ᠰᠠᠯᠬᠢ ᠳᠠᠪᠠᠯᠭᠠᠨ ᠢ ᠰᠦᠷᠦᠨ ᠡᠷᠡᠮᠡᠬᠡᠶᠢᠯᠡᠨ ᠤᠷᠤᠭᠰᠢᠯᠠᠭᠰᠠᠨ ︽ᠠᠷᠪᠠᠨ ᠭᠤᠷᠪᠠᠳᠤᠭᠠᠷ ᠲᠠᠪᠤᠨ ᠵᠢᠯ ︾ ᠳᠤ ᠡᠳ᠋ ᠤᠨ ᠵᠠᠰᠠᠭ ᠲᠣᠭᠲᠠᠭᠤᠨ ᠢᠶᠠᠷ ᠬᠥᠭᠵᠢᠪᠡ
ᠨᠡᠶᠢᠲᠡᠯᠡᠭᠰᠡᠨ ᠴᠠᠭ᠄
2020/12/23
     ᠵᠣᠴᠢᠨ᠄  ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠪᠠᠶᠢᠴᠠᠭᠠᠨ ᠰᠤᠳᠤᠯᠤᠭᠴᠢ ᠯᠢ  ᠵᠢᠩ ᠰᠢᠶᠠᠨ᠂  ᠲᠥᠰᠥᠪ ᠤᠨ ᠰᠠᠯᠠᠭᠠᠨ ᠤ ᠳᠡᠳ᠋ ᠳᠠᠷᠤᠭ᠎ᠠ ᠭᠡᠷᠡᠯ            1. ᠬᠠᠮᠢᠶᠠᠷᠤᠭᠴᠢ            ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠣᠯᠤᠨ  ᠬᠦᠬᠡᠬᠤᠲᠠ ᠶᠢᠨ ᠷᠠᠳᠢᠣ᠋ ᠲᠧᠯᠸᠢᠰ  ᠬᠤᠷᠢᠶᠠᠨ ᠤ ᠤᠳᠬ᠎ᠠ ᠤᠷᠠᠯᠢᠭ ᠶᠢᠨ ᠷᠠᠳᠢᠣ᠋ ᠨᠡᠪᠲᠡᠷᠡᠭᠦᠯᠭᠡ ᠠᠴᠠ  ᠬᠠᠮᠲᠤᠷᠠᠭᠰᠠᠨ ᠲᠤᠰᠬᠠᠶ ᠰᠣᠷᠪᠤᠯᠵᠢᠯᠠᠭ᠎ᠠ ᠪᠣᠯᠤᠨ᠎ᠠ᠃ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ  ᠦᠯᠡᠳᠡᠭᠡᠵᠦ ᠡᠷᠬᠢᠮ ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠠᠨᠳᠠ ᠨᠠᠷ ᠤᠨ  ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃            2. ᠬᠥᠲᠥᠯᠥᠭᠴᠢ            2016  —  2020 ᠣᠨ ᠪᠣᠯᠲᠠᠯ᠎ᠠ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠬᠥᠭᠵᠢᠯᠲᠡ ᠶᠢᠨ  ᠠᠶᠠᠨ ᠳᠠᠭᠠᠨ ᠬᠢᠯᠠᠯᠵᠠᠮ᠎ᠠ ᠬᠠᠭᠤᠳᠠᠰᠤ ᠶᠢ ᠪᠢᠴᠢᠭᠯᠡᠵᠡᠢ᠄ ᠠᠵᠤ ᠠᠬᠤᠢ ᠶᠢᠨ ᠶᠡᠷᠦᠩᠬᠡᠢ ᠬᠡᠮᠵᠢᠶ᠎ᠡ 100 ᠲᠦᠮᠡᠨ  ᠳ᠋ᠦᠩᠰᠢᠭᠤᠷ ᠲᠥᠭᠦᠷᠢᠭ ᠲᠤ ᠣᠶᠢᠷᠠᠳᠴᠤ᠂ ᠬᠥᠮᠦᠨ ᠳᠤᠮᠳᠠᠴᠢ ᠶᠢᠨ GDP 1 ᠲᠦᠮᠡᠨ ᠳ᠋ᠣᠯᠯᠠᠷ ᠢ ᠳᠠᠪᠠᠵᠠᠢ᠃  ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ  ᠶᠡᠷᠦᠩᠬᠡᠢ ᠬᠦᠴᠦᠨ ᠰᠢᠨ᠎ᠡ ᠶᠡᠭᠡ ᠳᠡᠭᠲᠡᠷ ᠲᠤ ᠭᠠᠷᠪᠠ︔ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ  ᠬᠢᠵᠢᠭ ᠤᠨ ᠪᠠᠶᠢᠳᠠᠯ ᠢ ᠡᠰᠡᠷᠭᠦᠴᠡᠬᠦ ᠲᠡᠮᠡᠴᠡᠯ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ  ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠯ ᠦᠭᠡᠢ ᠪᠦᠬᠦ  ᠲᠠᠯ᠎ᠠ ᠶᠢᠨ ᠢᠯᠠᠯᠲᠠ ᠣᠯᠵᠤ᠂ ᠳᠤᠮᠳᠠᠳᠤ ᠶᠢᠨ ᠦᠨᠳᠦᠰᠦᠲᠡᠨ ᠲᠤᠮᠤ ᠠᠯᠬᠤᠮ ᠢᠶᠠᠷ ᠴᠢᠨᠡᠭᠡᠯᠢᠭ ᠨᠡᠶᠢᠭᠡᠮ ᠲᠡᠰᠢ  ᠤᠷᠤᠭᠰᠢᠯᠠᠵᠤ᠂   ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠤᠳᠠᠯ ᠦᠭᠡᠢ ᠲᠡᠭᠦᠰ ᠠᠮᠵᠢᠯᠲᠠ ᠲᠠᠢ   ᠪᠡᠶᠡᠯᠡᠭᠦᠯᠬᠦ ᠪᠣᠯᠤᠨ᠎ᠠ᠃ ᠡᠨᠡ ᠵᠢᠯ ᠤᠨ 10  ᠳ᠋ᠤᠭᠠᠷ ᠰᠠᠷ᠎ᠠ ᠶᠢᠨ 22 ᠤᠨ ᠡᠳᠦᠷ᠂ ᠶᠡᠷᠦᠩᠬᠡᠶ ᠱᠦᠵᠢ ᠰᠢ ᠶᠢᠨ  ᠫᠢᠩ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ  ᠬᠤᠷᠠᠯᠳᠤᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ  ᠶᠢᠨ ᠬᠡᠷᠡᠭᠵᠢᠬᠦᠯᠦᠯᠲᠡ ᠶᠢᠨ  ᠳ᠋ᠦᠩᠨᠡᠯᠲᠡ ᠦᠨᠡᠯᠡᠯᠲᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ᠂ ︽ᠠᠷᠪᠠᠨ  ᠭᠤᠷᠪᠠᠳᠤᠭᠠᠷ ᠲᠠᠪᠤᠨ  ᠵᠢᠯ︾ ᠤᠨ ᠲᠥᠯᠥᠪᠵᠢᠭᠦᠯᠭᠡ ᠠᠴᠠ ᠨᠠᠰᠢ᠂ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠴᠡᠷᠢᠭ ᠪᠦᠬᠦ ᠤᠯᠤᠰ ᠤᠨ  ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ︽ᠲᠠᠪᠤ ᠶᠢ ᠨᠢᠭᠡ  ᠴᠣᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ  ᠠᠬᠢᠭᠤᠯᠵᠤ᠂ ︽ᠳᠥᠷᠪᠡᠨ  ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂  ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠳᠠᠯᠠᠨ᠂  ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠠᠶ᠂ ᠬᠠᠩᠭᠠᠯᠭ᠎ᠠ ᠶᠢᠨ  ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠳᠠᠯᠠᠵᠤ᠂ ᠴᠢᠨᠠᠷ  ᠰᠠᠶᠢᠲᠠᠶ ᠬᠥᠭᠵᠢᠯᠲᠡ ᠶᠢ ᠠᠬᠢᠭᠤᠯᠵᠤ᠂ ᠬᠥᠭᠵᠢᠯᠲᠡ ᠲᠡᠩᠴᠡᠭᠦᠷᠢ ᠦᠭᠡᠶ  ᠭᠦᠢᠴᠡᠳ ᠦᠭᠡᠶ ᠵᠥᠷᠢᠴᠡᠯ  ᠠᠰᠠᠭᠤᠳᠠᠯ ᠢ ᠬᠦᠴᠦᠲᠡᠶ ᠪᠥᠭᠡᠳ ᠡᠮᠬᠢ ᠵᠢᠷᠤᠮ ᠲᠠᠢ ᠪᠠᠷ ᠰᠢᠢᠳᠪᠦᠷᠢᠯᠡᠵᠦ᠂ ᠭᠠᠳᠠᠭᠠᠳᠤ ᠶᠢᠨ ᠥᠷᠢᠰᠥᠯᠳᠦᠭᠡᠨ  ᠢᠯᠡᠳᠲᠡ ᠳᠡᠭᠡᠭᠰᠢᠯᠡᠭᠰᠡᠨ ᠪᠤᠳᠤᠯᠢᠶᠠᠨᠲᠠᠶ ᠪᠠᠶᠢᠳᠠᠯ ᠢ ᠯᠠᠪᠳᠠᠭᠤᠨ ᠢᠶᠠᠷ ᠠᠷᠭᠠᠴᠠᠭᠠᠪᠠ᠃ ᠰᠢᠨ᠎ᠡ ᠲᠢᠲᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ ᠬᠦᠨᠳᠦ ᠨᠣᠴᠢᠲᠠᠶ ᠳᠠᠭᠠᠷᠢᠯᠲᠠ ᠶᠢ ᠡᠷᠡᠰ ᠡᠰᠡᠷᠭᠦᠴᠡᠵᠦ᠂ ᠲᠣᠭᠲᠠᠭᠰᠠᠨ  ᠬᠠᠷᠠᠯᠲᠠ ᠡᠭᠦᠷᠭᠡ ᠲᠡᠰᠢ ᠡᠷᠡᠰ ᠤᠷᠤᠭᠰᠢᠯᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ  ᠲᠥᠯᠦᠪᠵᠢᠬᠦᠯᠭᠡ ᠶᠢ ᠤᠷᠤᠭᠰᠢᠲᠠᠶ ᠬᠡᠷᠡᠭᠵᠢᠭᠦᠯᠵᠦ᠂ ᠭᠤᠣᠯ ᠬᠦᠢᠴᠡᠳᠭᠡᠯ ᠲᠤᠭ᠎ᠠ ᠶᠢ ᠶᠡᠷᠦᠩᠬᠡᠶ ᠳᠡᠭᠡᠨ  ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠪᠣᠯᠤᠨ  165 ᠴᠢᠬᠤᠯᠠ ᠶᠡᠭᠡ ᠢᠨᠵᠧᠨᠧᠷᠢᠩ ᠤᠨ ᠲᠦᠷᠦᠯ  ᠵᠦᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠦᠷ᠎ᠡ  ᠪᠦᠲᠦᠮᠵᠢ ᠣᠯᠵᠤ᠂ ᠲᠥᠯᠥᠪᠵᠢᠭᠦᠯᠭᠡ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠤᠳᠠᠯ ᠦᠭᠡᠢ  ᠢᠯᠠᠯᠲᠠ ᠲᠠᠢ ᠪᠠᠷ ᠪᠡᠶᠡᠯᠡᠬᠦᠯᠬᠦ  ᠪᠣᠯᠤᠨ᠎ᠠ ᠭᠡᠰᠡᠨ ᠶᠤᠮ᠃ ᠲᠡᠭᠡᠪᠡᠯ ᠨᠠᠮ ᠤᠨ ᠲᠥᠪ ᠬᠤᠷᠢᠶ᠎ᠠ᠂ ᠥᠪᠡᠷᠲᠡᠭᠡᠨ  ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ ᠬᠤᠲᠠ ᠶᠢᠨ ᠵᠠᠰᠠᠭ ᠣᠨ  ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ  ᠬᠤᠭᠤᠴᠠᠭᠠᠨ ᠳᠤ ᠮᠠᠨ ᠤ ᠬᠤᠲᠠ ᠶᠢᠨ ᠡᠳ᠋ ᠤᠨ ᠵᠠᠰᠠᠭ  ᠤᠨ ᠥᠭᠡᠷᠡᠴᠢᠯᠡᠯᠲᠡ ᠪᠠ ᠬᠥᠭᠵᠢᠯᠲᠡ ᠶᠠᠮᠠᠷ ᠶᠠᠮᠠᠷ  ᠦᠷ᠎ᠡ ᠪᠦᠲᠦᠮᠵᠢ ᠣᠯᠤᠭᠰᠠᠨ ᠪᠤᠢ︖            3. ᠬᠦᠳᠦᠯᠦᠭᠴᠢ            ᠡᠩ ᠲᠡᠷᠢᠭᠦᠨ ᠳᠤ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ  ᠮᠠᠨ ᠤ ᠬᠤᠲᠠ ᠶᠢᠨ ᠡᠳ᠋ ᠤᠨ ᠵᠠᠰᠠᠭ ᠤᠨ ᠥᠭᠡᠷᠡᠴᠢᠯᠡᠯᠲᠡ ᠪᠠ ᠬᠥᠭᠵᠢᠯᠲᠡ ᠳᠤ ᠣᠯᠤᠭᠰᠠᠨ ᠦᠷ᠎ᠡ ᠪᠦᠲᠦᠮᠵᠢ ᠶᠢ   ᠲᠠᠨᠢᠯᠴᠠᠭᠤᠯᠤᠭᠠᠳ ᠦᠭᠭᠦᠨ᠎ᠡ ᠤᠤ᠃            4. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠪᠠᠶᠢᠴᠠᠭᠠᠨ ᠰᠤᠳᠤᠯᠤᠭᠴᠢ ᠯᠢ ᠵᠢᠩ  ᠰᠢᠶᠠᠨ     ᠮᠠᠨ ᠤ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ  ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ  ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ  ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ  ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠲᠣᠭᠲᠠᠭᠤᠨ ᠤ ᠲᠤᠮᠳᠠ ᠤᠷᠤᠭᠰᠢᠯᠠᠨ ᠳᠠᠪᠰᠢᠬᠤ ᠠᠵᠢᠯ ᠤᠨ  ᠦᠨᠳᠦᠰᠦᠨ ᠬᠥᠭ ᠠᠶᠠᠰ ᠢ ᠪᠠᠷᠢᠮᠲᠠᠯᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ  ᠪᠠᠲᠤ ᠴᠡᠭᠡᠵᠢᠯᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠭᠤᠷᠪᠠᠨ ᠶᠡᠭᠡ  ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ︽ᠭᠤᠷᠪᠠ ᠶᠢ ᠪᠠᠲᠤᠯᠠᠬᠤ︾ ᠰᠠᠭᠤᠷᠢ ᠶᠢ  ᠪᠠᠲᠤᠳᠬᠠᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂  ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠢ ᠪᠦᠬᠦ  ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠲᠤᠯᠬᠤ ᠵᠡᠷᠭᠡ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠪᠠ᠃ 2019 ᠣᠨ ᠳᠤ  ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠬᠤᠲᠠ ᠶᠢᠨ ᠨᠠᠮ ᠤᠨ ᠬᠤᠷᠢᠶ᠎ᠠ ᠳᠤ ᠥᠪᠡᠷᠲᠡᠭᠡᠨ ᠵᠠᠰᠠᠬᠤ  ᠣᠷᠣᠨ ᠤ ᠲᠠᠰ ᠤᠨ ︽ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ ᠤ ᠬᠠᠮᠲᠤ ᠨᠡᠶᠢᠲᠡ︾ ᠪᠠᠷ ᠨᠡᠷ᠎ᠡ  ᠳᠤᠷᠠᠳᠤᠭᠳᠠᠪᠠ᠃            ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠢᠳᠡ ᠢᠳᠡᠪᠬᠢᠲᠡᠢ ᠠᠵᠢᠯᠯᠠᠵᠤ᠂  ᠲᠥᠪ  ᠬᠤᠲᠠ ᠶᠢᠨ ᠡᠳ᠋ ᠤᠨ ᠵᠠᠰᠠᠭ ᠤᠨ ᠠᠵᠢᠯᠯᠠᠭᠠᠨ ᠲᠣᠭᠲᠠᠭᠤᠨ ᠢᠶᠠᠷ ᠬᠥᠭᠵᠢᠪᠡ᠃ 2016 ᠣᠨ ᠠᠴᠠ ᠡᠨᠡ  ᠵᠢᠯ ᠤᠨ 10 ᠰᠠᠷ᠎ᠠ ᠶᠢᠨ ᠰᠡᠭᠦᠯᠴᠢ ᠪᠣᠯᠲᠠᠯᠠᠬᠢ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠤᠭ᠎ᠠ  ᠪᠠᠷᠢᠮᠲᠠ ᠳᠤ ᠢᠯᠡᠷᠡᠭᠦᠯᠦᠭᠰᠡᠨ ᠢᠶᠠᠷ᠄            ᠨᠢᠭᠡᠳᠦᠭᠡᠷ ᠲᠤ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃  10 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ  ᠣᠷᠣᠯᠭ᠎ᠠ 1056 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ ᠵᠢᠯ ᠪᠦᠷᠢ ᠶᠢᠨ ᠡᠩ ᠤᠨ ᠣᠯᠠᠨ ᠨᠡᠶᠢᠲᠡ ᠶᠢᠨ  ᠲᠥᠰᠦᠪ ᠤᠨ ᠣᠷᠣᠯᠭ᠎ᠠ ᠴᠥᠮ 200 ᠳ᠋ᠦᠩᠰᠢᠭᠤᠷ ᠲᠥᠭᠦᠷᠢᠭ ᠢ ᠳᠠᠪᠠᠪᠠ᠃ ᠵᠢᠱᠢᠯᠲᠡ ᠪᠠᠷ  ︽ᠠᠷᠪᠠᠨ  ᠬᠤᠶᠠᠳᠤᠭᠠᠷ ᠲᠠᠪᠤᠨ ᠵᠢᠯ︾  ᠤᠨ ᠬᠤᠭᠤᠴᠠᠭᠠᠨ ᠤ ᠬᠢ ᠠᠴᠠ ᠠᠳᠠᠭ ᠲᠠᠭᠠᠨ 111 ᠳ᠋ᠦᠩᠰᠢᠭᠤᠷ ᠲᠥᠭᠦᠷᠢᠭ  ᠨᠡᠮᠡᠭᠳᠡᠵᠦ᠂ 11.4% ᠪᠠᠷ ᠨᠡᠮᠡᠭᠳᠡᠵᠡᠢ᠃ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ 5  ᠵᠢᠯ ᠤᠨ ᠣᠷᠣᠯᠭ᠎ᠠ ᠶᠢᠨ ᠶᠡᠷᠦᠩᠬᠡᠶ ᠬᠡᠮᠵᠢᠶ᠎ᠡ ᠨᠢ ᠪᠥᠬᠦ ᠣᠷᠣᠨ ᠤ ᠠᠷᠪᠠᠨ ᠬᠤᠶᠠᠷ ᠠᠶᠢᠮᠠᠭ ᠬᠤᠲᠠ ᠶᠢᠨ ᠳᠣᠲᠣᠷ᠎ᠠ  ᠬᠤᠶᠠᠳᠤᠭᠠᠷ ᠲᠤ ᠵᠢᠭᠰᠠᠭᠠᠭᠳᠠᠪᠠ᠃ 2019 ᠣᠨ ᠤ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ  ᠲᠥᠰᠦᠪ ᠤᠨ ᠣᠷᠣᠯᠭ᠎ᠠ ᠶᠢᠨ ᠶᠡᠷᠦᠩᠬᠡᠶ ᠬᠡᠮᠵᠢᠶ᠎ᠡ ᠨᠢ ᠪᠥᠬᠦ ᠤᠯᠤᠰ ᠤᠨ ᠮᠤᠵᠢ ᠤᠷᠤᠨ ᠤ ᠲᠥᠪ ᠬᠤᠲᠠ ᠶᠢᠨ  ᠳᠣᠲᠣᠷ᠎ᠠ 23 ᠳ᠋ᠤᠭᠠᠷ ᠲᠤ ᠵᠢᠭᠰᠠᠭᠠᠭᠳᠠᠵᠤ᠂ 5 ᠴᠥᠭᠡᠨ ᠲᠣᠭᠠᠲᠤ ᠦᠨᠳᠦᠰᠦᠲᠡᠨ ᠤ ᠮᠤᠵᠢ ᠤᠷᠤᠨ ᠤ ᠲᠥᠪ  ᠬᠤᠲᠠ ᠶᠢᠨ ᠳᠣᠲᠣᠷ᠎ᠠ 3 ᠳ᠋ᠤᠭᠠᠷ ᠲᠤ ᠵᠢᠭᠰᠠᠭᠠᠭᠳᠠᠵᠠᠶ᠃ ᠣᠷᠣᠨ ᠨᠤᠲᠤᠭ ᠤᠨ ᠡᠳ᠋ ᠤᠨ ᠵᠠᠰᠠᠭ ᠣᠨ  ᠣᠷᠣᠯᠭ᠎ᠠ ᠶᠢᠨ ᠬᠢᠷᠢ ᠬᠡᠮᠵᠢᠶ᠎ᠡ ᠦᠷᠭᠦᠯᠵᠢᠯᠡᠨ ᠲᠣᠭᠲᠠᠭᠤᠨ ᠪᠠᠶᠢᠬᠤ ᠨᠢ ᠪᠦᠬᠦ ᠬᠤᠲᠠ ᠶᠢᠨ ᠠᠵᠤ ᠠᠬᠤᠢ  ᠨᠡᠶᠢᠭᠡᠮ ᠤᠨ ᠦᠢᠯᠡᠰ ᠤᠨ ᠬᠥᠭᠵᠢᠯᠲᠡ ᠳᠤ ᠨᠠᠶᠢᠳᠠᠪᠤᠷᠢᠲᠠᠢ ᠡᠳ᠋ ᠤᠨ ᠬᠦᠴᠦᠨ ᠤ  ᠪᠠᠲᠤᠯᠠᠭ᠎ᠠ ᠬᠠᠩᠭᠠᠪᠠ᠃            ᠬᠤᠶᠠᠳᠤᠭᠠᠷ ᠲᠤ᠂ ᠡᠳ᠋ ᠤᠨ ᠵᠠᠰᠠᠭ ᠤᠨ ᠵᠠᠷᠤᠯᠭ᠎ᠠ ᠶᠢᠨ ᠬᠡᠪᠴᠢᠶ᠎ᠡ ᠲᠠᠰᠤᠷᠠᠯᠳᠠ ᠦᠭᠡᠢ ᠥᠷᠭᠡᠵᠢᠪᠡ᠃  10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ  ᠶᠡᠷᠦᠩᠬᠡᠶ ᠵᠠᠷᠤᠯᠭ᠎ᠠ 1938 ᠳ᠋ᠦᠩᠰᠢᠭᠤᠷ ᠲᠥᠭᠦᠷᠢᠭ ᠲᠤ ᠬᠦᠷᠴᠡᠶ᠃ ᠲᠦᠷᠦᠭᠦᠤ ᠲᠠᠪᠤᠨ ᠵᠢᠯ ᠳᠤ ᠪᠦᠬᠦ  ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠶᠡᠷᠦᠩᠬᠡᠶ ᠵᠠᠷᠤᠯᠭ᠎ᠠ 1497 ᠳ᠋ᠦᠩᠰᠢᠭᠤᠷ  ᠲᠥᠭᠦᠷᠢᠭ ᠠᠴᠠ 524 ᠳ᠋ᠦᠩᠰᠢᠭᠤᠷ ᠲᠥᠭᠦᠷᠢᠭ ᠨᠡᠮᠡᠭᠳᠡᠵᠦ᠂ 35% ᠪᠠᠷ ᠨᠡᠮᠡᠭᠳᠡᠵᠡᠢ᠃ ᠡᠳ᠋ ᠤᠨ ᠵᠠᠰᠠᠭ ᠤᠨ  ᠵᠠᠷᠤᠯᠭ᠎ᠠ ᠶᠢᠨ ᠬᠡᠪᠴᠢᠶ᠎ᠡ ᠲᠠᠰᠤᠷᠠᠯᠲᠠ ᠦᠭᠡᠢ  ᠦᠷᠭᠡᠵᠢᠭᠰᠡᠨ ᠨᠢ᠂ ᠪᠦᠬᠦ ᠬᠤᠲᠠ ᠶᠢᠨ ᠡᠯ᠎ᠡ ᠲᠥᠷᠥᠯ ᠤᠨ ᠠᠵᠤ  ᠠᠬᠤᠢ ᠨᠡᠶᠢᠭᠡᠮ ᠤᠨ ᠦᠢᠯᠡᠰ ᠤᠨ ᠲᠣᠭᠲᠠᠭᠤᠨ ᠲᠦᠷᠭᠡᠨ ᠬᠥᠭᠵᠢᠯᠲᠡ ᠶᠢ ᠪᠦᠲᠦᠮᠵᠢᠲᠡᠢ ᠪᠠᠲᠤᠯᠠᠵᠤ᠂ ᠣᠯᠠᠨ  ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠡᠳᠦᠷ ᠢᠷᠡᠬᠦᠶ᠎ᠡ ᠲᠡᠭᠦᠯᠳᠡᠷᠵᠢᠵᠦ  ᠂ ᠤᠯᠠᠨ ᠲᠦᠮᠡᠨ ᠤ ᠵᠣᠯ  ᠵᠢᠷᠭᠠᠯ ᠤᠨ ᠲᠦᠷᠦᠭᠳᠡᠯ ᠲᠦᠢᠯ ᠤᠨ ᠶᠡᠬᠡᠪᠡᠷ ᠲᠡᠭᠡᠭᠰᠢᠯᠡᠪᠡ᠃            ᠭᠤᠷᠪᠠᠳᠤᠭᠠᠷ ᠲᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢᠯᠡᠳᠲᠡ  ᠳᠡᠭᠡᠭᠰᠢᠯᠡᠪᠡ᠃ 10  ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠡᠳ᠋ ᠤᠨ ᠵᠠᠰᠠᠭ ᠤᠨ ᠭᠤᠤᠯᠳᠠᠯᠭ᠎ᠠ ᠲᠠᠢ  ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ 1374 ᠳ᠋ᠦᠩᠰᠢᠭᠤᠷ ᠲᠥᠭᠦᠷᠢᠭ  ᠬᠥᠷᠴᠦ᠂ ᠣᠯᠠᠨ  ᠨᠡᠶᠢᠲᠡ ᠶᠢᠨ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ ᠶᠢᠨ 70.9% ᠶᠢ ᠡᠵᠡᠯᠡᠵᠦ᠂ ᠪᠦᠬᠦ ᠬᠤᠲᠠ ᠶᠢᠨ  ᠠᠷᠠᠳ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠭᠦᠢᠴᠡᠳ ᠡᠳ᠋ᠯᠡᠭᠦᠯᠪᠡ᠃ 2016  ᠣᠨ ᠠᠴᠠ ᠨᠠᠰᠢ᠂ ᠪᠦᠬᠦ ᠬᠤᠲᠠ ᠶᠢᠨ ᠲᠠᠷᠢᠶᠠᠯᠠᠩ ᠣᠢ ᠰᠢᠭᠤᠢ ᠤᠰᠤᠨ ᠠᠰᠢᠭᠯᠠᠯᠲᠠ ᠶᠢᠨ ᠬᠡᠷᠡᠭ ᠶᠠᠪᠤᠳᠠᠯ ᠤᠨ  ᠵᠠᠷᠤᠯᠭ᠎ᠠ 169  ᠳ᠋ᠦᠩᠰᠢᠭᠤᠷ ᠲᠥᠭᠦᠷᠢᠭ ᠬᠥᠷᠴᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ  ᠵᠠᠷᠤᠯᠭ᠎ᠠ ᠶᠢᠨ 12.29% ᠶᠢ ᠡᠵᠡᠯᠡᠵᠦ᠂ ᠰᠤᠷᠭᠠᠨ ᠬᠦᠮᠦᠵᠢᠯ ᠤᠨ ᠵᠠᠷᠤᠯᠭ᠎ᠠ 242 ᠳ᠋ᠦᠩᠰᠢᠭᠤᠷ ᠲᠥᠭᠦᠷᠢᠭ  ᠬᠥᠷᠴᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ ᠶᠢᠨ17.61% ᠶᠢ ᠡᠵᠡᠯᠡᠪᠡ᠃ ᠨᠡᠶᠢᠭᠡᠮ ᠤᠨ  ᠪᠠᠲᠤᠯᠠᠭ᠎ᠠ ᠬᠢᠭᠡᠳ ᠠᠵᠢᠯ ᠣᠯᠭᠤᠯᠲᠠ ᠶᠢᠨ ᠵᠠᠷᠤᠯᠭ᠎ᠠ 212 ᠳ᠋ᠦᠩᠰᠢᠭᠤᠷ ᠲᠥᠭᠦᠷᠢᠭ ᠲᠤ ᠬᠦᠷᠴᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ ᠶᠢᠨ 15.42% ᠢ ᠡᠵᠡᠯᠡᠵᠦ᠂ ᠡᠮ ᠡᠮᠨᠡᠯᠭᠡ ᠡᠷᠡᠭᠦᠯ  ᠬᠠᠮᠠᠭᠠᠯᠠᠯ ᠬᠢᠭᠡᠳ ᠲᠥᠯᠥᠪᠯᠡᠭᠡᠲᠦ ᠦᠷᠡᠵᠢᠯ ᠤᠨ ᠨᠥᠬᠦᠪᠥᠷᠢ ᠶᠢᠨ ᠵᠠᠷᠤᠯᠭ᠎ᠠ 126 ᠳ᠋ᠦᠩᠰᠢᠭᠤᠷ ᠲᠥᠭᠦᠷᠢᠭ ᠲᠤ  ᠬᠦᠷᠴᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ ᠶᠢᠨ 9.17% ᠶᠢ ᠡᠵᠡᠯᠡᠵᠦ᠂ ᠣᠷᠣᠨ ᠰᠠᠭᠤᠴᠠ ᠶᠢᠨ ᠪᠠᠲᠤᠯᠠᠭ᠎ᠠ ᠶᠢᠨ ᠨᠥᠬᠦᠪᠥᠷᠢ ᠶᠢᠨ ᠵᠠᠷᠤᠯᠭ᠎ᠠ 61 ᠳ᠋ᠦᠩᠰᠢᠭᠤᠷ ᠲᠥᠭᠦᠷᠢᠭ ᠬᠥᠷᠴᠦ᠂ ᠠᠷᠠᠳ ᠤᠨ  ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ ᠶᠢᠨ 4.44% ᠶᠢ ᠡᠵᠡᠯᠡᠪᠡ᠃            ᠳᠥᠷᠪᠡᠳᠦᠭᠡᠷ ᠲᠤ᠂ ᠡᠳ᠋ ᠤᠨ ᠵᠠᠰᠠᠭ ᠤᠨ ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠶᠢᠷᠡᠪᠡ᠃  ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠵᠢᠭᠠᠵᠤ  ᠭᠠᠷᠭᠠᠭᠰᠠᠨ ᠨᠢ᠂ ᠡᠳ᠋ ᠤᠨ ᠵᠠᠰᠠᠭ ᠪᠣᠯ ᠤᠯᠤᠰ ᠢ ᠵᠠᠰᠠᠬᠤ ᠶᠢᠨ ᠰᠠᠭᠤᠷᠢ ᠪᠠ ᠴᠢᠬᠤᠯᠠ ᠲᠤᠯᠭᠠᠭᠤᠷᠢ ᠮᠥᠨ   ᠭᠡᠵᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠡᠳ᠋ ᠤᠨ ᠵᠠᠰᠠᠭ ᠤᠨ ᠠᠵᠢᠯ ᠳᠤ ᠰᠢᠨ᠎ᠡ ᠱᠠᠭᠠᠷᠳᠠᠯᠭ᠎ᠠ ᠲᠤᠷᠠᠳᠴᠤ᠂ ᠣᠳᠣ ᠦᠶ᠎ᠡ ᠶᠢᠨ ᠡᠳ᠋ ᠤᠨ ᠵᠠᠰᠠᠭ ᠤᠨ ᠳᠦᠷᠢᠮ ᠢ ᠪᠠᠶᠢᠭᠤᠯᠬᠤ ᠪᠠ ᠡᠷᠬᠡ ᠬᠠᠷᠢᠭᠤᠴᠠᠯᠭ᠎ᠠ  ᠲᠣᠳᠣᠷᠬᠠᠶ᠂ ᠡᠳ᠋ ᠤᠨ ᠬᠦᠴᠦᠨ ᠵᠣᠬᠢᠴᠠᠩᠭᠤᠶ᠂ ᠣᠷᠣᠨ ᠪᠦᠰᠡ ᠳᠤ ᠲᠡᠩᠴᠡᠭᠦᠷᠢᠲᠡᠶ ᠲᠥᠪ ᠪᠣᠯᠤᠨ ᠣᠷᠣᠨ  ᠨᠤᠲᠤᠭ ᠤᠨ ᠡᠳ᠋ ᠤᠨ ᠵᠠᠰᠠᠭ ᠤᠨ ᠬᠠᠷᠢᠴᠠᠭ᠎ᠠ ᠶᠢ ᠲᠦᠷᠭᠡᠳᠬᠡᠨ ᠪᠠᠶᠢᠭᠤᠯᠵᠤ᠂ ᠪᠦᠬᠦ ᠲᠠᠯ᠎ᠠ ᠪᠠᠷ ᠵᠢᠷᠤᠮᠵᠢᠭᠰᠠᠨ ᠢᠯᠡ ᠲᠣᠳᠣ᠂ ᠪᠠᠷᠢᠮᠵᠢᠶ ᠎ᠠ ᠨᠢ ᠰᠢᠨᠵᠢᠯᠡᠬᠦ ᠤᠬᠠᠭᠠᠨᠴᠢ᠂ ᠬᠢᠵᠠᠭᠠᠷᠯᠠᠯ ᠨᠢ ᠬᠦᠴᠦᠲᠡᠶ ᠲᠥᠰᠦᠪ ᠤᠨ ᠳᠦᠷᠢᠮ ᠢ  ᠪᠠᠶᠢᠭᠤᠯᠵᠤ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠬᠦᠯᠬᠦ ᠬᠡᠷᠡᠭᠲᠡᠢ ᠭᠡᠪᠡ᠃  ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ ᠦᠨᠳᠦᠰᠦᠯᠡᠨ᠂ ᠪᠦᠬᠦ ᠬᠤᠲᠠ ᠶᠢᠨ ᠡᠯ᠎ᠡ ᠱᠠᠲᠤᠨ ᠤ  ᠡᠳ᠋ ᠤᠨ ᠵᠠᠰᠠᠭ  ᠤᠨ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠠᠵᠤ ᠠᠬᠤᠢ ᠶᠢᠨ ᠰᠢᠨ᠎ᠡ ᠬᠡᠪ ᠪᠠᠶᠢᠳᠠᠯ ᠳᠤ  ᠵᠣᠬᠢᠴᠠᠵᠤ᠂ ᠵᠠᠷᠢᠮ ᠳᠦᠷᠢᠮ ᠤᠨ ᠰᠢᠨ᠎ᠡ ᠡᠭᠦᠳᠦᠯᠲᠡ ᠪᠠ ᠵᠠᠩᠭᠢᠯᠠᠭ᠎ᠠ ᠶᠢᠨ ᠴᠡᠭ ᠳᠡᠭᠡᠷ᠎ᠡ ᠵᠣᠬᠢᠬᠤ ᠠᠮᠵᠢᠯᠲᠠ  ᠣᠯᠪᠠ᠃ ᠨᠢᠭᠡ ᠳᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ  ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠤᠷᠮᠠᠵᠢᠭᠤᠯᠬᠤ ᠬᠢᠵᠠᠭᠠᠷᠯᠠᠬᠤ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠬᠦᠯᠵᠦ᠂ ᠠᠮᠵᠢᠯᠲᠠ ᠪᠦᠲᠦᠮᠵᠢ ᠶᠢᠨ ᠬᠠᠷᠠᠯᠲᠠ ᠪᠠ ᠬᠢᠨᠠᠨ ᠡᠵᠡᠮᠳᠡᠬᠦ  ᠬᠠᠮᠢᠶᠠᠷᠤᠯᠲᠠ ᠶᠢ ᠴᠢᠩᠭᠠᠳᠬᠠᠬᠤ᠂ ᠡᠳ᠋ ᠤᠨ ᠵᠠᠰᠠᠭ  ᠤᠨ ᠭᠤᠤᠯᠳᠠᠯᠭ᠎ᠠ ᠲᠠᠢ ᠠᠮᠵᠢᠯᠲᠠ ᠪᠦᠲᠦᠮᠵᠢ ᠶᠢᠨ  ᠦᠨᠡᠯᠡᠯᠲᠡ ᠪᠠ ᠰᠠᠯᠠᠭ᠎ᠠ ᠮᠥᠴᠢᠷ ᠤᠨ ᠥᠨᠡᠯᠡᠯᠲᠡ ᠶᠢ ᠲᠦᠯᠬᠢᠨ ᠠᠬᠢᠭᠤᠯᠬᠤ᠂ ᠠᠮᠵᠢᠯᠲᠠ ᠪᠦᠲᠦᠮᠵᠢ ᠶᠢᠨ  ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠬᠤ᠂ ᠤᠴᠢᠷ ᠶᠠᠪᠤᠳᠠᠯ ᠤᠨ ᠡᠮᠦᠨᠡᠬᠢ ᠠᠮᠵᠢᠯᠲᠠ  ᠪᠦᠲᠦᠮᠵᠢ ᠶᠢᠨ ᠦᠨᠡᠯᠡᠨ ᠵᠢᠱᠢᠯᠲᠡ ᠶᠢ ᠰᠦᠪᠡᠭᠴᠢᠯᠡᠨ  ᠪᠠᠶᠢᠭᠤᠯᠬᠤ  ᠲᠠᠯ᠎ᠠ ᠠᠴᠠ ᠲᠥᠰᠦᠪ ᠤᠨ ᠠᠮᠵᠢᠯᠲᠠ  ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃            2016 ᠣᠨ ᠠᠴᠠ 2019 ᠣᠨ ᠪᠣᠯᠲᠠᠯ᠎ᠠ ᠡᠳ᠋ ᠤᠨ ᠵᠠᠰᠠᠭ ᠤᠨ ᠵᠠᠷᠤᠯᠭ᠎ᠠ ᠶᠢᠨ ᠭᠤᠤᠯᠳᠠᠯᠭ᠎ᠠ ᠲᠠᠢ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ 72 ᠵᠦᠢᠯᠡᠰ ᠢ ᠪᠡᠶᠡᠯᠡᠭᠦᠯᠪᠡ᠃ ᠡᠭᠦᠨ ᠳᠤ 10 ᠰᠠᠯᠠᠭ᠎ᠠ  ᠮᠥᠴᠢᠷ ᠤᠨ ᠪᠦᠬᠦᠯᠢ ᠴᠣᠭᠴᠠ ᠶᠢᠨ ᠦᠨᠡᠯᠡᠯᠲᠡ ᠪᠠᠭᠲᠠᠵᠤ᠂ 73.47 ᠳ᠋ᠦᠩᠰᠢᠭᠤᠷ ᠲᠦᠭᠦᠷᠢᠭ ᠤᠨ ᠪᠠᠯᠠ  ᠮᠥᠩᠭᠦ ᠳᠤ ᠬᠤᠯᠪᠣᠭᠳᠠᠵᠠᠶ᠃ ᠬᠤᠶᠠᠷ ᠲᠤ᠂ ᠢᠯᠡ ᠲᠣᠳᠣ ︽ᠭᠤᠷᠪᠠᠨ ᠶᠠᠪᠤᠳᠠᠯ ᠢ ᠢᠯᠡ ᠪᠣᠯᠭᠠᠬᠤ︾ ᠠᠵᠢᠯ ᠢ  ᠢᠳᠡᠪᠬᠢᠲᠡᠢ ᠠᠬᠢᠭᠤᠯᠵᠤ᠂ ᠭᠠᠷᠴᠠᠭ ᠤᠨ ᠨᠠᠷᠢᠨ ᠬᠠᠭᠤᠳᠠᠰᠤ ᠶᠢ ᠲᠣᠳᠣᠷᠬᠠᠶᠢᠯᠠᠵᠤ᠂ ᠢᠯᠡ ᠪᠣᠯᠭᠠᠬᠤ  ᠠᠭᠤᠯᠭ᠎ᠠ ᠶᠢ ᠲᠣᠭᠲᠠᠭᠠᠵᠤ᠂ 16 ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠢ ᠪᠠᠶᠢᠭᠤᠯᠵᠤ᠂ ᠣᠯᠠᠨ ᠲᠦᠮᠡᠨ ᠤ ᠬᠢᠨᠠᠯᠲᠠ ᠲᠠᠯᠪᠢᠬᠤ ᠤᠳᠠᠰᠤ᠂ ᠰᠠᠨᠠᠯ ᠤᠨ ᠬᠠᠶᠢᠷᠴᠠᠭ ᠪᠠ ᠦᠭᠡ ᠦᠯᠡᠳᠡᠭᠡᠬᠦ ᠰᠠᠮᠪᠠᠷ᠎ᠠ ᠶᠢ ᠪᠠᠶᠢᠭᠤᠯᠵᠤ  ᠂ ᠲᠥᠪ ᠬᠤᠲᠠ ᠶᠢᠨ ᠡᠳ᠋ ᠤᠨ ᠵᠠᠰᠠᠭ ᠤᠨ ᠨᠠᠮ ᠤᠨ ᠠᠵᠢᠯ᠂ ᠵᠠᠰᠠᠭ ᠤᠨ ᠶᠠᠪᠤᠳᠠᠯ᠂ ᠡᠳ᠋ ᠤᠨ ᠶᠠᠪᠤᠳᠠᠯ ᠢ ᠢᠯᠡ  ᠪᠣᠯᠭᠠᠬᠤ ᠠᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ  ᠃ ᠡᠨᠡ ᠵᠢᠯ ᠠᠴᠠ ᠨᠠᠰᠢ᠂ ᠡᠯ᠎ᠡ ᠲᠥᠷᠥᠯ ᠤᠨ ᠲᠠᠪᠴᠠᠩ ᠢᠶᠠᠷ ᠳᠠᠮᠵᠢᠭᠤᠯᠤᠨ 4400 ᠭᠠᠷᠤᠶ ᠵᠤᠷᠪᠤᠰ ᠮᠡᠳᠡᠭᠡ  ᠵᠠᠩᠭᠢ ᠨᠡᠶᠢᠲᠡᠯᠡᠪᠡ᠃ ᠡᠨᠡ ᠵᠢᠯ ᠤᠨ 9  ᠳ᠋ᠤᠭᠡᠷ ᠰᠠᠷ᠎ᠠ ᠳᠤ᠂ ᠮᠠᠨ ᠤ ᠲᠣᠪᠴᠢᠶ᠎ᠠ ᠪᠥᠬᠦ ᠬᠤᠲᠠ ᠶᠢᠨ ᠨᠠᠮ ᠤᠨ  ᠶᠠᠪᠤᠳᠠᠯ ᠢ ᠢᠯᠡ ᠪᠣᠯᠭᠠᠬᠤ ᠠᠵᠢᠯ ᠤᠨ ᠲᠤᠬᠠᠶ ᠶᠢᠨ ᠲᠠᠯᠠᠪᠤᠷ ᠲᠤ ᠲᠤᠭᠤᠷᠢᠨ ᠦᠵᠡᠬᠦ ᠴᠤᠭᠯᠠᠭᠠᠨ ᠤ  ᠦᠵᠡᠭᠦᠯᠦᠯᠭᠡ ᠶᠢᠨ ᠴᠡᠭ ᠢᠶᠠᠷ ᠰᠣᠩᠭᠤᠭᠳᠠᠪᠠ᠃ ᠭᠤᠷᠪᠠ ᠳᠤ ᠤᠯᠤᠰ ᠤᠨ ᠰᠠᠩ ᠤᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠤᠯᠤᠰ ᠤᠨ ᠰᠠᠩ ᠤᠨ ᠵᠠᠷᠤᠯᠭ᠎ᠠ ᠶᠢ  ᠡᠯᠤᠺᠲᠷᠤᠨᠴᠢᠯᠠᠬᠤ ᠶᠢ ᠪᠡᠶᠡᠯᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠳᠤ ᠪᠦᠬᠦ ᠶᠠᠪᠤᠴᠠ ᠶᠢᠨ ᠬᠥᠳᠡᠯᠦᠩᠭᠦᠶ  ᠬᠢᠨᠠᠨ ᠡᠵᠡᠮᠰᠢᠯ ᠶᠠᠪᠤᠭᠤᠯᠪᠠ︔ ᠳᠥᠷᠪᠡ ᠳᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠪᠦᠬᠦᠨ ᠢ ᠲᠥᠰᠦᠪ ᠤᠨ  ᠬᠠᠮᠢᠶᠠᠷᠤᠯᠲᠠ ᠳᠤ ᠤᠷᠤᠭᠤᠯᠪᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ  ᠬᠠᠮᠢᠶᠠᠷᠤᠯᠲᠠ ᠵᠢᠴᠢ ᠲᠦᠭᠰᠢᠭᠦᠷᠢ ᠶᠢ  ᠣᠷᠢᠳᠴᠢᠯᠠᠨ ᠰᠡᠷᠡᠮᠵᠢᠯᠡᠭᠦᠯᠬᠦ ᠵᠢᠷᠤᠮᠵᠢᠭᠰᠠᠨ ᠪᠥᠭᠡᠳ ᠵᠦᠶ ᠵᠣᠬᠢᠰᠲᠠᠶ  ᠲᠣᠭᠲᠠᠴᠠ ᠶᠢ ᠪᠠᠶᠢᠭᠤᠯᠵᠤ᠂ ᠵᠠᠰᠠᠭ ᠤᠨ ᠣᠷᠳᠤᠨ ᠤ ᠥᠷᠢ ᠥᠭᠴᠡᠭᠡ ᠶᠢ ᠠᠷᠢᠯᠭᠠᠬᠤ ᠲᠤᠬᠠᠶ ᠰᠢᠨᠵᠢᠯᠡᠬᠦ  ᠤᠬᠠᠭᠠᠨᠴᠢ ᠪᠥᠭᠡᠳ ᠶᠠᠪᠤᠭᠳᠠᠭᠤᠰᠢᠲᠠᠶ ᠬᠡᠷᠡᠭᠵᠢᠭᠦᠯᠬᠦ ᠲᠥᠰᠦᠯ ᠢ ᠲᠣᠭᠲᠠᠭᠠᠪᠠ︔ ᠲᠠᠪᠤ ᠳᠤ ᠵᠠᠰᠠᠭ  ᠤᠨ  ᠣᠷᠳᠣᠨ ᠤ ᠬᠤᠳᠠᠯᠳᠤᠨ ᠠᠪᠬᠤ ᠳᠦᠷᠢᠮ ᠲᠠᠰᠤᠷᠠᠯᠲᠠ ᠦᠭᠡᠢ ᠲᠡᠭᠦᠯᠳᠡᠷᠵᠢᠵᠦ᠂ ᠬᠠᠮᠢᠶᠠᠷᠤᠯᠲᠠ ᠶᠢᠨ ᠪᠠᠶᠢᠭᠤᠯᠤᠯ  ᠲᠣᠭᠲᠠᠴᠠ ᠲᠠᠰᠤᠷᠠᠯᠲᠠ ᠦᠭᠡᠢ ᠲᠡᠭᠦᠯᠳᠡᠷᠵᠢᠵᠦ᠂ ᠬᠤᠳᠠᠯᠳᠤᠨ ᠠᠪᠬᠤ ᠦᠷ᠎ᠡ ᠪᠦᠲᠦᠮᠵᠢ ᠲᠣᠭᠲᠠᠭᠤᠨ ᠢᠶᠠᠷ  ᠳᠡᠭᠡᠭᠰᠢᠯᠡᠵᠦ᠂ 2017 ᠣᠨ ᠠᠴᠠ ᠨᠠᠰᠢ᠂ ᠮᠠᠨ ᠤ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ  ᠠᠪᠬᠤ ᠳᠤ ᠠᠷᠪᠢᠯᠠᠭᠰᠠᠨ ᠪᠠᠯᠠ ᠮᠥᠩᠭᠦ 7.21 ᠳ᠋ᠦᠩᠰᠢᠭᠤᠷ ᠲᠥᠭᠦᠷᠢᠭ ᠪᠠᠶᠢᠵᠤ᠂ ᠪᠠᠯᠠ ᠮᠥᠩᠭᠦ ᠶᠢ ᠠᠷᠪᠢᠯᠠᠭᠰᠠᠨ ᠨᠣᠷᠮ᠎ᠠ 3.35% ᠬᠦᠷᠴᠡᠢ᠃ ᠵᠢᠷᠭᠤᠭ᠎ᠠ ᠳᠤ ᠵᠠᠰᠠᠭ ᠤᠨ ᠣᠷᠳᠣᠨ ᠪᠣᠯᠤᠨ ᠨᠡᠶᠢᠭᠡᠮ ᠤᠨ  ᠬᠥᠷᠥᠩᠭᠡ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠬᠥᠷᠥᠩᠭᠡ ᠶᠢ ᠲᠡᠳᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ 2016 ᠣᠨ ᠤ ᠰᠡᠭᠦᠯᠴᠢ ᠪᠠᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠮᠳᠠᠭᠤᠯᠤᠨ ᠵᠢᠯᠣᠭᠤᠳᠬᠤ  ᠳᠤᠭᠤᠶᠢᠯᠠᠩ ᠠᠴᠠ ᠮᠠᠨ ᠤ ᠬᠤᠲᠠ ᠶᠢᠨ PPP ᠠᠵᠢᠯ ᠢ ᠲᠤᠰᠬᠠᠶ ᠬᠢᠨᠠᠨ ᠵᠢᠯᠣᠭᠤᠳᠴᠤ᠂ ᠡᠳ᠋ ᠤᠨ ᠵᠠᠰᠠᠭ ᠤᠨ  ᠶᠠᠮᠤᠨ PPP ᠲᠥᠪ ᠤᠨ  ᠡᠷᠬᠢᠯᠡᠭᠴᠢ ᠵᠢᠶᠤᠤ ᠰᠢᠶᠣᠣ ᠫᠢᠩ ᠵᠢᠭᠠᠵᠤ ᠭᠠᠷᠭᠠᠭᠰᠠᠨ ᠨᠢ  ᠂ ᠬᠥᠬᠡᠬᠤᠲᠠ ᠪᠣᠯ  ᠪᠦᠬᠦ ᠤᠯᠤᠰ ᠤᠨ PPP ᠠᠵᠢᠯ ᠤᠨ ᠲᠡᠷᠢᠭᠦᠨ ᠬᠤᠲᠠ ᠪᠣᠯᠤᠨ᠎ᠠ᠃ ᠡᠯ᠎ᠡ ᠵᠦᠢᠯ ᠤᠨ ᠠᠵᠢᠯ ᠢ ᠳᠡᠭᠡᠳᠦ  ᠬᠡᠮᠵᠢᠶ᠎ᠡ ᠪᠠᠷ ᠲᠦᠯᠬᠢᠨ ᠠᠬᠢᠭᠤᠯᠵᠤ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ᠂ ᠵᠣᠬᠢᠶᠠᠨ ᠪᠠᠶᠢᠭᠤᠯᠤᠭᠰᠠᠨ ᠨᠢ  ᠲᠡᠮᠳᠡᠢ ᠭᠡᠵᠡᠢ᠃ ᠲᠤᠯᠤᠭ᠎ᠠ ᠳᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠦᠢᠯᠡᠴᠢᠯᠡᠭᠡ  ᠬᠤᠳᠠᠯᠳᠤᠨ ᠠᠪᠬᠤ  ᠬᠡᠪᠴᠢᠶ᠎ᠡ  ᠶᠢ ᠲᠠᠰᠤᠷᠠᠯᠳᠠ ᠦᠭᠡᠢ ᠥᠷᠭᠡᠳᠬᠡᠪᠡ︔ ᠲᠤᠰᠬᠠᠶ ᠲᠦᠷᠦᠯ ᠤᠨ  ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠥᠷᠨᠢᠭᠦᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢ  ᠬᠡᠷᠡᠭᠯᠡᠬᠦ ᠦᠷ᠎ᠡ ᠠᠰᠢᠭ ᠤᠨ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠪᠠ︔ ᠨᠠᠢᠮᠠ ᠳᠤ ᠬᠠᠤᠯᠢ ᠪᠠᠷ ᠵᠠᠰᠠᠬᠤ ᠡᠳ᠋ ᠤᠨ ᠵᠠᠰᠠᠭ  ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠪᠦᠷᠢᠨ ᠲᠡᠭᠦᠯᠳᠡᠷ  ᠪᠠᠲᠤᠯᠠᠭ᠎ᠠ ᠶᠢᠨ ᠰᠢᠰᠲ᠋ᠧᠮᠵᠢ᠂ ᠥᠨᠳᠥᠷ ᠪᠦᠲᠦᠮᠵᠢᠲᠡᠶ ᠬᠡᠷᠡᠭᠵᠢᠭᠦᠯᠬᠦ ᠰᠢᠰᠲ᠋ᠧᠮᠵᠢ  ᠪᠠ ᠨᠢᠭᠲᠠ ᠴᠢᠩᠭ᠎ᠠ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠵᠤ᠂ 5 ᠵᠢᠯ ᠳᠠᠷᠠᠭᠠᠯᠠᠨ ᠪᠦᠬᠦ ᠣᠷᠣᠨ ᠤ ᠬᠠᠤᠯᠢ ᠪᠠᠷ ᠵᠠᠰᠠᠬᠤ ᠡᠳ᠋ ᠤᠨ  ᠵᠠᠰᠠᠭ ᠤᠨ ᠪᠠᠶᠢᠭᠤᠯᠤᠯᠲᠠ ᠶᠢᠨ ᠲᠡᠷᠢᠭᠦᠨ ᠤ ᠨᠢᠭᠡᠴᠡ ᠪᠠᠷ ᠦᠨᠡᠯᠡᠭᠳᠡᠪᠡ᠃            ᠲᠠᠪᠤ ᠲᠤ᠂ ᠡᠳ᠋ ᠤᠨ ᠵᠠᠰᠠᠭ ᠤᠨ ᠦᠢᠯᠡᠴᠢᠯᠡᠭᠡ ᠦᠷᠭᠦᠯᠵᠢᠯᠡᠨ ᠰᠢᠯᠢᠳᠡᠭᠵᠢᠪᠡ᠃ ᠨᠢᠭᠡ ᠳᠤ ︽ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠡᠳ᠋ ᠤᠨ ᠵᠠᠰᠠᠭ ᠤᠨ ᠦᠢᠯᠡᠴᠢᠯᠡᠭᠡᠨ ᠤ ᠶᠠᠰᠤ ᠴᠢᠨᠠᠷ ᠪᠠ  ᠬᠢᠷᠢ ᠲᠦᠪᠰᠢᠨ ᠢ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠰᠠᠨᠠᠯ︾ ᠳᠤ ᠳᠤᠷᠠᠳᠤᠭᠰᠠᠨ ᠡᠳ᠋ ᠤᠨ ᠵᠠᠰᠠᠭ ᠤᠨ  ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ 7 ᠲᠠᠯ᠎ᠠ ᠶᠢᠨ 25 ᠵᠦᠢᠯ ᠤᠨ ᠠᠷᠭ᠎ᠠ ᠬᠡᠮᠵᠢᠶ᠎ᠡ ᠪᠠ ︽ᠵᠢᠷᠭᠤᠭᠠᠨ  ᠨᠢᠭᠡ︾᠂ ︽ᠵᠢᠷᠭᠤᠭᠠᠨ ᠰᠠᠶᠢᠨ︾᠂ ︽ᠳᠥᠷᠪᠡᠨ ᠵᠢᠷᠤᠮᠵᠢᠯ︾᠂ ︽ ᠵᠢᠷᠭᠤᠭᠠᠨ ᠥᠯᠥ︾ ᠪᠠᠷ ᠭᠤᠤᠯ ᠠᠭᠤᠯᠭ᠎ᠠ ᠪᠣᠯᠭᠠᠭᠰᠠᠨ ︽6646︾ ᠦᠢᠯᠡᠴᠢᠯᠡᠭᠡᠨ ᠤ ᠵᠢᠷᠤᠮᠵᠢᠯ ᠢ ᠬᠢᠨᠠᠮᠠᠭᠠᠶ ᠨᠠᠶᠢᠳᠠᠪᠤᠷᠢᠵᠢᠭᠤᠯᠪᠠ᠃  ᠬᠤᠶᠠᠷ ᠲᠤ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2020 ᠣᠨ ᠤ  2 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠤ ᠲᠣᠳᠣᠷᠬᠠᠶ ᠲᠣᠭᠲᠠᠭᠠᠭᠰᠠᠨ ᠶᠢᠰᠦᠨ ᠶᠡᠭᠡ  ᠡᠭᠦᠷᠭᠡ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠬᠤᠲᠠ ᠶᠢᠨ ᠨᠠᠮ ᠤᠨ  ᠬᠤᠷᠢᠶᠠᠨ ᠤ ︽ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠣᠷᠴᠢᠨ ᠲᠣᠭᠤᠷᠢᠨ ᠢᠶᠠᠨ  ᠰᠢᠯᠢᠳᠡᠭᠵᠢᠬᠦᠯᠵᠦ᠂  ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ︾ ᠶᠡᠷᠦᠩᠬᠡᠶ ᠱᠠᠭᠠᠷᠳᠠᠯᠭ᠎ᠠ ᠪᠠ ︽︿ᠶᠡᠬᠡᠪᠡᠷ ᠰᠤᠷᠤᠯᠴᠠᠬᠤ᠂ ᠶᠡᠭᠡ ᠪᠠᠷ  ᠰᠠᠶᠢᠵᠢᠷᠠᠭᠤᠯᠬᠤ᠂ ᠶᠡᠭᠡ ᠪᠠᠷ ᠰᠤᠷᠪᠤᠯᠵᠢᠯᠠᠬᠤ᠂ ᠶᠡᠭᠡ ᠪᠠᠷ ᠳᠡᠭᠡᠭᠰᠢᠯᠡᠭᠦᠯᠬᠦ﹀ ᠠᠵᠢᠯᠯᠠᠭ᠎ᠠ ᠶᠢ ᠭᠦᠨᠵᠡᠭᠡᠶ  ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ᠂ ︽ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ  ᠺᠠᠳ᠋ᠷ ᠤᠨ ᠰᠢᠨ᠎ᠡ ᠴᠠᠭ ᠦᠶ᠎ᠡ ᠶᠢᠨ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠮᠠᠰᠢᠭᠤᠯᠬᠤ  ᠠᠵᠢᠯ ᠤᠨ ᠬᠡᠷᠡᠭᠵᠢᠭᠦᠯᠬᠦ ᠲᠥᠰᠦᠯ︾ ᠵᠡᠷᠭᠡ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠬᠤᠪᠢᠷᠠᠭᠤᠯᠬᠤ ᠲᠠᠯ᠎ᠠ ᠶᠢᠨ 9 ᠠᠵᠢᠯ ᠤᠨ ᠲᠥᠰᠦᠯ ᠢ ᠲᠣᠭᠲᠠᠭᠠᠵᠤ᠂ ᠠᠵᠢᠯ ᠤᠨ ᠰᠤᠷᠲᠠᠯ ᠢ ᠪᠦᠬᠦ ᠲᠠᠯ᠎ᠠ ᠪᠠᠷ ᠦᠷᠭᠦᠯᠵᠢᠯᠡᠨ ᠰᠠᠶᠢᠵᠢᠷᠠᠭᠤᠯᠵᠤ᠂ ᠣᠨᠴᠠᠭᠠᠶᠢᠯᠠᠨ ᠪᠠᠷᠢᠮᠵᠢᠶ᠎ᠠ ᠲᠠᠢ ᠬᠠᠷᠢᠴᠠᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂  ᠰᠦᠯᠵᠢᠶᠡᠨ ᠤ ᠬᠠᠷᠠᠭᠠᠨ ᠳᠠᠪᠲᠠᠮᠵᠢ ᠪᠤᠶᠤ ᠲᠤᠬᠠᠶ ᠶᠢᠨ ᠭᠠᠵᠠᠷ ᠲᠤ ᠲᠣᠭᠤᠷᠢᠨ ᠦᠵᠡᠵᠦ ᠰᠤᠷᠤᠯᠴᠠᠬᠤ  ᠬᠡᠯᠪᠡᠷᠢ ᠪᠠᠷ ᠬᠤᠨᠠᠨ ᠮᠤᠵᠢ ᠶᠢᠨ ᠡᠳ᠋ ᠤᠨ ᠵᠠᠰᠠᠭ ᠤᠨ ᠲᠢᠩᠬᠢᠮ᠂ ᠵᠧᠩᠵᠧᠤ ᠬᠤᠲᠠ ᠶᠢᠨ ᠡᠳ᠋ ᠤᠨ ᠵᠠᠰᠠᠭ ᠤᠨ  ᠲᠣᠪᠴᠢᠶ᠎ᠠ᠂ ᠣᠷᠳᠣᠰ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂  ᠶᠠᠨ ᠲᠠᠢ ᠬᠤᠲᠠ ᠶᠢᠨ ᠡᠳ᠋ ᠤᠨ ᠵᠠᠰᠠᠭ ᠤᠨ  ᠲᠣᠪᠴᠢᠶ᠎ᠠ ᠵᠡᠷᠭᠡ 7 ᠨᠢᠭᠡᠴᠡ ᠲᠠᠢ ᠭᠦᠨᠵᠡᠭᠡᠶ ᠰᠤᠷᠤᠯᠴᠠᠨ  ᠰᠣᠯᠢᠯᠴᠠᠵᠤ ᠲᠥᠪ ᠬᠤᠲᠠ ᠶᠢᠨ  ᠡᠳ᠋ ᠤᠨ ᠵᠠᠰᠠᠭ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ  ᠲᠡᠭᠦᠯᠳᠡᠷᠵᠢᠬᠦᠯᠬᠦ᠂  ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ  ᠬᠥᠮᠥᠷᠭᠡ ᠵᠡᠷᠭᠡ ᠠᠵᠢᠯ ᠢ ᠠᠬᠢᠭᠤᠯᠬᠤ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ᠂ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠪᠠ  ᠃ ᠭᠤᠷᠪᠠ ᠳᠤ ᠲᠠᠭᠠᠭᠠᠴᠢᠯᠠᠨ ᠬᠤᠯᠪᠤᠭᠠᠯᠠᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠣᠴᠢᠵᠤ ᠰᠤᠷᠪᠤᠯᠵᠢᠯᠠᠵᠤ ᠠᠵᠢᠯ ᠢ ᠨᠠᠷᠢᠨ ᠬᠢᠨᠠᠮᠠᠭᠠᠶ ᠥᠷᠨᠢᠭᠦᠯᠵᠦ᠂  ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠤᠳᠤᠷᠢᠳᠬᠤ ᠺᠠᠳ᠋ᠷ ᠠᠷᠠᠳ ᠠᠴᠠ ᠡᠵᠡᠩᠨᠡᠭᠰᠡᠨ ᠠᠵᠤ  ᠠᠬᠤᠶᠢᠯᠠᠯ ᠲᠠᠢ ᠬᠠᠷᠢᠯᠴᠠᠬᠤ ᠠᠵᠢᠯ ᠤᠨ ᠳᠦᠷᠢᠮ ᠢ ᠳᠠᠷᠤᠮᠠᠯᠯᠠᠨ ᠲᠠᠷᠬᠠᠭᠠᠵᠤ᠂ ᠲᠣᠪᠴᠢᠶᠠᠨ ᠤ ᠤᠳᠤᠷᠢᠳᠬᠤ  ᠪᠠᠭ ᠤᠨ ᠪᠦᠷᠢᠯᠳᠦᠬᠦᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠠᠢ ᠭᠦᠨᠵᠡᠭᠡᠶ  ᠬᠤᠯᠪᠤᠭᠠᠯᠠᠵᠤ᠂ ᠠᠵᠤ  ᠠᠬᠤᠶᠢᠯᠠᠯ ᠤᠨ ᠬᠦᠴᠢᠷᠳᠡᠯ ᠢ ᠨᠢ  ᠢᠳᠡᠪᠬᠢᠲᠡᠢ ᠰᠢᠢᠳᠪᠦᠷᠢᠯᠡᠵᠦ ᠥᠭᠬᠦ ᠶᠢ ᠪᠠᠷᠢᠮᠳᠠᠯᠠᠪᠠ᠃            ᠶᠡᠷᠦᠩᠬᠡᠶ ᠳᠤᠨᠢ ᠠᠪᠴᠤ ᠦᠵᠡᠪᠡᠯ᠂  ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ  ᠮᠠᠨ ᠤ ᠬᠤᠲᠠ ᠶᠢᠨ ᠡᠳ᠋ ᠤᠨ  ᠵᠠᠰᠠᠭ ᠤᠨ ᠠᠵᠢᠯ ᠵᠣᠬᠢᠬᠤ ᠠᠮᠵᠢᠯᠲᠠ ᠣᠯᠵᠤ᠂ ᠡᠳ᠋ ᠤᠨ ᠵᠠᠰᠠᠭ  ᠤᠨ ᠣᠷᠣᠯᠭ᠎ᠠ  ᠵᠠᠷᠤᠯᠭ᠎ᠠ ᠶᠢᠨ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠲᠥᠰᠦᠪ ᠤᠨ ᠬᠠᠮᠢᠶᠠᠷᠤᠯᠲᠠ ᠶᠢᠨ  ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠤᠯᠢ ᠶᠣᠰᠤᠭᠠᠷ ᠵᠠᠰᠠᠭ ᠶᠠᠪᠤᠭᠤᠯᠵᠤ ᠬᠠᠤᠯᠢ  ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠶᠢ ᠪᠦᠬᠦ ᠲᠠᠯ᠎ᠠ ᠪᠠᠷ ᠠᠬᠢᠭᠤᠯᠵᠤ᠂ ᠲᠥᠪ ᠤᠨ ᠪᠠ ᠥᠪᠡᠷᠲᠡᠭᠡᠨ  ᠵᠠᠰᠠᠬᠤ ᠣᠷᠣᠨ ᠤ ᠲᠥᠷᠦ ᠶᠢᠨ ᠪᠣᠳᠣᠯᠭ᠎ᠠ ᠪᠠ ᠪᠡᠯᠡ ᠮᠥᠩᠭᠦ ᠶᠢᠨ ᠳᠡᠮᠵᠢᠯᠭᠡ ᠶᠢ ᠪᠦᠬᠦ ᠲᠠᠯ᠎ᠠ ᠪᠠᠷ ᠣᠯᠵᠤ᠂  ᠮᠠᠨ ᠤ ᠬᠤᠲᠠ ᠶᠢᠨ ᠡᠳ᠋ ᠤᠨ ᠵᠠᠰᠠᠭ ᠤᠨ ᠲᠣᠭᠲᠠᠭᠤᠨ ᠠᠵᠢᠯᠯᠠᠭᠠᠨ ᠪᠠ ᠡᠳ᠋ ᠤᠨ ᠵᠠᠰᠠᠭ ᠤᠨ ᠡᠭᠦᠷᠭᠡ  ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢ ᠬᠦᠴᠦᠲᠡᠢ ᠪᠠᠲᠤᠯᠠᠪᠠ᠃            5. ᠬᠥᠲᠥᠯᠥᠭᠴᠢ            ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠠᠷᠭ᠎ᠠ ᠪᠦᠬᠦᠨ ᠢ ᠰᠦᠪᠡᠭᠴᠢᠯᠡᠨ  ᠪᠠᠶᠢᠷᠢᠰᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠦᠭᠡᠯᠡᠭᠴᠢᠳ ᠤᠨ ᠪᠦᠯᠬᠦᠮ ᠤᠨ  ᠬᠢᠨᠠᠨ ᠵᠥᠪᠯᠡᠬᠦ ᠳᠤ ᠭᠤᠷᠪᠠ ᠤᠳᠠᠭ᠎ᠠ ᠤᠷᠤᠯᠴᠠᠵᠤ᠂ ᠮᠠᠨ ᠤ ᠣᠷᠣᠨ ᠤ ᠪᠦᠲᠦᠭᠡᠨ ᠪᠠᠶᠢᠭᠤᠯᠤᠯᠲᠠ  ᠬᠥᠭᠵᠢᠯᠲᠡ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠲᠡᠭᠡᠪᠡᠯ ᠬᠥᠬᠡᠬᠤᠲᠠ ᠶᠢᠨ ᠡᠳ᠋ ᠤᠨ ᠵᠠᠰᠠᠭ ᠤᠨ  ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ  ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠣᠶ︖            6.ᠲᠥᠰᠦᠪ ᠤᠨ ᠰᠠᠯᠠᠭᠠᠨ ᠤ ᠳᠡᠳ᠋ ᠳᠠᠷᠤᠭ᠎ᠠ ᠭᠡᠷᠡᠯᠲᠦ       ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ᠂ ᠶᠡᠷᠦᠩᠬᠡᠶ ᠱᠦᠵᠢ ᠰᠢ ᠶᠢᠨ ᠫᠢᠩ ᠥᠪᠥᠷ  ᠮᠣᠩᠭᠤᠯ ᠢ ᠴᠢᠩ ᠰᠡᠳᠬᠢᠯ ᠠᠴᠠ ᠪᠠᠨ ᠬᠠᠯᠠᠮᠵᠢᠯᠠᠵᠤ᠂ 2018 ᠣᠨ ᠠᠴᠠ 2020 ᠣᠨ ᠪᠣᠯᠲᠠᠯ᠎ᠠ ᠭᠤᠷᠪᠠ ᠤᠳᠠᠭ᠎ᠠ ᠪᠥᠬᠦ ᠤᠯᠤᠰ ᠤᠨ ᠬᠤᠶᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ  ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠰᠢᠷᠭᠠᠭᠤ ᠬᠠᠲᠠᠭᠤᠵᠢᠯᠲᠠᠶ  ᠠᠵᠢᠯᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠠᠵᠤ ᠠᠬᠤᠢ ᠶᠢᠨ  ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠲᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ ᠤ ᠪᠥᠯᠬᠦᠮᠳᠡᠯ ᠪᠠ ᠬᠢᠯᠢ ᠬᠢᠵᠠᠭᠠᠷ ᠤᠨ ᠠᠮᠤᠷ  ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ᠠᠮᠢ ᠠᠬᠤᠢ ᠶᠢᠨ  ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ  ᠬᠦᠴᠦᠨ ᠢ ᠪᠠᠲᠤᠯᠠᠵᠤ᠂  ᠠᠮᠢ ᠠᠬᠤᠢ ᠶᠢ ᠤᠷᠢᠳ ᠢᠶᠠᠷ  ᠪᠣᠳᠤᠯᠬᠢᠯᠠᠭᠰᠠᠨ  ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ  ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ  ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠂ ᠠᠷᠠᠳ ᠲᠦᠮᠡᠨ ᠳᠤ ᠲᠦᠰᠢᠭᠯᠡᠵᠦ᠂ ᠠᠷᠠᠳ ᠲᠦᠮᠡᠨ ᠳᠤ ᠪᠤᠶᠠᠨ ᠦᠢᠯᠡᠳᠬᠦ ᠶᠢ ᠪᠠᠷᠢᠮᠲᠠᠯᠠᠨ᠂ ᠲᠣᠭᠲᠠᠭᠤᠨ ᠤ ᠳᠤᠮᠳᠠ  ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ  ᠪᠠᠷᠢᠮᠳᠠᠯᠠᠵᠤ᠂ ᠰᠢᠨ᠎ᠡ ᠬᠥᠭᠵᠢᠯᠲᠡ ᠶᠢᠨ  ᠣᠶᠢᠯᠠᠭᠠᠭᠳᠠᠬᠤᠨ ᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠲᠠᠶᠢᠯᠠᠯᠳᠤᠭᠠᠨ ᠢ ᠡᠷᠡᠰ ᠰᠠᠶᠢᠲᠤᠷ ᠬᠢᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃            ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ  ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢᠨ ᠠᠭᠤᠯᠤᠭᠳᠠᠬᠤᠨ ᠨᠢ ᠡᠯᠪᠡᠭ ᠪᠠᠶᠠᠯᠢᠭ᠂ ᠰᠡᠳᠬᠢᠯ  ᠨᠢ ᠴᠢᠩ ᠦᠨᠡᠨᠴᠢ᠂ ᠰᠢᠨ᠎ᠡ ᠴᠠᠭ ᠦᠶ᠎ᠡ ᠶᠢᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠳᠤ ᠤᠷᠤᠭᠰᠢᠯᠠᠬᠤ  ᠴᠢᠭᠯᠡᠯ ᠢ ᠲᠣᠳᠣᠷᠬᠠᠶ ᠵᠢᠭᠠᠵᠤ᠂  ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ  ᠨᠡᠮᠡᠷᠢᠯᠡᠪᠡ᠃ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ  ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ  ᠬᠤᠷᠢᠶ᠎ᠠ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ  ᠨᠠᠶᠢᠳᠠᠪᠤᠷᠢᠵᠢᠭᠤᠯᠵᠤ᠂ ︽ᠬᠤᠶᠠᠷ ᠬᠠᠯᠬᠠᠪᠴᠢ︾ ᠶᠢ ᠪᠠᠶᠢᠭᠤᠯᠬᠤ ᠴᠢᠬᠤᠯᠠ ᠶᠡᠭᠡ ᠤᠯᠤᠰ ᠲᠥᠷᠥ ᠶᠢᠨ  ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ  ᠪᠠᠳᠠᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠡᠳ᠋ ᠤᠨ ᠵᠠᠰᠠᠭ ᠤᠨ ᠢᠳᠡᠪᠬᠢᠲᠡᠢ  ᠲᠥᠷᠥ ᠶᠢᠨ ᠪᠣᠳᠣᠯᠭ᠎ᠠ ᠠᠪᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠵᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠤᠨ ᠴᠢᠩ ᠰᠡᠳᠬᠢᠯ ᠤᠨ  ᠨᠠᠶᠢᠳᠠᠯᠭ᠎ᠠ ᠶᠢ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠳᠦᠭᠡᠨ ᠪᠠᠶᠢᠭᠤᠯᠬᠤ ᠠᠮᠢᠳᠤᠯᠢᠭ ᠦᠢᠯᠡᠳᠦᠯᠭᠡ  ᠪᠣᠯᠭᠠᠨ ᠬᠤᠪᠢᠷᠠᠭᠤᠯᠬᠤ ᠪᠠᠷ ᠴᠢᠷᠮᠠᠶᠢᠪᠠ᠃            ᠵᠢᠱᠢᠶᠡᠯᠡᠪᠡᠯ᠂ ᠪᠢᠳᠡ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠪᠠ᠃  ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ  ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠶᠠᠷᠢᠭᠰᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ  ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠪᠠᠳᠤᠵᠢᠭᠤᠯᠬᠤ︾ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ  ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠳᠤᠷᠠᠳᠤᠭᠰᠠᠨ ︽ᠰᠠᠬᠢᠨ ᠪᠠᠷᠠᠯᠠᠵᠤ ᠬᠠᠷᠢᠯᠴᠠᠨ  ᠬᠠᠪᠰᠤᠷᠤᠯᠴᠠᠬᠤ︾ ᠲᠤᠬᠠᠶ ᠴᠢᠩ ᠰᠡᠳᠬᠢᠯ ᠤᠨ ᠬᠦᠰᠡᠯ ᠡᠷᠡᠮᠡᠯᠵᠡᠯ ᠪᠠ ᠰᠥᠨᠢᠳ ᠪᠠᠷᠠᠭᠤᠨ ᠬᠤᠰᠢᠭᠤᠨ ᠤ  ᠤᠯᠠᠭᠠᠨᠮᠥ᠋ᠴᠢᠷ ᠤᠨ ᠭᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠣᠰᠣᠭᠠᠷ᠂ ᠪᠦᠬᠦ  ᠬᠤᠲᠠ ᠶᠢᠨ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ  ᠥᠨᠳᠦᠰᠦᠳᠡᠨ ᠤ ᠠᠵᠢᠯ ᠤᠨ ᠲᠤᠬᠠᠢ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ  ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠲᠣᠭᠲᠠᠭᠤᠨ ᠢ ᠯᠠᠪᠳᠠᠭᠤᠨ  ᠪᠠᠲᠤᠲᠠᠢ ᠠᠬᠢᠭᠤᠯᠪᠠ᠃ ᠨᠢᠭᠡ ᠳᠤ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠤᠨ ᠬᠥᠭᠵᠢᠯᠲᠡ ᠶᠢ  ᠶᠡᠬᠡᠪᠡᠷ ᠲᠦᠯᠬᠢᠨ ᠠᠬᠢᠭᠤᠯᠪᠠ᠃ ᠮᠠᠨ ᠤ ᠬᠤᠲᠠ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢ  ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ 2017 ᠣᠨ ᠠᠴᠠ ᠨᠠᠰᠢ ᠪᠥᠬᠦ ᠬᠤᠲᠠ ᠳᠤ ᠨᠡᠶᠢᠲᠡ 12  ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠥᠨᠳᠥᠰᠦᠳᠡᠨ ᠤ ᠰᠤᠷᠭᠠᠭᠤᠯᠢ ᠶᠢᠨ ᠰᠤᠷᠭᠠᠨ ᠬᠥᠮᠦᠵᠢᠯ ᠤᠨ  ᠦᠢᠯᠡᠰ ᠲᠤ ᠬᠡᠷᠡᠭᠯᠡᠪᠡ᠃ ᠬᠤᠤᠰ ᠬᠡᠯᠡ ᠪᠠᠷ ᠬᠢᠴᠢᠶᠡᠯᠯᠡᠬᠦ ᠰᠤᠷᠤᠭᠴᠢᠳ ᠤᠨ ᠨᠥᠬᠦᠪᠥᠷᠢ ᠶᠢ ᠳᠡᠭᠡᠭᠰᠢᠯᠡᠭᠦᠯᠵᠦ᠂  ᠠᠯᠪᠠᠨ ᠵᠢᠷᠤᠮ ᠤᠨ ᠰᠤᠷᠭᠠᠭᠤᠯᠢ ᠶᠢᠨ ᠱᠠᠲᠤ ᠦᠶ᠎ᠡ ᠶᠢᠨ ᠦᠨᠳᠦᠰᠦᠲᠡᠨ ᠤ ᠰᠤᠷᠭᠠᠭᠤᠯᠢ ᠶᠢᠨ ᠬᠤᠤᠰ ᠬᠡᠯᠡ ᠪᠠᠷ  ᠬᠢᠴᠢᠶᠡᠯᠯᠡᠬᠦ ᠠᠯᠪᠠᠨ ᠬᠡᠷᠡᠭᠯᠡᠭᠡᠨ ᠤ ᠵᠠᠷᠤᠳᠠᠯ ᠢ ᠰᠠᠭᠤᠷᠢ ᠪᠠᠷᠢᠮᠵᠢᠶ᠎ᠠ ᠨᠣᠷᠮ᠎ᠠ ᠲᠣᠭᠲᠠᠭᠠᠭᠰᠠᠨ ᠰᠠᠭᠤᠷᠢᠨ ᠳᠡᠭᠡᠷ᠎ᠡ  10% ᠪᠠᠷ  ᠨᠡᠮᠡᠭᠳᠡᠭᠦᠯᠪᠡ︔ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠮᠣᠩᠭᠤᠯ ᠢᠶᠠᠷ  ᠬᠢᠴᠢᠶᠡᠯᠯᠡᠬᠦ ᠪᠠᠯᠴᠢᠷ ᠭᠡᠦᠭᠡᠳ ᠤᠨ ᠠᠰᠠᠷᠠᠨ ᠬᠥᠮᠦᠵᠢᠭᠦᠯᠬᠦ ᠵᠠᠷᠤᠳᠠᠯ ᠢ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ  ᠬᠡᠷᠡᠭᠵᠢᠬᠦᠯᠪᠡ︔ ᠦᠨᠳᠦᠰᠦᠲᠡᠨ ᠤ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠠᠭᠤᠷᠢ ᠪᠡᠯᠡᠳᠬᠡᠮᠵᠢ ᠶᠢᠨ  ᠪᠦᠲᠦᠭᠡᠨ ᠪᠠᠶᠢᠭᠤᠯᠤᠯᠲᠠ ᠶᠢ ᠶᠡᠬᠡᠪᠡᠷ ᠳᠠᠮᠵᠢᠵᠤ᠂ ᠦᠨᠳᠦᠰᠦᠲᠡᠨ ᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ  ᠨᠥᠬᠦᠴᠡᠯ ᠢ ᠰᠠᠶᠢᠵᠢᠷᠠᠭᠤᠯᠪᠠ᠃ ᠬᠤᠶᠠᠷ ᠲᠤ ᠦᠨᠳᠦᠰᠦᠲᠡᠨ ᠤ ᠰᠣᠶᠣᠯ ᠤᠨ ᠴᠡᠴᠡᠭᠯᠡᠯᠲᠡ ᠶᠢ ᠢᠳᠡᠪᠬᠢᠲᠡᠶ ᠪᠠᠷ  ᠲᠦᠯᠬᠢᠨ ᠠᠬᠢᠭᠤᠯᠪᠠ᠃ ᠦᠨᠳᠦᠰᠦᠲᠡᠨ ᠤ ᠭᠠᠵᠠᠷ ᠣᠷᠣᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ  ᠪᠣᠳᠠᠲᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ  ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ︽ᠳᠤᠮᠳᠠᠳ ᠤᠯᠤᠰ ·  ᠬᠦᠬᠡᠬᠤᠲᠠ ᠶᠢᠨ ᠵᠤᠤ ᠵᠢᠶᠦ᠋ᠨ  ᠰᠣᠶᠣᠯ ᠤᠨ ᠨᠠᠶᠢᠷ︾ ︽ᠳᠤᠮᠳᠠᠳᠤ ᠤᠯᠤᠰ · ᠬᠦᠬᠡᠬᠤᠲᠠ ᠶᠢᠨ ᠴᠥᠭᠡᠨ ᠲᠣᠭᠠᠲᠤ ᠦᠨᠳᠦᠰᠦᠲᠡᠨ ᠤ ᠰᠣᠶᠣᠯ  ᠵᠢᠭᠤᠯᠴᠢᠯᠠᠯ ᠤᠷᠠᠯᠢᠭ ᠤᠨ ᠠᠵᠢᠯᠯᠠᠭ᠎ᠠ︾᠂ ︽ᠥᠪᠥᠷ ᠮᠣᠩᠭᠤᠯ ᠤᠨ ᠠᠳᠤᠭᠤᠨ ᠤ ᠦᠵᠡᠰᠬᠦᠯᠡᠩ︾ ᠵᠡᠷᠭᠡ  ᠦᠨᠳᠦᠰᠦᠲᠡᠨ ᠤ ᠥᠪᠡᠷᠮᠢᠴᠡ ᠣᠨᠴᠠᠯᠢᠭ ᠪᠦᠬᠦᠢ ᠰᠣᠶᠣᠯ ᠤᠨ ᠨᠡᠷᠡᠲᠦ ᠲᠥᠷᠥᠯ ᠲᠡᠮᠳᠡᠭ ᠤᠨ ᠠᠵᠢᠯᠯᠠᠭ᠎ᠠ ᠶᠢ  ᠴᠤᠭᠴᠠᠯᠠᠵᠤ  ᠂ ᠦᠨᠳᠦᠰᠦᠲᠡᠨ ᠤ ᠣᠷᠣᠨ ᠤ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠡᠯᠪᠡᠭ ᠪᠠᠶᠠᠯᠢᠭ  ᠪᠠᠶᠢᠵᠤ᠂ ᠰᠣᠶᠣᠯ  ᠵᠢᠭᠤᠯᠴᠢᠯᠠᠯ ᠠᠭᠤᠰᠤᠯᠴᠠᠨ ᠬᠥᠭᠵᠢᠵᠦ᠂ ᠦᠨᠳᠦᠰᠦᠲᠡᠨ ᠤ ᠰᠣᠶᠣᠯ ᠤᠨ ᠥᠪ ᠢ ᠬᠠᠮᠠᠭᠠᠯᠠᠬᠤ  ᠪᠠ ᠠᠰᠢᠭᠯᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ 2017 ᠣᠨ ᠠᠴᠠ ᠨᠠᠰᠢ᠂ ᠬᠤᠲᠠ ᠶᠢᠨ ᠲᠣᠰ  ᠱᠠᠲᠤ ᠦᠨᠳᠦᠰᠦᠲᠡᠨ ᠤ ᠰᠣᠶᠣᠯ ᠪᠡᠶ᠎ᠡ ᠶᠢᠨ ᠲᠠᠮᠢᠷ ᠤᠨ ᠪᠠᠯᠠ ᠮᠥᠩᠭᠦ 6.3 ᠳ᠋ᠦᠩᠰᠢᠭᠤᠷ ᠲᠥᠭᠦᠷᠢᠭ  ᠪᠠᠭᠤᠯᠭᠠᠵᠤ᠂ ᠡᠭᠦᠨ ᠳᠤ ᠤᠯᠠᠭᠠᠨᠮᠥ᠋ᠴᠢᠷ ᠪᠠ ᠦᠨᠳᠦᠰᠦᠲᠡᠨ ᠤ ᠲᠣᠭᠯᠠᠯᠲᠠ ᠶᠢᠨ ᠪᠦᠯᠦᠭᠯᠡᠯ ᠳᠤ 2.3  ᠳ᠋ᠦᠩᠰᠢᠭᠤᠷ ᠲᠥᠭᠦᠷᠢᠭ ᠪᠠᠭᠤᠯᠭᠠᠪᠠ᠃ ᠭᠤᠷᠪᠠ ᠳᠤ ᠦᠨᠳᠦᠰᠦᠲᠡᠨ ᠤ ᠡᠮ ᠡᠮᠨᠡᠯᠭᠡ ᠶᠢᠨ ᠦᠢᠯᠡᠰ ᠤᠨ  ᠬᠥᠭᠵᠢᠯᠲᠡ ᠶᠢ ᠲᠡᠳᠬᠦᠨ ᠲᠡᠮᠵᠢᠪᠡ᠃ ᠦᠨᠳᠦᠰᠦᠲᠡᠨ ᠤ ᠡᠮ ᠡᠮᠨᠡᠯᠭᠡ ᠶᠢᠨ ᠦᠢᠯᠡᠰ ᠢ ᠢᠳᠡᠪᠬᠢᠲᠡᠶ ᠪᠠᠷ  ᠬᠥᠭᠵᠢᠭᠦᠯᠬᠦ ᠪᠠ ᠲᠡᠳᠬᠦᠬᠦ ᠪᠣᠯ ᠥᠨᠳᠦᠰᠦᠳᠡᠨ ᠤ ᠭᠠᠵᠠᠷ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ  ᠦᠢᠯᠡᠰ ᠤᠨ ᠬᠤᠪᠣᠷ ᠨᠠᠨᠳᠢᠨ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠵᠤ ᠪᠠᠶᠢᠭ᠎ᠠ ᠶᠠᠪᠤᠳᠠᠯ ᠪᠣᠯᠤᠨ᠎ᠠ᠃  ᠮᠠᠨ ᠤ ᠬᠤᠲᠠ ᠶᠢᠨ ᠦᠨᠳᠦᠰᠦᠲᠡᠨ ᠤ ᠡᠮᠴᠢᠯᠡᠭᠡ ᠶᠢ ᠨᠠᠩ ᠰᠠᠶᠢᠨ ᠵᠠᠯᠭᠠᠮᠵᠢᠯᠠᠨ ᠪᠠᠳᠠᠷᠠᠭᠤᠯᠬᠤ ᠶᠢᠨ ᠲᠥᠯᠥᠭᠡ᠂  2017 ᠣᠨ ᠠᠴᠠ ᠨᠠᠰᠢ᠂ ᠬᠤᠲᠠ ᠶᠢᠨ ᠲᠣᠰ ᠱᠠᠲᠤᠨ ᠠᠴᠠ ᠦᠨᠳᠦᠰᠦᠲᠡᠨ ᠤ ᠡᠮ ᠡᠮᠨᠡᠯᠭᠡ ᠶᠢᠨ ᠦᠢᠯᠡᠰ ᠤᠨ  ᠬᠥᠭᠵᠢᠯᠲᠡ ᠶᠢᠨ ᠪᠡᠯᠡ ᠮᠥᠩᠭᠦ ᠶᠢ 6.74 ᠳ᠋ᠦᠩᠰᠢᠭᠤᠷ ᠲᠥᠭᠦᠷᠢᠭ ᠪᠠᠭᠤᠯᠭᠠᠵᠤ᠂ ᠬᠦᠬᠡᠬᠤᠲᠠ ᠶᠢᠨ ᠮᠣᠩᠭᠤᠯ  ᠬᠢᠲᠠᠳ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠬᠤ ᠵᠢᠴᠢ ᠦᠨᠳᠦᠰᠦᠲᠡᠨ ᠤ ᠡᠮ ᠡᠮᠨᠡᠯᠭᠡ ᠵᠢᠴᠢ ᠮᠣᠩᠭᠤᠯ  ᠬᠢᠲᠠᠳ ᠡᠮᠨᠡᠯᠭᠡ ᠶᠢᠨ ᠡᠷᠳᠡᠮ ᠰᠢᠨᠵᠢᠯᠡᠭᠡᠨ ᠤ ᠵᠠᠯᠭᠠᠮᠵᠢᠯᠠᠯ ᠪᠠ ᠴᠢᠳᠠᠪᠤᠷᠢ ᠶᠢᠨ ᠪᠠᠶᠢᠭᠤᠯᠤᠯᠲᠠ ᠵᠡᠷᠭᠡ ᠳᠤ  ᠬᠡᠷᠡᠭᠯᠡᠪᠡ᠃ ᠲᠦᠷᠪᠡ ᠳᠤ ᠦᠨᠳᠦᠰᠦᠲᠡᠨ ᠤ ᠠᠵᠢᠯ ᠤᠨ ᠵᠠᠷᠤᠳᠠᠯ ᠤᠨ ᠬᠡᠷᠡᠭᠴᠡᠭᠡ ᠶᠢ ᠪᠠᠳᠤᠯᠠᠪᠠ᠃ 2017  ᠣᠨ ᠠᠴᠠ ᠨᠠᠭᠠᠰᠢ᠂ ᠪᠦᠬᠦ ᠬᠤᠲᠠ ᠦᠨᠳᠦᠰᠦᠲᠡᠨ ᠤ ᠬᠡᠷᠡᠭ ᠡᠷᠬᠢᠯᠡᠬᠦ ᠵᠠᠷᠤᠳᠠᠯ ᠢ 1.18 ᠳ᠋ᠦᠩᠰᠢᠭᠤᠷ  ᠲᠦᠭᠦᠷᠢᠭ ᠣᠷᠣᠭᠤᠯᠵᠤ᠂ ᠦᠨᠳᠦᠰᠦᠲᠡᠨ ᠤ ᠠᠵᠤ ᠠᠬᠤᠢ᠂ ᠦᠨᠳᠦᠰᠦᠲᠡᠨ ᠤ ᠨᠡᠶᠢᠭᠡᠮ ᠪᠠ ᠴᠥᠭᠡᠨ ᠲᠣᠭᠠᠲᠤ  ᠦᠨᠳᠦᠰᠦᠲᠡᠨ ᠤ ᠬᠦᠳᠡᠯᠭᠡᠭᠡᠨ ᠤ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠪᠠᠲᠤᠯᠠᠪᠠ᠃            ᠪᠠᠰᠠ ᠵᠢᠱᠢᠶᠡᠯᠡᠪᠡᠯ᠂ ᠪᠢᠳᠡ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠥᠷᠥ ᠶᠢᠨ ᠪᠣᠳᠣᠯᠭ᠎ᠠ ᠶᠢ  ᠨᠠᠷᠢᠨ ᠬᠢᠨᠠᠮᠠᠭᠠᠢ ᠨᠠᠶᠢᠳᠠᠪᠤᠷᠢᠵᠢᠭᠤᠯᠪᠠ᠃ ᠪᠦᠬᠦ ᠬᠤᠲᠠ ᠶᠢᠨ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ  ᠮᠥᠴᠢᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠰᠢᠷᠢᠰ ᠴᠢᠬᠤᠯᠠ  ᠶᠠᠷᠢᠶᠠᠨ ᠤ ᠵᠣᠷᠢᠭ ᠰᠠᠨᠠᠭ᠎ᠠ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ  ᠶᠠᠷᠢᠶᠠᠨ ᠤ ᠵᠣᠷᠢᠭ ᠰᠠᠨᠠᠭ᠎ᠠ ᠪᠣᠯᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠥᠭᠡᠷᠡᠴᠢᠯᠡᠯᠲᠡ ᠶᠢᠨ  ᠡᠷᠴᠢᠮ ᠢ ᠴᠢᠩᠭᠠᠷᠠᠭᠤᠯᠬᠤ ᠲᠤᠬᠠᠢ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂  ᠠᠷᠠᠳ ᠠᠴᠠ ᠡᠵᠡᠩᠨᠡᠭᠰᠡᠨ ᠠᠵᠤ ᠠᠬᠤᠢ ᠳᠤ ᠲᠠᠰᠤᠷᠠᠯᠲᠠ ᠦᠭᠡᠢ ᠨᠠᠩ ᠰᠠᠶᠢᠨ ᠬᠥᠭᠵᠢᠯᠲᠡ ᠶᠢᠨ ᠣᠷᠴᠢᠨ  ᠨᠦᠬᠦᠴᠡᠯ ᠢ ᠪᠤᠢ ᠪᠣᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ  ᠳᠡᠮᠵᠢᠵᠦ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ  ᠬᠦᠢᠴᠡᠳ ᠪᠠᠳᠠᠷᠠᠭᠤᠯᠪᠠ᠃ ᠨᠢᠭᠡ ᠳᠤ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠪᠠ᠃ ᠬᠤᠲᠠ ᠶᠢᠨ  ᠵᠠᠰᠠᠭ ᠤᠨ ᠣᠷᠳᠣᠨ ᠤ ︽ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠭᠤᠷᠪᠠᠨ ᠵᠢᠯ ᠤᠨ  ᠠᠵᠢᠯᠯᠠᠭᠠᠨ ᠤ ᠲᠥᠯᠥᠪᠯᠡᠭᠡ︾ ᠶᠣᠰᠣᠭᠠᠷ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠪᠥᠬᠦ  ᠬᠦᠴᠦᠨ ᠢᠶᠠᠷ ᠠᠬᠢᠭᠤᠯᠬᠤ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠡᠷᠡᠭᠦᠯ ᠢᠶᠠᠷ ᠬᠥᠭᠵᠢᠬᠦ ᠳᠤ ᠬᠦᠴᠦᠨ  ᠨᠡᠮᠡᠷᠢᠯᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠢᠯᠡ ᠪᠣᠯᠭᠠᠬᠤ ᠶᠢ ᠲᠦᠷᠭᠡᠳᠬᠡᠨ ᠠᠬᠢᠭᠤᠯᠬᠤ᠂  ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠠᠩᠰᠠᠨ ᠵᠣᠭᠤᠰ ᠢ ᠳᠥᠯᠥᠵᠦ ᠳᠠᠭᠤᠰᠬᠠᠬᠤ ᠶᠢ ᠯᠠᠪᠳᠠᠭᠤᠨ  ᠪᠠᠲᠤᠲᠠᠶ ᠠᠬᠢᠭᠤᠯᠬᠤ᠂ ᠡᠳ᠋ ᠤᠨ ᠵᠠᠰᠠᠭ ᠤᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠪᠥᠬᠦ  ᠲᠠᠯ᠎ᠠ ᠪᠠᠷ ᠳᠡᠭᠡᠭᠰᠢᠯᠡᠭᠦᠯᠬᠦ ᠵᠡᠷᠭᠡ ᠠᠷᠪᠠᠨ ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠲᠣᠭᠲᠠᠭᠠᠪᠠ᠃ ᠬᠤᠶᠠᠷ ᠲᠤ  ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠤᠨ  ᠲᠠᠩᠰᠠᠨ ᠵᠣᠭᠤᠰ ᠢ ᠲᠦᠷᠭᠡᠪᠴᠢᠯᠡᠨ ᠲᠥᠯᠥᠪᠡ᠃ 2019 ᠣᠨ ᠠᠴᠠ 2020 ᠣᠨ ᠤ 10 ᠳ᠋ᠤᠭᠠᠷ ᠰᠠᠷ᠎ᠠ ᠶᠢᠨ  ᠰᠡᠭᠦᠯᠴᠢ ᠪᠣᠯᠲᠠᠯ᠎ᠠ᠂ ᠲᠥᠰᠦᠪ ᠤᠨ ᠲᠣᠬᠢᠷᠠᠭᠤᠯᠤᠯᠲᠠ ᠪᠠ ᠮᠥᠩᠭᠦᠨ ᠬᠦᠢᠯᠭᠡᠭᠡᠨ ᠤ ᠠᠷᠭ᠎ᠠ ᠪᠠᠷᠢᠯ ᠢᠶᠠᠷ  ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠤᠳᠠᠯᠳᠤᠨ ᠠᠪᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ  ᠤᠯᠤᠰ ᠵᠢᠴᠢ ᠥᠪᠡᠷᠲᠡᠭᠡᠨ ᠵᠠᠰᠠᠬᠤ ᠣᠷᠣᠨ ᠠᠴᠠ ᠱᠠᠭᠠᠷᠳᠠᠭᠰᠠᠨ ᠠᠷᠠᠳ ᠤᠨ ᠡᠵᠡᠩᠨᠡᠯᠲᠡ ᠶᠢᠨ ᠠᠵᠤ  ᠠᠬᠤᠶᠢᠯᠠᠯ ᠤᠨ ᠲᠠᠩᠰᠠᠨ  ᠵᠣᠭᠤᠰ  ᠳᠠᠬᠢ  ᠮᠠᠷᠭᠤᠭᠠᠨ ᠦᠭᠡᠢ ᠥᠷᠢᠲᠦᠯ  ᠮᠦᠩᠭᠦ ᠶᠢ ᠲᠦᠯᠦᠵᠦ ᠳᠠᠭᠤᠰᠬᠠᠬᠤ  ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ᠃  ᠭᠤᠷᠪᠠ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ  ᠬᠠᠮᠢᠶᠠᠷᠤᠯᠲᠠ ᠶᠢ ᠴᠢᠩᠭᠠᠳᠬᠠᠪᠠ᠃ 2018 ᠣᠨ ᠤ 11 ᠳ᠋ᠤᠭᠡᠷ ᠰᠠᠷ᠎ᠠ ᠶᠢᠨ 14 ᠤ ᠡᠳᠦᠷ᠂ ᠶᠡᠷᠦᠩᠬᠡᠶ  ᠱᠦᠵᠢ ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠺᠣᠮᠢᠰ ᠤᠨ  ᠲᠠᠪᠤᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ︽ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠢᠮ ᠢ ᠭᠦᠨᠵᠡᠭᠡᠶᠢᠷᠡᠭᠦᠯᠬᠦ ᠥᠭᠡᠷᠡᠴᠢᠯᠡᠯᠲᠡ ᠶᠢᠨ ᠲᠥᠰᠦᠯ︾ ᠢ ᠬᠢᠨᠠᠨ ᠶᠠᠷᠢᠯᠴᠠᠵᠤ  ᠪᠠᠳᠤᠯᠠᠨ᠂ ᠵᠠᠰᠠᠭ ᠤᠨ  ᠣᠷᠳᠣᠨ ᠤ ᠬᠤᠳᠠᠯᠳᠤᠨ ᠠᠪᠬᠤ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ︽ ᠳᠠᠶᠢᠴᠢᠯᠠᠯᠲᠠ ᠶᠢᠨ ᠵᠠᠷᠯᠢᠭ︾ ᠪᠠ ︽ᠳᠠᠭᠠᠷᠢᠯᠲᠠ ᠶᠢᠨ ᠪᠦᠷᠢᠶ᠎ᠡ︾ ᠶᠢ ᠬᠠᠩᠭᠢᠨᠠᠭᠤᠯᠪᠠ᠃ ᠵᠠᠰᠠᠭ ᠤᠨ ᠣᠷᠳᠣᠨ ᠤ  ᠬᠤᠳᠠᠯᠳᠤᠨ ᠠᠪᠬᠤ ᠰᠠᠨᠠᠮᠵᠢ ᠶᠢ ᠢᠯᠡ ᠪᠣᠯᠭᠠᠬᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ᠂  ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢ ᠤᠷᠢᠳᠴᠢᠯᠠᠨ ᠵᠠᠷᠯᠠᠬᠤ ᠲᠦᠷᠢᠮ ᠢ ᠪᠠᠶᠢᠭᠤᠯᠪᠠ︔ ᠥᠪᠡᠷᠲᠡᠭᠡᠨ  ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ︽ᠪᠥᠬᠦ ᠣᠷᠣᠨ ᠤ ᠨᠢᠭᠡ ᠯᠡ ᠰᠦᠯᠵᠢᠶ᠎ᠡ︾ ᠶᠢᠨ ᠲᠤᠷᠰᠢᠯᠲᠠ ᠶᠢᠨ ᠴᠡᠭ ᠢ ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠪᠠ︔ ᠵᠠᠰᠠᠭ ᠤᠨ ᠣᠷᠳᠣᠨ ᠤ  ᠬᠤᠳᠠᠯᠳᠤᠨ ᠠᠪᠬᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂  2020 ᠣᠨ ᠤ ︽ ᠬᠤᠶᠠᠷ ᠢ ᠲᠠᠰᠢᠷᠠᠮ ᠢᠶᠠᠷ︾ ᠰᠤᠭᠤᠴᠢᠨ ᠪᠠᠶᠢᠴᠠᠭᠠᠬᠤ ᠠᠵᠢᠯ ᠢ ᠡᠬᠢᠯᠡᠭᠦᠯᠪᠡ ︔ ︽ ᠵᠠᠰᠠᠭ ᠤᠨ ᠣᠷᠳᠣᠨ ᠤ ᠬᠤᠳᠠᠯᠳᠤᠨ ᠠᠪᠬᠤ ᠰᠡᠵᠢᠭᠯᠡᠯ ᠪᠠ ᠵᠠᠭᠠᠯᠳᠤᠯᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ  ᠴᠢᠩᠭ᠎ᠠ ᠨᠠᠶᠢᠳᠠᠪᠤᠷᠢᠵᠢᠭᠤᠯᠵᠤ᠂ ᠰᠡᠵᠢᠭᠯᠡᠯ ᠵᠠᠭᠠᠯᠳᠤᠯᠭ᠎ᠠ ᠶᠢ ᠰᠢᠢᠳᠪᠦᠷᠢᠯᠡᠬᠦ ᠶᠢ ᠪᠠᠷᠢᠮᠵᠢᠶᠠᠵᠢᠭᠤᠯᠬᠤ᠂  ᠵᠢᠷᠤᠮᠵᠢᠭᠤᠯᠬᠤ ᠶᠢ ᠠᠬᠢᠭᠤᠯᠪᠠ᠃ ᠲᠦᠷᠪᠡ ᠳᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ  