠬᠤ ᠡᠭᠦᠷᠭᠡ᠄  ᠲᠦᠷᠢᠶᠡᠰᠦᠯᠡᠭᠦᠯᠦᠭᠴᠢ ᠨᠢ ᠭᠡᠷ ᠪᠠᠶᠢᠰᠢᠩ ᠢᠶᠠᠨ ᠬᠠᠷᠢᠴᠠᠯᠠᠰᠢ ᠦᠭᠡᠢ ᠲᠦᠷᠢᠶᠡᠰᠦᠯᠡᠬᠦ ᠡᠷᠬᠡ ᠲᠠᠢ ᠪᠠᠶᠢᠬᠤ ᠶᠢ  ᠪᠠᠲᠤᠯᠠᠵᠤ᠂ ᠲᠦᠷᠢᠶᠡᠰᠦᠯᠡᠭᠦᠯᠦᠭᠴᠢ ᠨᠢ ᠲᠦᠷᠢᠶᠡᠰᠦᠯᠡᠬᠦ ᠭᠡᠷ ᠪᠠᠶᠢᠰᠢᠩ ᠢ ᠲᠦᠷᠢᠶᠡᠰᠦᠯᠡᠭᠴᠢ ᠳᠤ ᠲᠤᠰᠢᠶᠠᠨ  ᠦᠭᠭᠦᠭᠰᠡᠨ ᠤ ᠲᠠᠷᠠᠭ᠎ᠠ ᠭᠤᠷᠪᠠᠳᠠᠬᠢ ᠬᠥᠮᠦᠨ ᠨᠢ ᠲᠦᠷᠢᠶᠡᠰᠦᠯᠡᠬᠦ ᠭᠡᠷ ᠪᠠᠶᠢᠰᠢᠩ ᠳᠤ ᠡᠷᠬᠡ ᠡᠳ᠋ᠯᠡᠬᠦ ᠶᠢ  ᠵᠣᠷᠢᠭᠰᠠᠨ ᠠᠴᠠ ᠪᠤᠯᠵᠤ ᠲᠦᠷᠢᠶᠡᠰᠦᠯᠡᠭᠴᠢ ᠳᠤ ᠲᠦᠷᠢᠶᠡᠰᠦᠯᠡᠬᠦ ᠭᠡᠷ ᠪᠠᠶᠢᠰᠢᠩ ᠢ ᠡᠵᠡᠮᠰᠢᠬᠦ᠂ ᠬᠡᠷᠡᠭᠯᠡᠬᠦ᠂ ᠠᠰᠢᠭ ᠤᠯᠬᠤ ᠡᠭᠦᠷᠭᠡ ᠡᠳ᠋ᠯᠡᠭᠦᠯᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠶ᠃            2᠂ ᠭᠡᠷ ᠪᠠᠶᠢᠰᠢᠩ ᠲᠦᠷᠢᠶᠡᠰᠦᠯᠡᠭᠴᠢ ᠨᠢ ᠶᠠᠮᠠᠷ ᠶᠠᠮᠠᠷ ᠡᠭᠦᠷᠭᠡ ᠲᠠᠢ ᠪᠤᠢ︖            ︽ᠭᠡᠷ᠎ᠡ ᠶᠢᠨ ᠬᠠᠤᠯᠢ︾ ᠶᠢᠨ 217 ᠳ᠋ᠤᠭᠠᠷ ᠵᠤᠷᠪᠤᠰ ᠲᠤ᠄ ︽ᠲᠦᠷᠢᠶᠡᠰᠦᠯᠡᠭᠴᠢ ᠪᠣᠯᠵᠣᠨ ᠲᠣᠭᠲᠠᠭᠰᠠᠨ   ᠪᠠᠷ ᠲᠦᠷᠢᠶᠡᠰᠦᠨ ᠡᠳ᠋ ᠢ ᠬᠡᠷᠡᠭᠯᠡᠬᠦ ᠬᠡᠷᠡᠭᠲᠡᠢ᠃ ᠲᠦᠷᠢᠶᠡᠰᠦᠨ ᠡᠳ᠋ ᠢ ᠬᠡᠷᠡᠭᠯᠡᠬᠦ ᠠᠷᠭ᠎ᠠ ᠶᠢ ᠪᠣᠯᠵᠣᠨ  ᠲᠣᠭᠲᠠᠭᠰᠠᠨ ᠦᠭᠡᠢ ᠪᠤᠶᠤ ᠪᠣᠯᠵᠣᠨ ᠲᠣᠭᠲᠠᠭᠰᠠᠨ ᠨᠢ ᠲᠤᠳᠤᠷᠬᠠᠢ ᠦᠭᠡᠢ ᠪᠣᠯ ᠲᠤᠰ ᠬᠠᠤᠯᠢ ᠶᠢᠨ ᠵᠢᠷᠠᠨ  ᠨᠢᠭᠡᠳᠦᠭᠡᠷ ᠵᠤᠷᠪᠤᠰ ᠤᠨ ᠲᠣᠭᠲᠠᠭᠠᠯ ᠶᠣᠰᠣᠭᠠᠷ ᠮᠥᠨ ᠲᠣᠭᠲᠠᠭᠠᠵᠤ ᠳᠡᠶᠢᠯᠬᠦ ᠤᠢᠭᠡᠢ ᠪᠠᠶᠢᠪᠠᠯ᠂ ᠲᠦᠷᠢᠶᠡᠰᠦᠨ  ᠡᠳ᠋ ᠤᠨ ᠰᠢᠨᠵᠢ ᠴᠢᠨᠠᠷ ᠢ ᠦᠨᠳᠦᠰᠦᠯᠡᠨ ᠬᠡᠷᠡᠭᠯᠡᠬᠦ ᠬᠡᠷᠡᠭᠲᠡᠶ︾᠃     ᠳᠡᠭᠡᠷ᠎ᠡ ᠳᠤᠷᠠᠳᠤᠭᠰᠠᠨ ᠵᠦᠢᠯ ᠵᠤᠷᠪᠤᠰ ᠤᠨ ᠲᠤᠭᠲᠠᠭᠠᠯ ᠢ ᠦᠨᠳᠦᠰᠦᠯᠡᠨ ᠦᠢᠯᠡᠳᠦᠯᠭᠡ ᠲᠠᠢ  ᠤᠶᠠᠯᠳᠤᠭᠤᠯᠵᠤ᠂ ᠪᠢᠳᠡ ᠭᠡᠷ ᠪᠠᠶᠢᠰᠢᠩ ᠲᠦᠷᠢᠶᠡᠰᠦᠯᠡᠭᠴᠢ ᠶᠢᠨ ᠡᠭᠦᠷᠭᠡ ᠶᠢ ᠬᠤᠷᠢᠶᠠᠩᠭᠤᠶᠢᠯᠠᠵᠤ ᠭᠤᠣᠯᠳᠠᠭᠤ ᠳᠣᠣᠷᠠᠬᠢ ᠬᠡᠳᠦᠨ ᠵᠦᠢᠯ ᠪᠠᠶᠢᠨ᠎ᠠ᠄              ︵1︶ ᠲᠦᠷᠢᠶᠡᠰᠦᠯᠡᠬᠦ ᠭᠡᠷ ᠪᠠᠶᠢᠰᠢᠩ ᠢ ᠵᠦᠢ ᠶᠣᠰᠣᠨ ᠤ ᠬᠡᠷᠡᠭᠯᠡᠬᠦ ᠡᠭᠦᠷᠭᠡ᠄ ᠲᠦᠷᠢᠶᠡᠰᠦᠯᠡᠭᠴᠢ ᠨᠢ ᠭᠡᠷ  ᠪᠠᠶᠢᠰᠢᠩ ᠲᠦᠷᠢᠶᠡᠰᠦᠯᠡᠬᠦ ᠭᠡᠷ᠎ᠡ ᠳᠤ ᠪᠣᠯᠵᠣᠨ ᠲᠣᠭᠲᠠᠭᠰᠠᠨ ᠠᠷᠭ᠎ᠠ ᠪᠠᠷ ᠲᠦᠷᠢᠶᠡᠰᠦᠯᠡᠬᠦ ᠭᠡᠷ ᠪᠠᠶᠢᠰᠢᠩ ᠢ  ᠬᠡᠷᠡᠭᠯᠡᠬᠦ ᠬᠡᠷᠡᠭᠲᠡᠢ᠃            ︵2︶ ᠪᠣᠯᠵᠣᠨ ᠲᠣᠭᠲᠠᠭᠰᠠᠨ ᠨᠢ ᠲᠣᠳᠣᠷᠬᠠᠢ ᠦᠭᠡᠢ ᠦᠶ᠎ᠡ ᠶᠢᠨ ᠡᠭᠦᠷᠭᠡ᠄ ᠭᠡᠷ ᠪᠠᠶᠢᠰᠢᠩ  ᠲᠦᠷᠢᠶᠡᠰᠦᠯᠡᠭᠦᠯᠬᠦ ᠬᠡᠷᠡᠭᠯᠡᠬᠦ ᠠᠷᠭ᠎ᠠ ᠶᠢᠨ ᠲᠤᠬᠠᠢ ᠪᠣᠯᠵᠣᠨ ᠲᠣᠭᠲᠠᠭᠰᠠᠨ ᠦᠭᠡᠢ ᠪᠤᠶᠤ ᠪᠣᠯᠵᠣᠨ ᠲᠣᠭᠲᠠᠭᠰᠠᠨ ᠨᠢ  ᠲᠣᠳᠣᠷᠬᠠᠢ ᠦᠭᠡᠢ ᠨᠢ ᠵᠥᠪᠳᠡᠯᠴᠡᠨ ᠨᠥᠬᠦᠪᠥᠷᠢᠯᠡᠵᠦ ᠪᠣᠯᠤᠨ᠎ᠠ︔ ᠨᠥᠬᠦᠪᠥᠷᠢ ᠬᠡᠯᠡᠯᠴᠡᠭᠡᠷ ᠲᠣᠭᠲᠠᠵᠤ ᠳᠡᠶᠢᠯᠬᠦ  ᠦᠭᠡᠢ ᠪᠠᠶᠢᠪᠠᠯ᠂ ᠭᠡᠷ᠎ᠡ ᠶᠢᠨ ᠬᠤᠯᠪᠣᠭᠳᠠᠯ ᠪᠦᠬᠦᠢ ᠵᠤᠷᠪᠤᠰ ᠪᠤᠶᠤ ᠠᠷᠠᠯᠵᠢᠶᠠᠨ ᠤ ᠵᠤᠷᠰᠢᠯ ᠢᠶᠠᠷ ᠲᠣᠭᠲᠠᠭᠠᠨ᠎ᠠ᠃  ᠬᠡᠷᠪᠡ ᠭᠡᠷ᠎ᠡ ᠶᠢᠨ ᠬᠤᠯᠪᠣᠭᠳᠠᠯ ᠪᠦᠬᠦᠢ ᠵᠤᠷᠪᠤᠰ ᠪᠤᠶᠤ ᠠᠷᠠᠯᠵᠢᠶᠠᠨ ᠤ ᠵᠤᠷᠰᠢᠯ ᠶᠣᠰᠣᠭᠠᠷ ᠮᠥᠨ ᠯᠡ ᠲᠤᠭᠲᠠᠭᠠᠵᠤ  ᠴᠢᠳᠠᠬᠤ ᠦᠭᠡᠢ ᠪᠠᠶᠢᠪᠠᠯ᠂ ᠲᠦᠷᠢᠶᠡᠰᠦᠯᠡᠭᠰᠡᠨ ᠭᠡᠷ ᠪᠠᠶᠢᠰᠢᠩ ᠤᠨ ᠰᠢᠨᠵᠢ ᠴᠢᠨᠠᠷ ᠢ ᠦᠨᠳᠦᠰᠦᠯᠡᠨ ᠬᠡᠷᠡᠭᠯᠡᠬᠦ  ᠬᠡᠷᠡᠭᠲᠡᠶ᠃            ︵3︶ ᠲᠦᠷᠢᠶᠡᠰᠦᠯᠡᠭᠴᠢ ᠶᠢᠨ ᠲᠦᠷᠢᠶᠡᠰᠦᠨ ᠭᠡᠷ ᠪᠠᠶᠢᠰᠢᠩ ᠢ ᠬᠠᠳᠠᠭᠠᠯᠠᠨ ᠬᠠᠮᠢᠶᠠᠷᠬᠤ ᠡᠭᠦᠷᠭᠡ᠄  ᠲᠦᠷᠢᠶᠡᠰᠦᠯᠡᠭᠴᠢ ᠲᠦᠷᠢᠶᠡᠰᠦᠨ ᠭᠡᠷ ᠪᠠᠶᠢᠰᠢᠩ ᠢ ᠰᠠᠶᠢᠲᠤᠷ ᠬᠠᠳᠠᠭᠠᠯᠠᠨ ᠬᠠᠮᠢᠶᠠᠷᠴᠤ᠂ ᠰᠠᠶᠢᠲᠤᠷ ᠬᠠᠳᠠᠭᠠᠯᠠᠵᠤ  ᠬᠠᠮᠢᠶᠠᠷᠤᠭᠰᠠᠨ ᠦᠭᠡᠢ ᠠᠴᠠ ᠪᠤᠯᠵᠤ ᠲᠦᠷᠢᠶᠡᠰᠦᠯᠡᠭᠰᠡᠨ ᠭᠡᠷ ᠪᠠᠶᠢᠰᠢᠩ ᠡᠪᠳᠡᠷᠡᠵᠦ ᠬᠤᠷᠬᠢᠷᠠᠭᠰᠠᠨ᠂ ᠤᠰᠠᠳᠴᠤ  ᠭᠡᠭᠡᠭᠳᠡᠭᠰᠡᠨ ᠪᠠᠶᠢᠪᠠᠯ᠂ ᠲᠦᠷᠢᠶᠡᠰᠦᠯᠡᠭᠦᠯᠦᠭᠴᠢ ᠳᠤ ᠬᠤᠬᠢᠷᠠᠯ ᠢ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃            ︵4︶ ᠲᠦᠷᠢᠶᠡᠰᠦᠯᠡᠭᠴᠢ ᠨᠢ ᠰᠢᠯᠵᠢᠭᠦᠯᠦᠨ ᠲᠦᠷᠢᠶᠡᠰᠦᠯᠡᠪᠡᠯ ᠡᠷᠬᠡᠪᠰᠢ ᠲᠦᠷᠢᠶᠡᠰᠦᠯᠡᠭᠦᠯᠦᠭᠴᠢ ᠪᠠᠷ  ᠵᠥᠪᠰᠢᠶᠡᠷᠡᠭᠦᠯᠬᠦ ᠡᠭᠦᠷᠭᠡ᠄ ᠲᠦᠷᠢᠶᠡᠰᠦᠯᠡᠭᠴᠢ ᠨᠢ ᠲᠦᠷᠢᠶᠡᠰᠦᠯᠡᠭᠦᠯᠦᠭᠴᠢ ᠶᠢᠨ ᠵᠥᠪᠰᠢᠶᠡᠷᠡᠯ ᠦᠭᠡᠢ ᠪᠠᠷ  ᠭᠤᠷᠪᠠᠳᠠᠬᠢ ᠬᠦᠮᠦᠨ ᠳᠤ ᠭᠡᠷ ᠪᠠᠶᠢᠰᠢᠩ ᠢ ᠰᠢᠯᠵᠢᠭᠦᠯᠦᠨ ᠲᠦᠷᠢᠶᠡᠰᠦᠯᠡᠭᠦᠯᠵᠦ ᠪᠣᠯᠬᠤ ᠦᠭᠡᠢ᠃            ︵5︶ ᠲᠦᠷᠢᠶᠡᠰᠦᠯᠡᠭᠴᠢ ᠨᠢ ᠲᠦᠷᠢᠶᠡᠰᠦᠯᠡᠭᠦᠯᠦᠭᠴᠢ ᠳᠤ ᠲᠦᠷᠢᠶᠡᠰᠦᠨ ᠮᠥᠩᠭᠦ ᠲᠤᠰᠢᠶᠠᠬᠤ ᠡᠭᠦᠷᠭᠡ ᠲᠠᠢ  ᠄ ᠲᠦᠷᠢᠶᠡᠰᠦᠯᠡᠭᠴᠢ ᠨᠢ ᠭᠡᠷ ᠪᠠᠶᠢᠰᠢᠩ ᠲᠦᠷᠢᠶᠡᠰᠦᠯᠡᠬᠦ ᠭᠡᠷ᠎ᠡ ᠳᠤ ᠪᠣᠯᠵᠣᠨ ᠲᠣᠭᠲᠠᠭᠰᠠᠨ ᠬᠤᠭᠤᠴᠠᠭ᠎ᠠ ᠶᠣᠰᠣᠭᠠᠷ  