ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠠᠯᠪᠠᠨ ᠲᠠᠮᠠᠭ᠎ᠠ ᠰᠡᠶᠢᠯᠬᠦ ᠶᠢ ᠵᠥᠪᠰᠢᠶᠡᠷᠡᠬᠦ ᠲᠤᠬᠠᠶ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2020/12/21
                     ᠦᠴᠦᠸᠠᠨ ᠵᠠᠰᠠᠭ ᠦᠰᠦᠭ ﹇20020﹈ 124 ᠳ᠋ᠦ᠋ᠭᠡᠷ ᠲᠣᠭᠠᠲᠤᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ᠄      ᠲᠠᠨ ᠤ ᠲᠣᠪᠴᠢᠶᠠᠨ ᠤ ︽ᠲᠤᠬᠠᠶᠢᠯᠠᠭᠰᠠᠨ ᠠᠵᠢᠯ ᠤᠨ 2 ᠠᠯᠪᠠᠨ ᠲᠠᠮᠠᠭ᠎ᠠ ᠰᠡᠶᠢᠯᠬᠦ ᠵᠣᠬᠢᠶᠠᠬᠤ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ ᠦᠴᠦᠸᠠᠨ ᠪᠠᠶᠢᠭᠠᠯᠢ ᠡᠬᠢ ᠲᠠᠷᠬᠠᠭᠠᠭᠰᠠᠨ ﹇202﹈ 376 ᠳ᠋ᠤᠭᠠᠷ ᠲᠣᠭᠠᠲᠤ︶ ᠶᠢ ᠣᠯᠵᠤ ᠣᠶᠢᠯᠠᠭᠠᠪᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠤᠨ ᠡᠮᠬᠢ ᠵᠢᠷᠤᠮ ᠲᠠᠢ ᠥᠷᠨᠢᠭᠦᠯᠬᠦ ᠶᠢ ᠪᠠᠲᠤᠯᠠᠬᠤ ᠶᠢᠨ ᠲᠤᠰᠠᠲᠠ᠂ ︽ᠬᠦᠬᠡᠬᠤᠲᠠ ᠶᠢᠨ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ ᠶᠢᠨ ᠠᠭᠤᠷᠬᠠᠶ ᠮᠠᠯᠲᠠᠬᠤ ᠡᠷᠬᠡ ᠶᠢ ᠬᠢᠨᠠᠨ ᠵᠥᠪᠰᠢᠶᠡᠷᠡᠵᠦ ᠳᠠᠩᠰᠠᠯᠠᠨ ᠦᠨᠡᠮᠯᠡᠯ ᠣᠯᠭᠤᠬᠤ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠪᠠ ︽ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠥᠬᠡᠬᠤᠲᠠ ᠶᠢᠨ ᠤᠯᠤᠰ ᠤᠨ ᠭᠠᠵᠠᠷ  ᠰᠢᠷᠤᠢ ᠡᠬᠢ ᠪᠠᠶᠠᠯᠢᠭ ᠤᠨ ᠲᠣᠪᠴᠢᠶ᠎ᠠ ᠶᠢᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠰᠤᠳᠤᠯᠬᠤ ᠪᠠᠷ ᠳᠠᠮᠵᠢᠨ᠂ ︽ᠦᠴᠤᠸᠠᠨ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠠᠭᠤᠷᠬᠠᠶ ᠮᠠᠯᠲᠠᠬᠤ ᠶᠢ ᠳᠠᠩᠰᠠᠯᠠᠬᠤ ᠲᠤᠰᠬᠠᠶ ᠲᠠᠮᠠᠭ᠎ᠠ︾᠂ ︽ᠦᠴᠤᠸᠠᠨ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠠᠭᠤᠷᠬᠠᠢ ᠶᠢᠨ ᠭᠠᠷᠤᠯᠲᠠ ᠶᠢᠨ ᠬᠠᠳᠠᠭᠠᠯᠠᠭᠳᠠᠴᠠ ᠶᠢ ᠬᠢᠨᠠᠨ ᠲᠣᠭᠲᠠᠭᠠᠵᠤ ᠳᠠᠩᠰᠠᠯᠠᠬᠤ ᠲᠤᠰᠬᠠᠶ ᠲᠠᠮᠠᠭ᠎ᠠ︾ ᠶᠢ ᠵᠠᠷᠴᠢᠮ ᠳᠡᠭᠡᠷ᠎ᠡ ᠪᠠᠨ ᠵᠥᠪᠰᠢᠶᠡᠷᠡᠬᠦ ᠪᠠᠷ  ᠪᠣᠢ᠂ ᠲᠠᠨ ᠤ ᠲᠣᠪᠴᠢᠶ᠎ᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠤᠯᠢ ᠲᠣᠭᠲᠠᠭᠠᠯ ᠶᠣᠰᠣᠭᠠᠷ ᠰᠡᠶᠢᠯᠦᠨ ᠵᠣᠬᠢᠶᠠᠵᠤ᠂ ᠲᠤᠬᠠᠶᠢᠯᠠᠭᠰᠠᠨ ᠠᠵᠢᠯ ᠢᠶᠠᠨ ᠬᠡᠪ ᠤᠨ ᠶᠣᠰᠣᠭᠠᠷ  ᠥᠷᠨᠢᠭᠦᠯᠬᠦ ᠶᠢ ᠪᠠᠲᠤᠯᠠᠭᠠᠷᠠᠢ᠃                                                                              ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ                                      2020 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号