ᠬᠦᠴᠦᠨ ᠢ ᠬᠦᠭᠵᠢᠭᠡᠪᠡ᠃ ᠤᠯᠤᠰ ᠤᠨ ᠡᠯ᠎ᠡ ᠵᠦᠢᠯ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ  ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ  ᠨᠡᠮᠡᠭᠳᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠨᠡᠮᠡᠭᠳᠡᠭᠦᠯᠪᠡ︔ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠰᠣᠯᠢᠵᠤ ᠥᠭᠭᠦᠨ᠂ ᠵᠠᠰᠠᠭ ᠤᠨ ᠣᠷᠳᠣᠨ ᠤ ᠬᠠᠷᠠᠭᠠᠯᠵᠠᠯ ᠤᠨ  ᠲᠥᠷᠥ ᠶᠢᠨ ᠪᠣᠳᠣᠯᠭ᠎ᠠ ᠶᠢ ᠰᠣᠯᠢᠵᠤ ᠥᠭᠭᠦᠭᠰᠡᠨ ᠦᠭᠡᠢ ᠪᠠᠶᠢᠳᠠᠯ ᠢ ᠴᠡᠪᠡᠷᠯᠡᠨ᠂  ᠲᠤᠳᠤᠷᠬᠠᠢ ᠲᠤᠭᠲᠠᠭᠠᠭᠰᠠᠨ ᠴᠤ ᠪᠡᠶᠡᠯᠡᠭᠦᠯᠦᠭᠰᠡᠨ ᠦᠭᠡᠢ ᠠᠵᠤ ᠠᠬᠤᠶᠢᠯᠠᠯ ᠤᠨ ᠡᠯ᠎ᠡ ᠲᠥᠷᠥᠯ ᠤᠨ ᠬᠠᠷᠠᠭᠠᠯᠵᠠᠯ ᠤᠨ ᠲᠥᠷᠥ ᠶᠢᠨ  ᠪᠣᠳᠣᠯᠭ᠎ᠠ ᠶᠢᠨ ᠪᠡᠯᠡ ᠮᠥᠩᠭᠦ 4.89 ᠳ᠋ᠦᠩᠰᠢᠭᠤᠷ ᠲᠥᠭᠦᠷᠢᠭ ᠢ ᠬᠤᠷᠢᠶᠠᠩᠭᠤᠶᠢᠯᠠᠨ ᠡᠮᠬᠢᠳᠬᠡᠵᠦ᠂ ᠣᠳᠣ  ᠪᠣᠯᠲᠠᠯ᠎ᠠ ᠵᠠᠰᠠᠭ ᠤᠨ ᠣᠷᠳᠣᠨ ᠤ ᠴᠣᠬᠤᠯᠠᠪᠤᠷᠢᠯᠠᠭᠰᠠᠨ ᠶᠣᠰᠣᠭᠠᠷ 1.23 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠢᠭᠡᠨᠲᠡ ᠪᠡᠯᠡᠨ ᠵᠣᠭᠤᠰ ᠢᠶᠠᠷ ᠰᠣᠯᠢᠵᠤ ᠦᠭᠭᠦᠨ  ᠂ ᠪᠤᠰᠤᠳ ᠢ ᠨᠢ ᠠᠬᠢᠴᠠ ᠶᠢᠨ ᠪᠠᠶᠢᠳᠠᠯ ᠢ  ᠦᠨᠳᠦᠰᠦᠯᠡᠨ ᠠᠯᠬᠤᠮ ᠠᠯᠬᠤᠮ ᠢᠶᠠᠷ ᠪᠡᠶᠡᠯᠡᠭᠦᠯᠦᠨ᠎ᠡ︔ ᠪᠦᠬᠦ ᠤᠯᠤᠰ ᠤᠨ ᠵᠢᠵᠢᠭ ᠪᠢᠴᠢᠯ ᠠᠵᠤ ᠠᠬᠤᠶᠢᠯᠠᠯ ᠤᠨ  ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠬᠤᠲᠠ ᠶᠢᠨ ᠵᠢᠱᠢᠶ᠎ᠡ ᠦᠵᠡᠭᠦᠯᠬᠦ  ᠠᠵᠢᠯ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠵᠠᠰᠠᠭ ᠤᠨ ᠣᠷᠳᠣᠨ ᠤ ᠬᠥᠲᠥᠯᠥᠨ ᠵᠢᠯᠣᠭᠤᠳᠬᠤ ᠦᠢᠯᠡᠳᠦᠯ ᠢ  ᠬᠦᠢᠴᠡᠳ ᠪᠠᠳᠠᠷᠠᠭᠤᠯᠵᠤ᠂ ᠦᠢᠯᠡᠰ ᠪᠣᠰᠬᠠᠬᠤ ᠣᠷᠣᠨ ᠵᠠᠶ᠂ ᠣᠯᠠᠨ ᠨᠡᠶᠢᠲᠡ ᠶᠢᠨ ᠦᠢᠯᠡᠴᠢᠯᠡᠭᠡ᠂ ᠪᠡᠯᠡ ᠲᠣᠬᠢᠷᠠᠭᠤᠯᠭ᠎ᠠ ᠶᠢᠨ ᠳᠡᠮᠵᠢᠯᠭᠡ ᠪᠣᠯᠤᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ  ᠲᠥᠪᠯᠡᠷᠡᠭᠦᠯᠦᠨ ᠬᠦᠴᠦᠯᠡᠪᠡ᠃ ᠨᠡᠶᠢᠭᠡᠮ ᠤᠨ ᠬᠦᠴᠦᠨ ᠤ ᠣᠷᠣᠯᠴᠠᠨ ᠳᠡᠮᠵᠢᠬᠦ ᠢᠳᠡᠪᠬᠢᠵᠢᠯ ᠢ ᠬᠦᠢᠴᠡᠳ  ᠳᠠᠶᠢᠴᠢᠯᠠᠵᠤ᠂ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ  ᠠᠮᠢᠵᠢᠷᠠᠯ ᠤᠨ ᠬᠦᠴᠦᠨ ᠢ ᠬᠥᠭᠵᠢᠭᠡᠪᠡ᠃            ᠪᠠᠰᠠ ᠵᠢᠱᠢᠶᠡᠯᠡᠪᠡᠯ᠂ ᠪᠢᠳᠡ ᠡᠳ᠋ ᠤᠨ ᠵᠠᠰᠠᠭ ᠤᠨ ᠢᠳᠡᠪᠬᠢᠲᠡᠶ ᠲᠦᠷᠦ ᠶᠢᠨ ᠪᠤᠳᠤᠯᠭ᠎ᠠ ᠶᠢ ᠬᠢᠨᠠᠮᠠᠭᠠᠶ  ᠨᠠᠶᠢᠳᠠᠪᠤᠷᠢᠵᠢᠭᠤᠯᠪᠠ᠃ ᠨᠢᠭᠡ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠭᠠᠶᠢᠯᠢ  ᠬᠥᠩᠭᠡᠯᠡᠵᠦ ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ  ᠨᠠᠶᠢᠳᠠᠪᠤᠷᠢᠵᠢᠭᠤᠯᠵᠤ᠂ 49 ᠵᠠᠰᠠᠭ  ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠵᠦᠢᠯᠡᠰ᠂ 12 ᠠᠵᠤ ᠠᠬᠤᠶᠢᠯᠠᠯ ᠳᠤ  ᠬᠤᠯᠪᠣᠭᠳᠠᠭᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠵᠦᠢᠯᠡᠰ ᠪᠠ 8  ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦᠨ ᠤ ᠵᠦᠢᠯᠡᠰ ᠤᠨ ᠭᠠᠷᠴᠠᠭ ᠤᠨ ᠨᠠᠷᠢᠨ ᠲᠠᠩᠰᠠ ᠶᠢ  ᠨᠡᠶᠢᠲᠡᠯᠡᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠠᠵᠢᠯᠯᠠᠭ᠎ᠠ ᠶᠢ ᠤᠯᠠᠮ ᠨᠢᠭᠡ  ᠠᠯᠬᠤᠮ ᠵᠢᠷᠤᠮᠵᠢᠭᠤᠯᠪᠠ᠃ ᠠᠵᠤ ᠠᠬᠤᠶᠢᠯᠠᠯ ᠤᠨ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠵᠤ᠂ ᠠᠵᠤ  ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠨᠡᠮᠡᠭᠳᠡᠭᠦᠯᠪᠡ  ᠃ ᠪᠦᠷᠢᠳᠬᠡᠯ ᠢᠶᠠᠷ ᠳᠠᠮᠵᠢᠭᠠᠳ  ᠂ 2019 ᠣᠨ ᠳᠤ ᠭᠠᠶᠢᠯᠢ ᠬᠥᠩᠭᠡᠯᠡᠵᠦ ᠰᠦᠶ᠋ᠳᠬᠡᠯ ᠪᠠᠭᠤᠷᠠᠭᠤᠯᠬᠤ ᠲᠥᠷᠥ ᠶᠢᠨ ᠪᠣᠳ ᠣᠯᠭ᠎ᠠ ᠶᠢ  ᠬᠡᠷᠡᠭᠵᠢᠭᠦᠯᠵᠦ᠂ ᠠᠵᠤ ᠠᠬᠤᠶᠢᠯᠠᠯ ᠤᠨ ᠭᠠᠶᠢᠯᠢ ᠰᠦᠶ᠋ᠳᠬᠡᠯ ᠤᠨ ᠳᠠᠷᠤᠭᠠᠰᠤ ᠶᠢ 65 ᠳ᠋ᠦᠩᠰᠢᠭᠤᠷ ᠲᠥᠭ ᠥᠷᠢᠭ  ᠣᠷᠴᠢᠮ ᠬᠥᠩᠭᠡᠷᠡᠭᠦᠯᠦᠨ᠎ᠡ︔ 2020 ᠣᠨ ᠤ 1 — 9 ᠰᠠᠷ᠎ᠠ ᠳᠤ᠂ ᠭᠠᠶᠢᠯᠢ ᠬᠥᠩᠭᠡᠯᠡᠵᠦ ᠰᠦᠶ᠋ᠳᠬᠡᠯ  ᠪᠠᠭᠤᠷᠠᠭᠤᠯᠬᠤ ᠲᠦᠷᠦ ᠶᠢᠨ ᠪᠤᠳᠤᠯᠭ᠎ᠠ ᠨᠢ ᠠᠵᠤ ᠠᠬᠤᠶᠢᠯᠠᠯ ᠤᠨ ᠭᠠᠶᠢᠯᠢ ᠰᠦᠶ᠋ᠳᠬ ᠡᠯ ᠤᠨ ᠳᠠᠷᠤᠭᠠᠰᠤ ᠶᠢ 47  ᠳ᠋ᠦᠩᠰᠢᠭᠤᠷ ᠲᠥᠭᠦᠷᠢᠭ ᠣᠷᠴᠢᠮ ᠬᠥᠩᠭᠡᠷᠡᠭᠦᠯᠵᠦ᠂ ᠠᠵᠤ ᠠᠬᠤᠶᠢᠯᠠᠯ ᠳᠤ ᠡᠳ᠋ ᠤᠨ ᠵᠠᠰ ᠠᠭ ᠤᠨ ᠢᠳᠡᠪᠬᠢᠲᠡᠶ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠶᠢ ᠭᠦᠶ᠋ᠴᠡᠳ ᠡᠳ᠋ᠯᠡᠭᠦᠯᠪᠡ᠃ ᠭᠠᠶᠢᠯᠢ ᠬᠥᠩᠭᠡᠯᠡᠵᠦ ᠰᠦᠢᠳᠬᠡᠯ  ᠪᠠᠭᠤᠷᠠᠭᠤᠯᠬᠤ ᠲᠥᠷᠥ ᠶᠢᠨ ᠪᠣᠳᠣᠯᠭ᠎ᠠ ᠨᠢ ︽ᠤᠰᠤ ᠲᠠᠯᠪᠢᠨ ᠵᠢᠭᠠᠰᠤ ᠲᠡᠵᠢᠭᠡᠬᠦ︾ ᠢᠳᠡᠪᠬᠢ ᠦᠢᠯᠡᠳᠦᠯ  ᠭᠠᠷᠭᠠᠵᠤ᠂ ᠬᠡᠳᠦ᠋ᠢᠪᠡᠷ ᠣᠬᠤᠷᠬᠠᠨ ᠬᠤᠭᠤᠴᠠᠭᠠᠨ ᠳᠤ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠯᠭ᠎ᠠ ᠳᠤ  ᠵᠣᠬᠢᠬᠤ  ᠨᠦᠯᠦᠭᠡ  ᠦᠵᠡᠭᠦᠯᠬᠦ ᠪᠣᠯᠪᠠᠴᠤ ᠡᠳ᠋ ᠪᠠᠶᠠᠯᠢᠭ ᠤᠨ ᠡᠬᠢ ᠰᠤᠷᠪᠤᠯᠵᠢ ᠶᠢ ᠪᠤᠶᠢᠵᠢᠭᠤᠯᠵᠤ᠂ ᠠᠯᠤᠰ  ᠬᠡᠲᠦ ᠶᠢᠨ ᠠᠰᠢᠭ ᠲᠤᠰᠠ ᠲᠠᠢ ᠶᠤᠮ᠃ ᠬᠤᠶᠠᠷ ᠲᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ  ᠪᠡᠯᠡ ᠮᠥᠩᠭᠦ ᠶᠢ ᠢᠳᠡᠪᠬᠢᠲᠡᠢ ᠴᠢᠷᠮᠠᠶᠢᠨ ᠣᠯᠵᠤ᠂ 2017 ᠣᠨ ᠠᠴᠠ ᠨᠠᠰᠢ᠂ ᠰᠢᠨ᠎ᠡ ᠪᠠᠷ ᠨᠡᠮᠡᠭᠳᠡᠭᠰᠡᠨ  ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ 212.37 ᠳ᠋ᠦᠩᠰᠢᠭᠤᠷ ᠲᠥᠭᠦᠷᠢᠭ ᠣᠯᠵᠤ᠂ ᠣᠷᠣᠨ  ᠨᠤᠲᠤᠭ ᠤᠨ ᠡᠯ᠎ᠡ ᠵᠦᠢᠯ ᠤᠨ ᠠᠵᠤ ᠠᠬᠤᠶ ᠨᠡᠶᠢᠭᠡᠮ ᠤᠨ ᠦᠢᠯᠡᠰ ᠤᠨ ᠬᠥᠭᠵᠢᠯᠲᠡ ᠶᠢ ᠬᠦᠴᠦᠲᠡᠢ ᠳᠡᠮᠵᠢᠵᠡᠶ᠃  ᠵᠠᠬ᠎ᠠ ᠳᠡᠯᠭᠡᠭᠦᠷ ᠤᠨ ᠢᠲᠡᠭᠡᠯ ᠢ ᠬᠥᠪᠴᠢᠯᠡᠵᠦ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠵᠤ᠂ ᠳᠣᠲᠣᠭᠠᠳᠤ  ᠬᠡᠷᠡᠭᠴᠡᠭᠡ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠵᠡᠶ᠃            7. ᠬᠠᠮᠢᠶᠠᠷᠤᠭᠴᠢ            ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠯᠢ ᠵᠢᠩ ᠰᠢᠶᠠᠨ ᠳᠡᠳ᠋ ᠪᠠᠶᠢᠴᠠᠭᠠᠨ ᠰᠤᠳᠤᠯᠤᠭᠴᠢ᠂ ᠲᠥᠰᠥᠪ ᠤᠨ ᠰᠠᠯᠠᠭᠠᠨ ᠤ ᠭᠡᠷᠡᠯ ᠳᠡᠳ᠋ ᠰᠠᠯᠠᠭᠠᠨ ᠳᠠᠷᠤᠭ᠎ᠠ ᠳᠤ ᠪᠠᠶᠠᠷᠯᠠᠯ᠎ᠠ᠂ ᠰᠦᠯᠵᠢᠶᠡᠨ ᠨᠦᠬᠦᠳ ᠤᠨ  ᠠᠩᠬᠠᠷᠤᠯ ᠢᠶᠠᠨ ᠬᠠᠨᠳᠤᠭᠤᠯᠵᠤ ᠤᠷᠤᠯᠴᠠᠭᠰᠠᠨ ᠳᠤ ᠪᠠᠶᠠᠷᠯᠠᠯ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ  ᠬᠦᠷᠦᠭᠡᠳ ᠥᠨᠳᠦᠷᠯᠡᠯ᠎ᠡ᠂ ᠪᠠᠶᠠᠷᠯᠠᠯ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号