ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ‍ᠤᠨ‌‍ᠪᠠᠶᠢᠩᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/1
     11 ᠰᠠᠷ᠎ᠠ ᠶᠢᠨ 27 ᠤ ᠡᠳᠦᠷ᠂ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠬᠤᠷᠠᠯ ᠬᠤᠷᠠᠯᠳᠤᠵᠤ ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠭᠤᠤ ᠯᠠᠨ ᠭᠧᠨ᠂ ᠳ᠋ᠢ ᠭᠦᠸᠧ ᠰᠢᠶᠦ᠋ᠩ᠂ ᠯᠢ ᠯᠦ ᠬᠤᠷᠠᠯ ᠳᠤ ᠣᠷᠣᠯᠴᠠᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠬᠠᠢ ᠲᠤᠤ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ︽ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠡᠭᠡᠷ᠎ᠡ ᠲᠥᠯᠦᠭᠡᠯᠡᠭᠴᠢᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠤᠨ ᠲᠤᠬᠠᠶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ︾ ︔ ᠦᠴᠤᠸᠠᠨ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ 2020 ᠣᠨ ᠤ ᠪᠠᠶᠢᠴᠠᠭᠠᠬᠤ ᠠᠵᠢᠯ ᠤᠨ ᠪᠠᠶᠢᠳᠠᠯ ᠤᠨ ᠮᠡᠳᠡᠭᠦᠯᠦᠯᠲᠡ︔ ᠦᠴᠤᠸᠠᠨ ᠰᠢᠶᠠᠨ ᠤ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︔ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ﹀ ᠂ ︿ᠭᠡᠨᠡᠳᠲᠡ ᠡᠭᠦᠰᠬᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠦᠷᠢᠮ﹀ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠬᠤ ᠲᠤᠬᠠᠶ ᠮᠡᠳᠡᠭᠦᠯᠦᠯᠲᠡ︾︔ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠣᠳᠤᠯᠬᠤ ᠳᠤᠭᠤᠶᠢᠯᠠᠩ ᠤᠨ ︽ᠡᠰᠢ ᠰᠦᠷᠡᠯ ᠰᠢᠲᠠᠭᠠᠬᠤ ᠶᠢ ᠵᠠᠰᠠᠬᠤ ᠪᠠ ᠶᠡᠷᠦᠩᠬᠡᠶᠢᠯᠡᠨ ᠠᠰᠢᠭᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠪᠡ  ᠃      ᠬᠤᠷᠠᠯ ᠳᠡᠭᠡᠷ᠎ᠡ᠂ ᠳ᠋ᠢ ᠭᠦᠸᠧ ᠰᠢᠶᠦ᠋ᠩ ᠲᠥᠯᠥᠭᠡᠯᠡᠭᠴᠢ ᠶᠢᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠵᠢᠭᠠᠵᠤ ᠭᠠᠷᠭᠠᠭᠰᠠᠨ ᠨᠢ᠄ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠪᠣᠳᠠᠲᠠᠢ ᠢᠯᠡᠷᠡᠯ ᠮᠥᠨ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠪᠦᠲᠦᠮᠵᠢᠲᠡᠢ ᠠᠷᠭ᠎ᠠ ᠬᠡᠮᠵᠢᠶ᠎ᠡ ᠮᠥᠨ᠃ ᠪᠢᠳᠡ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ  ᠰᠢᠢᠳᠪᠦᠷᠢᠯᠡᠬᠦ ᠠᠵᠢᠯ ᠤᠨ ᠤᠯᠤᠰ ᠲᠥᠷᠥ ᠶᠢᠨ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠢ ᠨᠡᠮᠡᠭᠳᠡᠭᠦᠯᠬᠦ ᠶᠢᠨ ᠤᠯᠠᠮ ᠢᠶᠠᠷ ᠰᠠᠨᠠᠯ ᠰᠠᠨᠠᠭᠤᠯᠭ᠎ᠠ ᠰᠢᠢᠳᠪᠦᠷᠢᠯᠡᠬᠦ  ᠪᠠᠷ ᠳᠠᠮᠵᠢᠭᠤᠯᠤᠨ ᠠᠷᠠᠳ ᠤᠨ ᠰᠠᠨᠠᠭ᠎ᠠ ᠶᠢ ᠣᠶᠢᠯᠠᠭᠠᠵᠤ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠠᠮᠢᠳᠤᠷᠠᠯ ᠳᠤ ᠠᠩᠬᠠᠷᠤᠯ ᠲᠠᠯᠪᠢᠵᠤ᠂ ᠣᠯᠠᠨ ᠲᠦᠮᠡᠨ ᠤ ᠬᠠᠮᠤᠭ ᠤᠨ ᠰᠡᠳᠬᠢᠯ ᠲᠠᠯᠪᠢᠵᠤ ᠪᠠᠶᠢᠭ᠎ᠠ ᠪᠠ ᠬᠠᠮᠤᠭ ᠤᠨ ᠬᠡᠷᠡᠭᠴᠡᠭᠡ ᠲᠠᠢ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠶ᠃ ᠨᠠᠶᠢᠳᠠᠪᠤᠷᠢᠵᠢᠭᠤᠯᠬᠤ ᠶᠢ ᠴᠢᠬᠤᠯᠠᠴᠢᠯᠠᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠪᠡᠶᠡᠯᠡᠭᠦᠯᠬᠦ ᠨᠤᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠭᠦᠨ ᠤ ᠬᠠᠮᠲᠤ ᠰᠢᠢᠳᠪᠦᠷᠢᠯᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠤᠨ ᠶᠠᠰᠤ ᠴᠢᠨᠠᠷ ᠪᠠ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠰᠢᠨ᠎ᠡ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠬᠤ ᠬᠡᠷᠡᠭᠲᠡᠶ᠃  ᠰᠢᠢᠳᠪᠦᠷᠢᠯᠡᠬᠦ ᠶᠠᠪᠤᠴᠠ ᠳᠤ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠥᠷᠥᠯ ᠬᠤᠪᠢᠶᠠᠬᠤ ᠬᠡᠷᠡᠭᠲᠡᠶ᠂ ᠨᠠᠷᠢᠨ ᠬᠢᠨᠠᠮᠠᠭᠠᠶ ᠬᠠᠷᠢᠭᠤᠴᠠᠬᠤ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ᠂ ᠦᠨᠡᠨ ᠠᠴᠠ ᠵᠥᠪ ᠢ ᠡᠷᠢᠬᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠵᠠᠷᠴᠢᠮ ᠢ ᠵᠢᠷᠤᠮᠯᠠᠵᠤ᠂ ᠡᠭᠦᠳᠡ ᠪᠠᠨ ᠨᠡᠭᠡᠭᠡᠵᠦ ᠰᠢᠢᠳᠪᠦᠷᠢᠯᠡᠬᠦ ᠶᠢ ᠪᠠᠷᠢᠮᠲᠠᠯᠠᠵᠤ᠂ ︽ᠪᠢᠴᠢᠭ ᠤᠨ ᠶᠠᠪᠤᠯᠴᠠᠭ᠎ᠠ︾ ᠶᠢ ︽ᠬᠥᠮᠶ᠋ᠨ ᠤ ᠶᠠᠪᠤᠯᠴᠠᠭ᠎ᠠ︾  ᠪᠤᠯᠭᠠᠨ ᠬᠤᠪᠢᠷᠠᠭᠤᠯᠬᠤ ᠶᠢᠨ ᠤᠯᠠᠮ ᠢᠶᠠᠷ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ  ᠰᠢᠢᠳᠪᠦᠷᠢᠯᠡᠬᠦ ᠠᠵᠢᠯ ᠢ ᠨᠡᠩ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ ᠭᠡᠪᠡ᠃ ︵ᠰᠤᠷᠪᠤᠯᠵᠢᠯᠠᠭᠴᠢ᠄ ᠯᠢᠦᠶ ᠫᠢᠩ ᠫᠢᠩ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号