ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠬᠥᠬᠡᠬᠤᠲᠠ ᠶᠢᠨ ᠬᠤᠪᠢᠶᠠᠷᠢ ᠺᠣᠮᠫᠠᠨᠢ᠄ | 2020 ᠣᠨ ᠪᠣᠯ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠣᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠣᠨ | ᠪᠣᠯᠤᠨ᠎ᠠ᠂ ᠬᠥᠳᠡᠭᠡ ᠲᠣᠰᠬᠤᠨ ᠤ ᠴᠢᠮᠡᠭᠡ ᠨᠡᠪᠲᠡᠷᠡᠯᠭᠡ ᠰᠠᠭᠠᠳ ᠦᠭᠡᠶ ᠨᠡᠪᠲᠡᠷᠡᠬᠦ ᠪᠠ ᠲᠣᠤᠷ ᠰᠦᠯᠵᠢᠶ᠎ᠡ ᠶᠢᠨ | ᠪᠥᠬᠦᠨ ᠢ ᠬᠠᠮᠤᠷᠬᠤ ᠪᠣᠯ ᠲᠡᠭᠦᠨ ᠤ ᠳᠣᠲᠣᠷᠠᠬᠢ ᠴᠢᠬᠤᠯᠠ ᠠᠭᠤᠯᠭ᠎ᠠ ᠪᠣᠯᠤᠨ᠎ᠠ᠃ ᠣᠳᠣᠬᠠᠨ ᠳᠤ ᠮᠠᠨ ᠤ | ᠰᠢᠶᠠᠨ ᠤ ᠬᠥᠳᠡᠭᠡ ᠲᠣᠰᠬᠤᠨ ᠤ ᠴᠢᠮᠡᠭᠡ ᠬᠤᠯᠪᠣᠭ᠎ᠠ ᠪᠣᠯᠤᠨ ᠰᠦᠯᠵᠢᠶ᠎ᠡ ᠶᠢᠨ ᠪᠥᠷᠬᠦᠯᠲᠡ ᠮᠥᠨ ᠪᠠᠭᠤᠷᠠᠶ ᠲᠠᠯ᠎ᠠ | ᠣᠷᠣᠰᠢᠵᠤ ᠪᠤᠶ᠃ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠰᠤᠭᠤᠯᠤᠨ | ᠪᠠᠶᠢᠴᠠᠭᠠᠯᠲᠠ ᠵᠡᠷᠭᠡ ᠡᠯ᠎ᠡ ᠲᠥᠷᠥᠯ ᠤᠨ ᠪᠠᠶᠢᠴᠠᠭᠠᠯᠲᠠ ᠳᠤ ᠦᠴᠤᠸᠠᠨ ᠰᠢᠶᠠᠨ ᠤ ᠬᠡᠰᠡᠭ ᠲᠣᠰᠬᠤᠨ ᠤ ᠴᠢᠮᠡᠭᠡ | ᠬᠤᠯᠪᠣᠭᠠᠨ ᠤ ᠲᠤᠬᠢᠶ᠎ᠠ ᠠᠨᠠᠶ᠂ ᠰᠦᠯᠵᠢᠶᠡᠨ ᠤ ᠵᠠᠯᠭᠠᠯᠲᠠ ᠶᠢᠨ ᠶᠠᠰᠤ ᠴᠢᠨᠠᠷ ᠥᠨᠳᠥᠷ ᠪᠤᠰᠤ ᠠᠰᠠᠭᠤᠳᠠᠯ ᠢ | ᠬᠠᠷᠢᠭᠤ ᠳᠤᠰᠬᠠᠵᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ 7 ᠰᠠᠷ᠎ᠠ ᠶᠢᠨ 20 ᠤ | ᠡᠳᠦᠷ᠂ ᠮᠠᠨ ᠤ ᠰᠢᠶᠠᠨ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠨᠡᠶᠢᠳᠡᠮ ᠪᠠᠶᠢᠴᠠᠭᠠᠯᠲᠠ ᠶᠢ ᠤᠭᠲᠤᠬᠤ ᠪᠣᠯᠤᠨ᠎ᠠ᠂ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠨᠢ | ᠪᠥᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠰᠢᠭᠤᠳ ᠨᠥᠯᠥᠭᠡᠯᠡᠨ᠎ᠡ᠃ ᠬᠠᠷᠢᠨ | ᠴᠢᠮᠡᠭᠡ ᠨᠡᠪᠲᠡᠷᠡᠯᠭᠡ ᠰᠠᠭᠠᠳ ᠦᠭᠡᠢ ᠨᠡᠪᠲᠡᠷᠡᠬᠦ᠂ ᠢᠨᠲ᠋ᠧᠷ ᠰᠦᠯᠵᠢᠶ᠎ᠡ ᠶᠢ ᠲᠣᠭᠲᠠᠭᠤᠨ ᠢᠶᠠᠷ ᠵᠠᠯᠭᠠᠬᠤ ᠪᠣᠯ | ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢᠨ ᠴᠢᠬᠤᠯᠠ ᠪᠠᠲᠤᠯᠠᠭ᠎ᠠ ᠮᠥᠨ᠂ ᠡᠷᠬᠢᠮ | ᠺᠣᠮᠫᠠᠨᠢ ᠦᠴᠤᠸᠠᠨ ᠬᠤᠪᠢᠶᠠᠷᠢ ᠺᠣᠮᠫᠠᠨᠢ ᠶᠢ ᠢᠳᠡᠪᠬᠢᠲᠡᠶ ᠪᠠᠷ ᠬᠠᠪᠰᠤᠷᠴᠤ᠂ ᠡᠯ᠎ᠡ ᠰᠢᠶᠠᠩ ᠪᠠᠯᠭᠠᠰᠤ ᠲᠠᠢ | ᠭᠦᠢᠴᠡᠳ ᠨᠡᠪᠲᠡᠷᠡᠯᠴᠡᠭᠰᠡᠨ ᠰᠠᠭᠤᠷᠢᠨ ᠳᠡᠭᠡᠷ᠎ᠡ ᠮᠠᠨ ᠤ ᠰᠢᠶᠠᠨ ᠤ ᠬᠥᠳᠡᠭᠡ ᠲᠣᠰᠬᠤᠨ ᠤ ᠴᠢᠮᠡᠭᠡ ᠬᠤᠯᠪᠣᠭᠠᠨ ᠤ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠴᠢᠮᠡᠭᠡ | ᠬᠤᠯᠪᠣᠭᠠᠨ ᠤ ᠳᠣᠬᠢᠶ᠎ᠠ ᠠᠨᠠᠶ᠂ ᠨᠧᠲ ᠰᠦᠯᠵᠢᠶ᠎ᠡ ᠨᠡᠪᠲᠡᠷᠡᠬᠦ ᠦᠭᠡᠶ ᠪᠣᠶᠤ ᠵᠠᠯᠭᠠᠬᠤ ᠶᠠᠰᠤ ᠴᠢᠨᠠᠷ ᠢᠶᠠᠷ ᠠᠨᠠᠶᠢᠬᠠᠨ | ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠬᠥᠳᠡᠭᠡ ᠲᠣᠰᠬᠤᠨ ᠤ ᠮᠡᠳᠡᠭᠡ ᠵᠠᠩᠭᠢ ᠴᠢᠮᠡᠭᠡ ᠬᠤᠯᠪᠣᠭᠠᠨ ᠤ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠳᠤ ᠬᠦᠴᠦᠨ ᠨᠡᠮᠡᠷᠢᠯᠡᠬᠦ ᠪᠣᠯᠪᠠᠤ᠃ | | ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ | 2020 ᠣᠨ ᠤ 7 ᠳ᠋ᠤᠭᠠᠷ ᠰᠠᠷ᠎ᠠ ᠶᠢᠨ 9 ᠤ ᠡᠳᠦᠷ | |