ᠲᠦᠷᠢᠶᠡᠰᠦᠨ ᠮᠥᠩᠭᠦ ᠲᠤᠰᠢᠶᠠᠬᠤ ᠬᠡᠷᠡᠭᠲᠡᠢ᠃ ᠥᠭᠬᠦ ᠬᠤᠭᠤᠴᠠᠭ᠎ᠠ ᠶᠢ ᠪᠣᠯᠵᠣᠨ ᠲᠣᠭᠲᠠᠭᠰᠠᠨ ᠦᠭᠡᠢ ᠪᠤᠶᠤ  ᠪᠣᠯᠵᠣᠨ ᠲᠣᠭᠲᠠᠭᠰᠠᠨ ᠨᠢ ᠲᠣᠳᠣᠷᠬᠠᠶ ᠦᠭᠡᠢ ᠪᠣᠯ ᠲᠦᠷᠢᠶᠡᠰᠦᠯᠡᠬᠦ ᠬᠤᠭᠤᠴᠠᠭ᠎ᠠ ᠨᠢ ᠪᠦᠬᠦᠯᠢ ᠨᠢᠭᠡ ᠵᠢᠯ  ᠪᠣᠯᠤᠭᠠᠳᠤᠶ ᠪᠠᠶᠢᠪᠠᠯ᠂ ᠲᠦᠷᠢᠶᠡᠰᠦᠯᠡᠬᠦ ᠬᠤᠭᠤᠴᠠᠭ᠎ᠠ ᠨᠢ ᠲᠤᠯᠬᠤ ᠦᠶ᠎ᠡ ᠳᠤ ᠥᠭᠬᠦ ᠬᠡᠷᠡᠭᠲᠡᠶ᠃  ᠲᠦᠷᠢᠶᠡᠰᠦᠯᠡᠯ ᠤᠨ ᠬᠤᠭᠤᠴᠠᠭ᠎ᠠ ᠨᠢ ᠨᠢᠭᠡ ᠵᠢᠯ ᠠᠴᠠ ᠳᠡᠭᠡᠭᠰᠢ ᠪᠠᠶᠢᠪᠠᠯ᠂ ᠨᠢᠭᠡ ᠵᠢᠯ ᠪᠣᠯᠬᠤ ᠪᠦᠷᠢ ᠦᠭᠴᠦ᠂  ᠦᠯᠡᠳᠡᠭᠰᠡᠨ ᠬᠤᠭᠤᠴᠠᠭ᠎ᠠ ᠨᠢ ᠪᠦᠬᠦᠯᠢ ᠨᠢᠭᠡ ᠵᠢᠯ ᠪᠣᠯᠤᠭᠠᠳᠤᠶ ᠪᠠᠶᠢᠪᠠᠯ᠂ ᠲᠦᠷᠢᠶᠡᠰᠦᠯᠡᠬᠦ ᠬᠤᠭᠤᠴᠠᠭ᠎ᠠ  ᠳᠠᠭᠤᠰᠬᠤ ᠦᠶ᠎ᠡ ᠳᠤ ᠥᠭᠬᠦ ᠬᠡᠷᠡᠭᠲᠡᠶ᠃            ᠲᠠᠶᠢᠯᠪᠤᠷᠢ᠄ ᠳᠡᠭᠡᠷᠡᠬᠢ ᠦᠢᠯᠡᠴᠢᠯᠡᠭᠡᠨ ᠤ ᠠᠭᠤᠯᠭ᠎ᠠ ᠶᠢ ᠰᠢᠨ᠎ᠡ ᠬᠤᠲᠠ ᠲᠣᠭᠤᠷᠢᠭ ᠤᠨ ᠬᠤᠢ ᠼᠦᠩ  ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠠᠴᠠ ᠬᠠᠩᠭᠠᠪᠠ
 
ᠢᠷᠡᠯᠲᠡ᠄ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号