ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ ᠡᠶ᠎ᠡ ᠵᠣᠬᠢᠴᠠᠩᠭᠤᠶ ᠲᠣᠭᠲᠠᠭᠤᠨ ᠠᠮᠦᠷ ᠲᠦᠪᠰᠢᠨ ᠣᠷᠴᠢᠨ ᠲᠣᠭᠤᠷᠢᠨ ᠢ ᠪᠣᠶ ᠪᠣᠯᠭᠠᠶ᠎ᠠ
ᠨᠡᠶᠢᠲᠡᠯᠡᠭᠰᠡᠨ ᠴᠠᠭ᠄
2020/12/23
     ᠵᠣᠴᠢᠨ᠄  ᠬᠦᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ  ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠶ ᠵᠧᠨ ᠬᠤᠩ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ  ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ  ᠣᠨᠴᠠ ᠡᠭᠦᠷᠭᠡ ᠬᠦᠢᠴᠡᠳᠭᠡᠬᠦ ᠶᠡᠭᠡ ᠠᠩᠭᠢ ᠶᠢᠨ ᠵᠢᠭᠠᠨ ᠵᠢᠯᠤᠭᠤᠳᠤᠭᠴᠢ ᠺᠠᠩ ᠢᠦᠶ            1.ᠬᠠᠮᠢᠶᠠᠷᠤᠭᠴᠢ            ᠲᠤᠰ ᠤᠳᠠᠭᠠᠨ ᠤ ᠰᠤᠷᠪᠤᠯᠵᠢᠯᠠᠭ᠎ᠠ ᠶᠢ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠣᠯᠤᠨ  ᠬᠥᠬᠡᠬᠤᠲᠠ ᠶᠢᠨ ᠷᠠᠳᠢᠣ᠋ ᠲᠧᠯᠸᠢᠰ ᠬᠤᠷᠢᠶᠠᠨ ᠤ ᠤᠳᠬ᠎ᠠ ᠤᠷᠠᠯᠢᠭ ᠤᠨ ᠷᠠᠳᠢᠣ᠋ ᠠᠴᠠ ᠬᠠᠮᠳᠤᠷᠠᠨ ᠬᠢᠵᠦ ᠪᠠᠶᠢᠨ᠎ᠠ᠃ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ ᠶᠠᠷᠢᠯᠴᠠᠵᠤ ᠪᠣᠯᠤᠨ᠎ᠠ᠂ ᠲᠠᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃            2.ᠬᠥᠲᠥᠯᠥᠭᠴᠢ            ᠮᠠᠨ ᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠹᠷᠣᠨᠲ ᠲᠤ᠂ ᠡᠶᠢᠮᠦ ᠨᠢᠭᠡᠨ ᠡᠩᠨᠡᠭᠡ ᠪᠠᠶᠢᠳᠠᠭ᠂ ᠲᠡᠳᠡ  ᠨᠡᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠵᠦ᠂  ᠠᠵᠢᠯ ᠲᠥᠷᠥᠯ ᠤᠨ ᠲᠠᠯᠠᠪᠤᠷ ᠭᠠᠵᠠᠷ ᠲᠤ ᠲᠤᠬᠠᠶᠢᠯᠠᠭᠰᠠᠨ ᠠᠵᠢᠯ ᠤᠨ ᠬᠢᠨᠠᠯᠲᠠ ᠬᠠᠮᠢᠶᠠᠷᠤᠯᠲᠠ᠂ ᠵᠢᠯᠣᠭᠤᠳᠤᠯᠭ᠎ᠠ ᠬᠢᠵᠦ᠂ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠲᠤ ᠬᠠᠷᠢᠶᠠᠯᠠᠭᠳᠠᠬᠤ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ  ᠬᠡᠷᠡᠭ ᠢ ᠪᠠᠶᠢᠴᠠᠭᠠᠨ ᠰᠢᠢᠳᠪᠦᠷᠢᠯᠡᠳᠡᠭ᠂ ᠲᠡᠳᠡᠨ ᠤ ᠠᠵᠢᠯ ᠨᠢ ᠶᠠᠷᠰᠢᠭ ᠲᠦᠪᠡᠭᠲᠡᠶ ᠪᠦᠭᠡᠳ ᠪᠣᠳᠤᠯᠢᠶᠠᠨᠲᠠᠢ᠂ ᠲᠣᠮᠣ ᠬᠡᠯᠪᠡᠷᠢ ᠶᠢᠨ ᠬᠥᠳᠡᠯᠭᠡᠭᠡᠨ ᠠᠴᠠ ᠳᠣᠲᠣᠭᠠᠳᠤ ᠶᠢᠨ ᠪᠠᠶᠢᠭᠤᠯᠭ᠎ᠠ ᠤ ᠶᠢᠨ ᠬᠠᠮᠢᠶᠠᠷᠤᠯᠲᠠ ᠬᠦᠷᠳᠡᠯ᠎ᠡ᠂  ᠠᠶᠤᠯᠲᠠᠶ ᠪᠣᠳᠠᠰ ᠤᠨ ᠬᠠᠮᠢᠶᠠᠷᠤᠯᠲᠠ ᠠᠴᠠ ᠣᠨᠴᠠ ᠲᠥᠷᠥᠯ ᠤᠨ ᠠᠵᠢᠯ ᠲᠥᠷᠥᠯ ᠤᠨ ᠬᠠᠮᠢᠶᠠᠷᠤᠯᠲᠠ ᠬᠦᠷᠲᠡᠯ᠎ᠡ᠂  ︽ᠱᠠᠯᠢᠭ ᠵᠠᠪᠬᠠᠶ ᠵᠣᠭᠤᠰ ᠮᠦᠷᠦᠶᠢᠴᠡᠬᠦ ᠬᠤᠣᠷ ᠲᠠᠲᠠᠵᠤ ᠬᠤᠣᠷ ᠰᠠᠷᠢᠭᠠᠯᠠᠬᠤ︾ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠴᠠ ᠠᠪᠤᠭᠠᠳ ᠪᠦᠯᠦᠭ ᠬᠠᠮᠳᠤᠯᠢᠭ ᠤᠨ ᠴᠢᠨᠠᠷᠲᠠᠶ ᠬᠡᠷᠡᠭ ᠢ  ᠤᠷᠢᠳᠴᠢᠯᠠᠨ ᠰᠡᠷᠡᠮᠵᠢᠯᠡᠬᠦ ᠪᠠ ᠰᠢᠢᠳᠪᠦᠷᠢᠯᠡᠬᠦ ᠬᠦᠷᠲᠡᠯ᠎ᠡ ᠲᠡᠳᠡ ᠦᠭᠡ ᠳᠠᠭᠤᠨ ᠦᠭᠡᠢ ᠪᠠᠷ ᠪᠦᠬᠦ ᠬᠤᠲᠠ ᠶᠢᠨ ᠨᠡᠶᠢᠭᠡᠮ ᠤᠨ ᠠᠮᠤᠷ ᠲᠦᠪᠰᠢᠨ ᠲᠣᠭᠲᠠᠭᠤᠨ ᠡᠶ᠎ᠡ ᠵᠣᠬᠢᠴᠠᠯ ᠳᠤ ᠲᠦᠢᠯ ᠤᠨ ᠶᠡᠭᠡ ᠬᠤᠪᠢ ᠨᠡᠮᠡᠷᠢ ᠦᠵᠡᠭᠦᠯᠪᠡ᠃  ᠲᠡᠳᠡ ᠪᠣᠯ ᠳᠠᠷᠤᠶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ  ᠠᠷᠠᠳ ᠤᠨ ᠴᠠᠭᠳᠠᠭ᠎ᠠ ᠪᠣᠯᠣᠨ᠎ᠠ᠃            3. ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂  ᠳᠡᠳ᠋ ᠲᠣᠪᠴᠢᠶᠠᠨ ᠳᠠᠷᠤᠭ᠎ᠠ ᠵᠠᠶ ᠵᠧᠨ ᠬᠤᠩ              ᠬᠥᠲᠥᠯᠥᠭᠴᠢ ᠲᠠ ᠰᠠᠶᠢᠨ ᠪᠠᠶᠢᠨ᠎ᠠ ᠤᠤ︖ ᠨᠠᠶᠢᠵᠠ ᠨᠠᠷ ᠰᠠᠶᠢᠨ ᠪᠠᠶᠢᠵᠠᠭᠠᠨ᠎ᠠ ᠤᠤ︖ ᠡᠨᠡᠬᠦ  ᠲᠠᠪᠴᠠᠩ ᠢᠶᠠᠷ ᠳᠠᠮᠵᠢᠭᠤᠯᠤᠨ ᠥᠷᠭᠡᠨ ᠣᠯᠠᠨ ᠬᠤᠲᠠ ᠶᠢᠨ ᠠᠷᠠᠳ ᠲᠠᠢ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠤᠨ ᠲᠤᠬᠠᠶ ᠦᠵᠡᠯ ᠪᠤᠳᠤᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠃ ᠡᠩ ᠲᠡᠷᠢᠭᠦᠨ ᠳᠤ᠂ ᠪᠢ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠥᠬᠦ ᠠᠮᠤᠷ ᠢ ᠬᠠᠮᠠᠭᠠᠯᠠᠬᠤ ᠠᠷᠠᠳ ᠤᠨ ᠴᠠᠭᠳᠠᠭ᠎ᠠ ᠶᠢ ᠲᠥᠯᠥᠭᠡᠯᠡᠨ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠠᠩᠬᠠᠷᠴᠤ ᠳᠡᠮᠵᠢᠵᠦ ᠪᠠᠶᠢᠭ᠎ᠠ ᠥᠷᠭᠡᠨ ᠣᠯᠠᠨ ᠰᠣᠨᠣᠰᠤᠭᠴᠢᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ᠃ ᠡᠭᠦᠨ ᠤ ᠬᠠᠮᠲᠤ᠂ ᠡᠨᠡ ᠬᠦ ᠲᠠᠪᠴᠠᠩ ᠢᠶᠠᠷ ᠳᠠᠮᠵᠢᠭᠤᠯᠤᠨ᠂ ᠮᠠᠨ ᠤ ᠬᠤᠭᠤᠷᠣᠨᠳᠣᠬᠢ ᠨᠡᠪᠲᠡᠷᠡᠯᠴᠡᠭᠡ ᠪᠠ ᠬᠠᠷᠢᠯᠴᠠᠭ᠎ᠠ ᠪᠠᠨ ᠴᠢᠩᠭᠠᠳᠬᠠᠵᠤ᠂ ᠪᠢᠳᠡᠨ ᠢ ᠬᠠᠪᠰᠤᠷᠤᠨ ᠡᠶ᠎ᠡ  ᠵᠣᠬᠢᠴᠠᠩᠭᠤᠢ ᠲᠣᠭᠲᠠᠭᠤᠨ ᠨᠡᠶᠢᠭᠡᠮ ᠤᠨ ᠠᠮᠤᠷ ᠲᠦᠪᠰᠢᠨ ᠤ ᠣᠷᠴᠢᠨ ᠨᠥᠬᠦᠴᠡᠯ ᠢ ᠬᠠᠮᠲᠤ ᠪᠠᠷ ᠪᠣᠢ ᠪᠤᠯᠭᠠᠬᠤ ᠶᠢ ᠬᠦᠰᠡᠵᠦ ᠪᠠᠶᠢᠨ᠎ᠠ᠃            4. ᠬᠦᠳᠦᠯᠦᠭᠴᠢ            ᠣᠶᠢᠯᠠᠭᠠᠭᠰᠠᠨ ᠢᠶᠠᠷ᠂ ᠮᠠᠨ ᠤ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠤᠨ ᠬᠢᠨ ᠡᠯ᠎ᠡ ᠲᠥᠷᠥᠯ ᠤᠨ ᠠᠮᠤᠷ  ᠢ ᠬᠠᠮᠠᠭᠠᠯᠠᠵᠤ ᠲᠤᠭᠲᠠᠭᠤᠨ ᠢ ᠪᠠᠳᠤᠯᠠᠬᠤ ᠠᠵᠢᠯ ᠤᠨ ᠲᠣᠭᠤᠷᠢᠨ ᠳᠤ᠂ ᠨᠡᠶᠢᠭᠡᠮ ᠤᠨ ᠠᠮᠤᠷ ᠲᠦᠪᠰᠢᠨ ᠢ  ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠬᠤ ᠳᠤᠮᠳᠠ ᠶᠡᠭᠡ ᠬᠡᠮᠵᠢᠶᠡᠨ ᠤ ᠠᠵᠢᠯ ᠬᠢᠵᠦ᠂ ᠪᠦᠬᠦ ᠬᠤᠲᠠ ᠶᠢᠨ  ᠨᠡᠶᠢᠭᠡᠮ ᠤᠨ ᠲᠣᠭᠲᠠᠭᠤᠨ ᠪᠣᠯᠤᠨ ᠠᠮᠤᠷ ᠲᠦᠪᠰᠢᠨ ᠤ ᠲᠣᠭᠲᠠᠭᠤᠨ ᠢ ᠪᠦᠳᠦᠮᠵᠢᠳᠡᠢ ᠬᠠᠮᠠᠭᠠᠯᠠᠵᠠᠶ᠃ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ ᠶᠠᠮᠠᠷ ᠶᠠᠮᠠᠷ ᠠᠵᠢᠯ  ᠬᠢᠭᠰᠡᠨ ᠲᠤᠬᠠᠢ ᠪᠠᠨ ᠲᠠᠨᠢᠯᠴᠠᠭᠤᠯᠤᠭᠠᠳ ᠦᠭᠭᠦᠨ᠎ᠡ ᠤᠤ︖            5. ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ      ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠪᠣᠯ ᠮᠠᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠢᠯᠠᠩᠭᠤᠶ᠎ᠠ ᠠᠮᠤᠷ ᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠡᠭᠦᠷᠭᠡ ᠬᠠᠷᠢᠭᠤᠴᠠᠯᠭ᠎ᠠ  ᠮᠥᠨ᠂ ᠡᠨᠡ ᠵᠢᠯ ᠠᠴᠠ ᠨᠠᠰᠢ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠨᠢ ᠬᠤᠲᠠ ᠶᠢᠨ ᠲᠣᠪᠴᠢᠶᠠᠨ ᠤ  ᠨᠠᠮ ᠤᠨ ᠬᠤᠷᠢᠶ᠎ᠠ ᠪᠣᠯᠤᠨ ᠲᠤᠬᠠᠶᠢᠯᠠᠭᠰᠠᠨ ᠠᠵᠢᠯ ᠤᠨ ᠲᠡᠭᠡᠳᠦ ᠱᠠᠲᠤᠨ ᠤ ᠵᠥᠪ ᠤᠨᠤᠪᠴᠢᠳᠠᠢ ᠤᠳᠤᠷᠢᠳᠤᠯᠭ᠎ᠠ ᠳᠣᠣᠷ᠎ᠠ᠂ ᠤᠯᠤᠰ ᠲᠥᠷᠥ ᠶᠢᠨ ᠦᠵᠡᠯ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠡᠭᠦᠷᠭᠡᠯᠡᠯ ᠤᠨ  ᠤᠬᠠᠮᠰᠠᠷ ᠪᠠ ᠠᠶᠤᠯ ᠲᠦᠭᠰᠢᠭᠦᠷᠢ ᠶᠢᠨ ᠤᠬᠠᠮᠰᠠᠷ ᠢᠶᠠᠨ ᠲᠠᠰᠤᠷᠠᠯᠳᠠ ᠦᠭᠡᠢ  ᠴᠢᠩᠭᠠᠳᠬᠠᠵᠤ᠂ ︽ᠬᠠᠮᠤᠭ ᠤᠨ  ᠴᠢᠩᠭ᠎ᠠ ᠱᠠᠭᠠᠷᠳᠠᠯᠭ᠎ᠠ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠬᠦᠴᠦᠳᠡᠢ ᠠᠷᠭ᠎ᠠ ᠬᠡᠮᠵᠢᠶ᠎ᠡ︾ ᠶᠢᠨ  ᠵᠣᠷᠢᠯᠭ᠎ᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠣᠭᠲᠠᠭᠤᠨ   ᠢ ᠬᠠᠮᠠᠭᠠᠯᠠᠬᠤ ᠠᠮᠤᠷ ᠲᠦᠪᠰᠢᠨ ᠤ ᠠᠷᠭ᠎ᠠ  ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠢᠭᠲᠠ ᠪᠢᠳᠡᠭᠦᠦ ᠣᠯᠠᠨ  ᠨᠡᠶᠢᠲᠡ ᠶᠢᠨ ᠲᠠᠯᠠᠪᠤᠷ᠂ ᠣᠨᠴᠠ ᠲᠥᠷᠥᠯ ᠤᠨ ᠠᠵᠢᠯ ᠲᠥᠷᠥᠯ᠂ ᠠᠶᠤᠯᠲᠠᠶ ᠳᠡᠯᠪᠡᠷᠡᠬᠦ ᠪᠣᠳᠠᠰ᠂ ᠢᠯᠡᠭᠡᠨ ᠬᠦᠷᠭᠡᠬᠦ  ᠪᠠᠷᠠᠭᠠᠨ ᠤ ᠬᠦᠢᠯᠭᠡᠭᠡ ᠵᠡᠷᠭᠡ ᠰᠠᠭᠤᠷᠢ ᠬᠦᠴᠦᠨ ᠵᠦᠢᠯ ᠢ ᠬᠠᠮᠢᠶᠠᠷᠤᠨ ᠡᠵᠡᠮᠳᠡᠵᠦ᠂ ᠬᠠᠤᠯᠢ ᠶᠢ ᠵᠥᠷᠢᠴᠡᠵᠦ ᠶᠠᠯ᠎ᠠ  ᠬᠢᠬᠦ ᠶᠢ ᠪᠦᠲᠦᠮᠵᠢᠲᠡᠶ ᠰᠡᠷᠭᠡᠶᠢᠯᠡᠬᠦ ᠪᠠ ᠴᠣᠬᠢᠯᠲᠠ ᠥᠭᠬᠦ ᠵᠡᠷᠭᠡ ᠴᠣᠬᠢᠯᠲᠠ ᠥᠭᠴᠦ ᠰᠡᠷᠭᠡᠶᠢᠯᠡᠬᠦ ᠠᠵᠢᠯ ᠤᠨ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠰᠠᠭᠤᠷᠢ ᠲᠤᠭ᠎ᠠ ᠲᠤᠳᠤᠷᠬᠠᠢ᠂ ᠪᠠᠶᠢᠳᠠᠯ ᠲᠣᠳᠣᠷᠬᠠᠶ᠂ ᠡᠵᠡᠮᠳᠡᠵᠦ ᠳᠡᠶᠢᠯᠬᠦ  ᠂ ᠦᠷ᠎ᠡ ᠪᠦᠲᠦᠮᠵᠢ ᠰᠠᠶᠢᠨ ᠪᠠᠶᠢᠬᠤ ᠬᠠᠷᠠᠯᠲᠠ ᠶᠢ ᠪᠡᠶᠡᠯᠡᠭᠦᠯᠪᠡ᠃            6. ᠬᠦᠳᠦᠯᠦᠭᠴᠢ            ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠠᠵᠢᠯ ᠤᠨ ᠬᠦᠷᠢᠶ᠎ᠡ ᠬᠡᠪᠴᠢᠶ᠎ᠡ ᠨᠢ ᠨᠡᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠡᠯ᠎ᠡ ᠲᠠᠯ᠎ᠠ ᠶᠢ ᠪᠠᠭᠲᠠᠭᠠᠵᠤ ᠪᠠᠶᠢᠳᠠᠭ᠂ ᠥᠨᠥᠳᠦᠷ ᠪᠢᠳᠡ  ᠣᠯᠠᠨ ᠲᠦᠮᠡᠨ ᠤ ᠠᠮᠢᠳᠤᠷᠠᠯ ᠠᠴᠠ ᠬᠠᠮᠤᠭ ᠤᠶᠢᠷᠠᠬᠠᠨ ᠪᠠᠶᠢᠳᠠᠭ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠪᠠᠭᠤᠳᠠᠯ ᠤᠨ ᠦᠢᠯᠡᠰ ᠤᠨ ᠬᠤᠨᠤᠵᠤ ᠬᠡᠪᠲᠡᠬᠦ ᠪᠠ ᠣᠨᠢᠰᠤ ᠨᠡᠭᠡᠭᠡᠬᠦ ᠵᠡᠷᠭᠡ ᠲᠠᠯ᠎ᠠ ᠪᠠᠷ ᠭᠦᠨᠵᠡᠭᠡᠶ  ᠣᠶᠢᠯᠠᠭᠠᠯ᠎ᠠ᠃ ᠬᠡᠦᠬᠡᠳ ᠪᠣᠯ ᠡᠬᠡ ᠤᠯᠤᠰ ᠤᠨ ᠢᠷᠡᠭᠡᠳᠦᠢ᠂ ᠰᠤᠷᠭᠠᠭᠤᠯᠢ ᠪᠣᠯ ᠬᠡᠦᠬᠡᠳ ᠢ ᠬᠥᠮᠦᠵᠢᠭᠦᠯᠬᠦ ᠥᠯᠥᠭᠡᠢ᠂ ᠮᠠᠨ ᠤ ᠬᠤᠲᠠ ᠶᠢᠨ ᠰᠤᠷᠭᠠᠭᠤᠯᠢ ᠶᠢᠨ ᠦᠨᠳᠦᠰᠦᠨ ᠪᠠᠶᠢᠳᠠᠯ ᠨᠢ ᠶᠠᠮᠠᠷ ᠪᠠᠶᠢᠨ᠎ᠠ︖            7.ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ            ᠵᠠ᠂ ᠲᠡᠭᠡ᠃ ᠳᠣᠣᠷ᠎ᠠ ᠪᠢ ᠮᠠᠨ ᠤ ᠬᠤᠲᠠ ᠶᠢᠨ ᠰᠤᠷᠭᠠᠭᠤᠯᠢ ᠶᠢᠨ ᠦᠨᠳᠦᠰᠦᠨ ᠪᠠᠶᠢᠳᠠᠯ ᠢ ᠣᠯᠠᠨ ᠳᠤ ᠲᠠᠨᠢᠯᠴᠠᠭᠤᠯᠤᠶ᠎ᠠ᠄ ᠣᠳᠣᠬᠠᠨ ᠳᠤ᠂ ᠮᠠᠨ ᠤ ᠬᠤᠲᠠ ᠳᠤ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ  707 ᠪᠣᠢ᠂ ᠡᠭᠦᠨ ᠳᠤ᠄ ᠪᠦᠬᠦ ᠬᠤᠲᠠ ᠳᠤ ᠳᠤᠮᠳᠠᠳᠤ ᠰᠤᠷᠭᠠᠭᠤᠯᠢ 115᠂ ᠪᠠᠭ᠎ᠠ ᠰᠤᠷᠭᠠᠭᠤᠯᠢ 200᠂  ᠬᠡᠤᠬᠡᠳ ᠤᠨ ᠴᠡᠴᠡᠷᠯᠢᠭ 386᠂ ᠣᠨᠴᠠᠭᠠᠶ ᠰᠤᠷᠭᠠᠭᠤᠯᠢ 6᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 61 ᠪᠣᠶ᠃            8. ᠬᠦᠳᠦᠯᠦᠭᠴᠢ            ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠦᠭ ᠲᠦᠮᠡᠨ ᠭᠡᠷ ᠪᠦᠯᠢ ᠲᠠᠢ ᠬᠤᠯᠪᠤᠭᠳᠠᠵᠤ ᠪᠠᠶᠢᠳᠠᠭ  ᠂ ᠡᠳᠡᠭᠡᠷ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠪᠠ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ  ᠬᠤᠲᠠ ᠶᠢᠨ ᠲᠣᠪᠴᠢᠶ᠎ᠠ ᠳᠤ ᠶᠠᠮᠠᠷ ᠶᠠᠮᠠᠷ ᠰᠡᠳᠬᠢᠴᠡ ᠪᠠ ᠠᠷᠭ᠎ᠠ ᠪᠠᠶᠢᠬᠤ ᠪᠤᠢ︖            9.ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ            ᠣᠳᠣᠬᠠᠨ ᠤ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠠᠮᠤᠷ ᠢ ᠬᠠᠮᠠᠭᠠᠯᠠᠬᠤ ᠠᠵᠢᠯ ᠳᠤ ᠣᠷᠤᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠢᠳᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠤᠨ  ᠲᠥᠰᠦᠯ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠠᠪᠴᠤ᠂ ᠠᠯᠳᠠᠰᠢ ᠭᠠᠷᠬᠤ ᠶᠢ ᠬᠤᠷᠢᠭᠯᠠᠵᠤ᠂  ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠭᠦᠨᠵᠡᠭᠡᠶ ᠥᠷᠨᠢᠬᠦ ᠶᠢ ᠢᠳᠡᠪᠬᠢᠲᠡᠶ ᠲᠦᠯᠬᠢᠨ  ᠠᠬᠢᠭᠤᠯᠪᠠ᠃            ᠨᠢᠭᠡᠳᠦᠭᠡᠷ ᠲᠤ᠂ ᠵᠢᠭᠠᠪᠤᠷᠢ ᠠᠪᠴᠤ ᠮᠡᠳᠡᠭᠦᠯᠬᠦ ᠠᠵᠢᠯ ᠢ ᠴᠢᠩᠭᠠᠳᠬᠠᠪᠠ᠃ ᠰᠤᠷᠭᠠᠭᠤᠯᠢ ᠶᠢᠨ ᠬᠦᠷᠢᠶᠡᠨ ᠤ  ᠠᠮᠤᠷ ᠢ ᠬᠠᠮᠠᠭᠠᠯᠠᠬᠤ ᠠᠵᠢᠯ ᠢ ᠨᠥᠯᠥᠭᠡᠯᠡᠬᠦ ᠪᠠ  ᠬᠢᠵᠠᠭᠠᠷᠯᠠᠵᠤ ᠰᠢᠢᠳᠪᠦᠷᠢᠯᠡᠬᠦ ᠳᠤ ᠪᠡᠷᠭᠡ ᠠᠰᠠᠭᠤᠳᠠᠯ ᠢ ᠡᠯ᠎ᠡ  ᠱᠠᠲᠤᠨ ᠤ ᠨᠠᠮ ᠤᠨ ᠬᠤᠷᠢᠶ᠎ᠠ ᠪᠣᠯᠤᠨ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠲᠤ  ᠴᠠᠭ ᠲᠤᠬᠠᠶ ᠳᠤᠨᠢ ᠬᠠᠷᠢᠭᠤ ᠮᠡᠳᠡᠭᠦᠯᠦᠯᠲᠡ ᠬᠢᠵᠦ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠮᠵᠢᠯᠭᠡ  ᠪᠣᠯᠤᠨ ᠴᠢᠬᠤᠯᠠᠴᠢᠯᠠᠯ ᠢ ᠢᠳᠡᠪᠬᠢᠲᠡᠶ ᠪᠠᠷ ᠲᠡᠮᠡᠴᠡᠨ ᠣᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ  ᠠᠵᠢᠯ ᠢ ᠨᠦᠯᠦᠭᠡᠯᠡᠬᠦ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ  ᠲᠣᠭᠤᠷᠢᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠦᠨᠡᠨᠬᠦ ᠰᠠᠶᠢᠲᠤᠷ  ᠠᠳᠬᠤᠪᠠ᠃             ᠬᠤᠶᠠᠳᠤᠭᠠᠷ ᠲᠤ᠂ ᠬᠥᠮᠦᠨ ᠢᠶᠠᠷ ᠦᠨᠳᠦᠰᠦ ᠪᠣᠯᠭᠠᠬᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ  ᠦᠵᠡᠯ ᠰᠠᠨᠠᠭ᠎ᠠ ᠪᠠ ᠲᠤᠳᠤᠭᠠᠳᠤ ᠳᠤ ᠵᠢᠯᠤᠭᠤᠳᠤᠯᠭ᠎ᠠ ᠬᠢᠵᠦ ᠭᠠᠳᠠᠨᠠᠭᠢ ᠶᠢ ᠰᠡᠷᠭᠡᠶᠢᠯᠡᠬᠦ ᠴᠢᠭᠯᠡᠯᠲᠡ ᠶᠢ  ᠪᠠᠷᠢᠮᠳᠠᠯᠠᠪᠠ᠃ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ  ᠲᠦᠪᠰᠢᠨ ᠤ ᠪᠦᠲᠦᠭᠡᠨ ᠪᠠᠶᠢᠭᠤᠯᠤᠭᠴᠢ ᠪᠣᠯᠤᠨ ᠬᠡᠷᠡᠭᠵᠢᠭᠦᠯᠦᠭᠴᠢ ᠶᠢ ᠪᠦᠬᠦ ᠪᠠᠭᠰᠢ ᠰᠤᠷᠤᠭᠴᠢᠳ ᠤᠨ ᠠᠮᠢ ᠨᠠᠰᠤ  ᠡᠳ᠋ ᠬᠥᠷᠥᠩᠭᠡ ᠶᠢᠨ ᠠᠮᠤᠷ ᠲᠦᠪᠰᠢᠨ ᠢ ᠠᠩᠬᠠᠷᠴᠤ᠂ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ  ᠰᠠᠶᠢᠲᠤᠷ ᠬᠢᠵᠦ᠂ ᠰᠤᠷᠤᠭᠴᠢᠳ ᠤᠨ ᠰᠡᠳᠬᠢᠯᠭᠡ ᠪᠠ ᠰᠡᠳᠬᠢᠴᠡ ᠶᠢᠨ ᠬᠤᠪᠢᠷᠠᠯᠲᠠ ᠶᠢ ᠠᠩᠬᠠᠷᠬᠤ ᠬᠡᠷᠡᠭᠲᠡᠶ ᠭᠡᠵᠦ  ᠱᠠᠭᠠᠷᠳᠠᠪᠠ᠃ ᠤᠢᠢᠷ᠎ᠠ ᠶᠢᠨ ᠵᠢᠯ ᠤᠳ ᠲᠤ ᠡᠭᠦᠰᠦᠭᠰᠡᠨ ᠰᠤᠷᠭᠠᠭᠤᠯᠢ ᠶᠢᠨ ᠬᠦᠷᠢᠶᠡᠨ ᠤ ᠬᠡᠳᠦᠨ ᠬᠡᠷᠡᠭ ᠪᠣᠯ  ᠭᠠᠳᠠᠭᠠᠳᠤ ᠬᠦᠴᠦᠨ ᠵᠦᠢᠯ ᠠᠴᠠ ᠪᠣᠯᠣᠭᠰᠠᠨ ᠪᠢᠰᠢ᠂ ᠶᠡᠷᠦ ᠨᠢ ᠳᠣᠲᠣᠭᠠᠳᠤ ᠶᠢᠨ ᠰᠡᠳᠬᠢᠴᠡ ᠶᠢᠨ ᠵᠥᠷᠢᠴᠡᠯ  ᠬᠤᠷᠴᠠᠳᠤᠭᠰᠠᠨ ᠠᠴᠠ ᠪᠣᠯᠤᠭᠰᠠᠨ ᠶᠤᠮ᠃ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ ᠨᠢ  ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠭᠴᠢ ᠡᠯ᠎ᠡ ᠵᠦᠢᠯ ᠤᠨ ᠭᠡᠨᠡᠳᠲᠡ ᠶᠢᠨ ᠪᠠᠶᠢᠳᠠᠯ  ᠳᠣᠤᠷᠠᠬᠢ ᠪᠡᠯᠡᠳᠬᠡᠯ ᠲᠥᠰᠦᠯ ᠢ ᠰᠠᠶᠢᠲᠤᠷ ᠬᠢᠬᠦ ᠶᠢ ᠱᠠᠭᠠᠷᠳᠠᠵᠤ᠂ ᠨᠠᠩ ᠴᠢᠬᠤᠯᠠ ᠨᠢ ᠬᠡᠷᠡᠭ ᠡᠭᠦᠰᠬᠦ ᠠᠴᠠ  ᠡᠮᠦᠨ᠎ᠡ ᠬᠠᠮᠢᠶᠠᠷᠤᠭᠴᠢ ᠳᠠᠷᠤᠶ ᠲᠣᠬᠢᠷᠠᠮᠵᠢᠲᠠᠶ ᠠᠷᠭ᠎ᠠ ᠮᠠᠶ᠋ᠢᠭ ᠢᠶᠠᠷ ᠬᠥᠲᠥᠯᠥᠨ ᠵᠢᠯᠣᠭᠤᠳᠬᠤ ᠪᠠ ᠤᠷᠤᠯᠴᠠᠵᠤ  ᠰᠢᠢᠳᠪᠦᠷᠢᠯᠡᠬᠦ ᠬᠡᠷᠡᠭᠲᠡᠢ᠃                          ᠭᠤᠷᠪᠠᠳᠤᠭᠠᠷ ᠲᠤ᠂ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠢᠳᠡᠪᠬᠢᠲᠡᠶ  ᠥᠷᠨᠢᠭᠦᠯᠪᠡ᠃  ᠪᠢᠳᠡ ᠰᠤᠷᠭᠠᠨ ᠬᠥᠮᠦᠵᠢᠯ᠂ ᠶᠡᠷᠦᠩᠬᠡᠶᠢᠯᠡᠨ ᠵᠠᠰᠠᠬᠤ᠂ ᠰᠣᠶᠣᠯ᠂ ᠦᠢᠯᠡᠳᠪᠦᠷᠢ ᠬᠤᠳᠠᠯᠳᠤᠭ᠎ᠠ᠂ ᠬᠤᠲᠠ ᠶᠢᠨ  ᠬᠠᠮᠢᠶᠠᠷᠤᠯᠲᠠ᠂ ᠤᠬᠠᠭᠤᠯᠭ᠎ᠠ ᠵᠡᠷᠭᠡ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ᠂ ᠰᠤᠷᠭᠠᠭᠤᠯᠢ ᠶᠢᠨ  ᠬᠦᠷᠢᠶᠡᠨ ᠤ ᠡᠷᠭᠢᠨ ᠲᠣᠭᠤᠷᠢᠨ ᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠤᠨ ᠰᠢᠨ᠎ᠡ ᠠᠰᠠᠭᠤᠳᠠᠯ᠂  ᠰᠢᠨ᠎ᠡ ᠣᠨᠴᠠᠯᠢᠭ ᠲᠤ ᠴᠢᠭᠯᠡᠭᠦᠯᠦᠨ᠂ ᠤᠬᠠᠭᠤᠯᠬᠤ ᠪᠠ ᠲᠥᠪᠯᠡᠷᠡᠭᠦᠯᠦᠨ ᠨᠢᠭᠡᠳᠦᠯᠲᠡᠶ ᠵᠠᠰᠠᠬᠤ ᠠᠵᠢᠯᠯᠠᠭ᠎ᠠ ᠶᠢ  ᠴᠠᠭ ᠲᠤᠨᠢ ᠲᠤᠬᠢᠷᠠᠭᠤᠯᠤᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠠᠮᠤᠷ  ᠲᠦᠪᠰᠢᠨ ᠢ ᠨᠥᠯᠥᠭᠡᠯᠡᠬᠦ ᠬᠡᠯᠡᠯᠴᠡᠭᠡᠨ ᠶᠡᠬᠡᠲᠡᠶ᠂ ᠬᠦᠴᠢᠷ ᠠᠰᠠᠭᠤᠳᠠᠯ ᠢ ᠰᠢᠢᠳᠪᠦᠷᠢᠯᠡᠪᠡ᠃            ᠳᠥᠷᠪᠡᠳᠦᠭᠡᠷ ᠲᠤ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠳ᠋ ᠤᠨ ᠵᠠᠰᠠᠭ ᠤᠨ  ᠤᠷᠤᠭᠤᠯᠤᠯᠲᠠ ᠶᠢ ᠪᠠᠲᠤᠯᠠᠪᠠ᠃ ᠬᠤᠲᠠ ᠶᠢᠨ ᠵᠠᠰᠠᠭ ᠤᠨ ᠣᠷᠳᠣᠨ ᠠᠴᠠ ᠡᠯ᠎ᠡ ᠲᠣᠭᠤᠷᠢᠭ ᠤᠨ ᠵᠠᠰᠠᠭ ᠤᠨ  ᠣᠷᠳᠣᠨ ᠪᠣᠯᠤᠨ ᠬᠤᠯᠪᠤᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ ᠠᠰᠢᠭ ᠣᠯᠬᠤ ᠪᠠᠷ ᠵᠣᠷᠢᠯᠭ᠎ᠠ ᠪᠠᠨ  ᠪᠣᠯᠭᠠᠭᠰᠠᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠦᠭᠡᠶ ᠡᠯ᠎ᠡ ᠲᠥᠷᠥᠯ ᠤᠨ  ᠰᠤᠷᠭᠠᠨ ᠬᠥᠮᠦᠵᠢᠯ ᠤᠨ ᠭᠠᠵᠠᠷ ᠲᠠᠯᠠᠪᠤᠷ ᠢ ᠡᠷᠡᠰ ᠴᠠᠭᠠᠵᠠᠯᠠᠵᠤ᠂ ᠰᠤᠷᠭᠠᠨ ᠬᠥᠮᠦᠵᠢᠯ ᠤᠨ ᠡᠮᠬᠢ ᠵᠢᠷᠤᠮ ᠢ  ᠵᠢᠷᠤᠮᠵᠢᠭᠤᠯᠪᠠ᠃ ᠬᠤᠲᠠ ᠶᠢᠨ ᠵᠠᠰᠠᠭ ᠤᠨ ᠣᠷᠳᠣᠨ ᠠᠴᠠ ᠡᠳ᠋ ᠤᠨ ᠵᠠᠰᠠᠭ᠂ ᠰᠤᠷᠭᠠᠨ ᠬᠥᠮᠦᠵᠢᠯ ᠤᠨ ᠰᠠᠯᠠᠭ᠎ᠠ  ᠮᠥᠴᠢᠷ ᠢ ᠵᠣᠬᠢᠴᠠᠭᠤᠯᠤᠨ ᠵᠢᠭᠠᠨ ᠰᠤᠷᠭᠠᠯᠲᠠ ᠶᠢᠨ ᠣᠷᠴᠢᠨ ᠲᠣᠭᠤᠷᠢᠨ ᠢ ᠵᠢᠷᠤᠮᠵᠢᠭᠤᠯᠵᠤ᠂ ᠲᠤᠰᠬᠠᠶ ᠪᠡᠯᠡ  ᠮᠥᠩᠭᠦ ᠴᠤᠭᠯᠠᠭᠤᠯᠵᠤ᠂ ᠨᠢᠭᠡᠨᠲᠡ ᠳᠠᠩᠰᠠᠯᠠᠭᠤᠯᠤᠭᠰᠠᠨ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠶᠢᠷᠢ ᠶᠢᠨ  ᠣᠳᠣᠬᠢ ᠪᠠᠶᠢᠳᠠᠯ ᠢ ᠰᠠᠶᠢᠵᠢᠷᠠᠭᠤᠯᠵᠤ᠂ ᠪᠠᠭᠰᠢ ᠰᠤᠷᠤᠭᠴᠢᠳ ᠤᠨ  ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠪᠤᠶᠤ  ᠵᠣᠷᠢᠭᠤᠳᠠ ᠬᠤᠤᠷ ᠬᠥᠨᠥᠭᠡᠯ ᠢ ᠡᠰᠡᠷᠭᠦᠴᠡᠬᠦ ᠴᠢᠳᠠᠪᠤᠷᠢ ᠶᠢ ᠪᠠᠳᠤᠯᠠᠪᠠ᠃ ᠠᠮᠤᠷ ᠢ ᠬᠠᠮᠠᠭᠠᠯᠠᠬᠤ ᠬᠦᠴᠦᠨ ᠢ  ᠭᠦᠢᠴᠡᠳ ᠲᠣᠬᠢᠷᠠᠭᠤᠯᠵᠤ᠂ ᠴᠢᠬᠤᠯᠠ ᠪᠦᠬᠦᠢ ᠬᠥᠮᠦᠨ᠂ ᠮᠡᠷᠭᠡᠵᠢᠯ᠂ ᠪᠣᠳᠠᠰ ᠤᠨ ᠠᠮᠤᠷ ᠢ ᠬᠠᠮᠠᠭᠠᠯᠠᠬᠤ  ᠪᠡᠯᠡᠳᠬᠡᠮᠵᠢ ᠪᠣᠯᠤᠨ ᠪᠠᠭᠠᠵᠢ ᠬᠡᠷᠡᠭᠰᠡᠯ ᠢ ᠲᠣᠬᠢᠷᠠᠭᠤᠯᠵᠤ ᠪᠠᠶᠢᠭᠠᠳ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ  ᠬᠠᠤᠯᠢ ᠪᠤᠰᠤ ᠡᠲᠡᠭᠡᠳ ᠤᠨ ᠬᠠᠯᠳᠠᠯᠭ᠎ᠠ ᠶᠢ ᠡᠰᠡᠷᠭᠦᠴᠡᠬᠦ ᠴᠢᠳᠠᠪᠤᠷᠢ ᠶᠢ ᠪᠠᠳᠤᠯᠠᠪᠠ᠃            ᠲᠠᠪᠤᠳᠤᠭᠠᠷ ᠲᠤ᠂ ᠤᠯᠠᠨ ᠰᠠᠯᠠᠭ᠎ᠠ ᠮᠥᠴᠢᠷ ᠤᠨ ᠬᠠᠮᠲᠤᠷᠠᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ  ᠦᠷᠭᠦᠯᠵᠢ ᠥᠷᠨᠢᠬᠦᠯᠪᠡ᠃ ᠰᠤᠷᠭᠠᠨ ᠬᠥᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠦᠷᠦᠭᠦᠯᠡᠨ ᠡᠯ᠎ᠡ  ᠰᠤᠷᠭᠠᠭᠤᠯᠢ ᠶᠢ ᠵᠣᠬᠢᠶᠠᠨ ᠪᠠᠶᠢᠭᠤᠯᠵᠤ ᠪᠠᠶᠢᠭᠠᠳ ᠲᠤᠰ ᠰᠤᠷᠭᠠᠭᠤᠯᠢ ᠶᠢᠨ ᠢᠶᠠᠨ ᠪᠠᠷᠢᠯᠭ᠎ᠠ ᠶᠢᠨ ᠪᠡᠯᠡᠳᠬᠡᠮᠵᠢ ᠶᠢᠨ  ᠠᠮᠤᠷ ᠲᠦᠪᠰᠢᠨ ᠤ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠪᠡ᠃ ᠳᠠᠯᠳᠠ ᠭᠡᠮ ᠢ ᠵᠠᠰᠠᠬᠤ ᠲᠤᠰᠬᠠᠶ ᠠᠵᠢᠯᠯᠠᠭ᠎ᠠ ᠥᠷᠨᠢᠬᠦᠯᠬᠦ ᠶᠢ ᠰᠠᠨᠠᠭᠤᠯᠵᠤ᠂ ᠡᠯ᠎ᠡ ᠰᠤᠷᠭᠠᠭᠤᠯᠢ ᠶᠢᠨ ᠬᠢᠨ ᠲᠤᠳᠤᠷᠬᠠᠢ ᠴᠠᠭ  ᠬᠤᠭᠤᠴᠠᠭᠠᠨ ᠳᠤ ᠪᠡᠶᠡᠯᠡᠭᠦᠯᠬᠦ ᠶᠢ ᠬᠢᠵᠠᠭᠠᠷᠯᠠᠨ ᠲᠤᠭᠲᠠᠭᠠᠵᠤ᠂ ᠡᠭᠦᠨ ᠳᠤ ᠰᠤᠷᠭᠠᠭᠤᠯᠢ ᠶᠢᠨ ᠪᠠᠶᠢᠷᠢ ᠶᠢᠨ ᠭᠠᠯ  ᠤᠨᠲᠠᠷᠠᠭᠠᠬᠤ ᠠᠮᠤᠷ ᠲᠦᠪᠰᠢᠨ ᠢ ᠴᠡᠭᠴᠡᠯᠡᠨ ᠰᠠᠶᠢᠵᠢᠷᠠᠭᠤᠯᠬᠤ᠂ ᠪᠠᠶᠢᠷᠢ ᠶᠢᠨ ᠬᠤᠯᠠᠭᠠᠶᠢᠴᠢ ᠶᠢ ᠰᠡᠷᠭᠡᠶᠢᠯᠡᠬᠦ  ᠠᠷᠭ᠎ᠠ ᠬᠡᠮᠵᠢᠶ᠎ᠡ ᠵᠡᠷᠭᠡ ᠶᠢ  ᠪᠠᠭᠳᠠᠭᠠᠵᠤ᠂ ᠬᠠᠲᠠᠭᠤ ᠪᠡᠯᠡᠳᠭᠡᠮᠵᠢ ᠶᠢ ᠠᠮᠤᠷ ᠲᠦᠪᠰᠢᠨ ᠤ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨᠬᠦ ᠪᠠᠳᠤᠯᠠᠪᠠ᠃            ᠮᠠᠨ ᠤ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨᠬᠦ  ᠴᠢᠩᠭᠠᠳᠬᠠᠬᠤ ᠶᠢᠨ ᠲᠥᠯᠥᠭᠡ᠂ ᠮᠠᠨ ᠤ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ ᠳᠤᠲᠤᠭᠠᠳᠤ ᠶᠢ ᠬᠠᠮᠠᠭᠠᠯᠠᠬᠤ ᠲᠢᠩᠬᠢᠮ ᠤᠨ ᠤᠳᠤᠷᠢᠳᠤᠯᠭ᠎ᠠ ᠳᠣᠤᠷ᠎ᠠ᠂ ︽ᠰᠤᠷᠭᠠᠭᠤᠯᠢ ᠶᠢ  ᠬᠠᠮᠠᠭᠠᠯᠠᠨ ᠴᠡᠴᠡᠷᠯᠢᠭ ᠢ ᠠᠮᠤᠷᠵᠢᠭᠤᠯᠬᠤ︾ ᠲᠤᠰᠬᠠᠶ ᠠᠵᠢᠯᠯᠠᠭ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠠᠵᠢᠯ ᠢ ᠢᠳᠡᠪᠬᠢᠲᠡᠢ ᠥᠷᠨᠢᠭᠦᠯᠵᠦ᠂ ︽ᠰᠤᠷᠭᠠᠭᠤᠯᠢ ᠶᠢᠨ ᠬᠦᠷᠢᠶᠡᠨ ᠤ ᠳᠣᠲᠣᠭᠠᠳᠤ ᠶᠢᠨ ᠠᠮᠤᠷ ᠲᠦᠪᠰᠢᠨ ᠤ ᠰᠡᠷᠭᠡᠶᠢᠯᠡᠯᠲᠡ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ  ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠳᠤ  ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ᠂ ᠰᠤᠷᠭᠠᠭᠤᠯᠢ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ  ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠰᠢᠢᠳᠪᠦᠷᠢᠯᠡᠬᠦ᠂ ᠴᠠᠭᠳᠠᠭ᠎ᠠ ᠶᠢᠨ ᠰᠤᠷᠭᠠᠭᠤᠯᠢ ᠶᠢᠨ ᠬᠠᠮᠲᠤᠷᠠᠨ  ᠬᠥᠳᠡᠯᠦᠯᠴᠡᠬᠦ ᠲᠣᠭᠲᠠᠴᠠ᠂ ᠰᠤᠷᠭᠠᠭᠤᠯᠢ ᠶᠢᠨ ᠬᠦᠷᠢᠶᠡᠨ ᠤ ᠬᠠᠤᠯᠢ ᠳᠦᠷᠢᠮ ᠠᠮᠤᠷ ᠲᠦᠪᠰᠢᠨ ᠤ ᠤᠬᠠᠭᠤᠯᠭ᠎ᠠ  ᠬᠥᠮᠦᠵᠢᠯ︾ ᠵᠡᠷᠭᠡ ᠬᠡᠳᠦᠨ ᠵᠦᠢᠯ ᠤᠨ ᠠᠵᠢᠯ ᠤᠨ ᠠᠷᠭ᠎ᠠ ᠬᠡᠮᠵᠢᠶ᠎ᠡ ᠠᠪᠴᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ  ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠬᠦᠯᠵᠦ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠢ ᠦᠨᠡᠨᠬᠦ  ᠬᠠᠮᠠᠭᠠᠯᠠᠵᠤ᠂ ᠨᠥᠯᠥᠭᠡ ᠲᠠᠢ ᠰᠤᠷᠭᠠᠭᠤᠯᠢ ᠶᠢᠨ ᠬᠦᠷᠢᠶᠡᠨ ᠤ ᠴᠢᠬᠤᠯᠠ ᠶᠡᠭᠡ ᠬᠡᠷᠡᠭ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠪᠠ᠃            ᠰᠤᠷᠭᠠᠭᠤᠯᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂  ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠣᠷ᠎ᠠ᠂ ᠬᠤᠲᠠ ᠶᠢᠨ  ᠶᠡᠷᠦᠩᠬᠡᠶᠢᠯᠡᠨ ᠵᠠᠰᠠᠬᠤ ᠵᠥᠪᠯᠡᠯ᠂ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ ᠭᠤᠷᠪᠠᠨ ᠰᠠᠯᠠᠭ᠎ᠠ ᠮᠥᠴᠢᠷ  ᠬᠠᠮᠲᠤᠷᠠᠨ ︽ᠠᠮᠤᠷ ᠠᠮᠤᠭᠤᠯᠠᠩ ᠰᠤᠷᠭᠠᠭᠤᠯᠢ︾ ᠶᠢ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠵᠤ᠂ ᠪᠦᠬᠦ ᠬᠤᠲᠠ ᠶᠢᠨ ᠪᠤᠶ ᠪᠦᠬᠦᠢ ᠰᠤᠷᠭᠠᠭᠤᠯᠢ ᠳᠤ ᠨᠢᠭᠡ ᠳᠠᠷᠤᠪᠴᠢᠲᠤ ᠬᠡᠯᠪᠡᠷᠢ ᠶᠢᠨ  ᠬᠢᠨᠠᠨ ᠡᠵᠡᠮᠳᠡᠬᠦ ᠰᠦᠯᠵᠢᠶ᠎ᠡ ᠳᠤ ᠬᠤᠯᠪᠤᠭᠳᠠᠬᠤ ᠰᠢᠰᠲ᠋ᠧᠮ ᠤᠭᠰᠠᠷᠴᠤ᠂ ᠰᠤᠷᠭᠠᠭᠤᠯᠢ ᠬᠢᠭᠡᠳ ᠬᠠᠷᠢᠶ᠎ᠠ  ᠭᠠᠵᠠᠷ ᠤᠨ ᠳᠣᠲᠣᠭᠠᠳᠤ ᠶᠢ ᠬᠠᠮᠠᠭᠠᠯᠠᠬᠤ᠂ ᠰᠤᠷᠭᠠᠨ ᠬᠥᠮᠦᠵᠢᠯ ᠪᠣᠯᠤᠨ ᠶᠡᠷᠦᠩᠬᠡᠶᠢᠯᠡᠨ ᠵᠠᠰᠠᠬᠤ ᠰᠠᠯᠠᠭ᠎ᠠ  ᠮᠥᠴᠢᠷ ᠢ ᠰᠤᠷᠭᠠᠭᠤᠯᠢ ᠶᠢᠨ ᠡᠷᠭᠢᠨ ᠲᠣᠭᠤᠷᠢᠨ ᠤ ᠣᠷᠴᠢᠨ ᠲᠣᠭᠤᠷᠢᠨ ᠢ ᠴᠠᠭ ᠢᠮᠠᠭᠲᠠ ᠬᠢᠨᠠᠨ ᠡᠵᠡᠮᠰᠢᠭᠦᠯᠬᠦ  ᠪᠣᠯᠭᠠᠪᠠ᠃ ᠡᠭᠦᠨ ᠠᠴᠠ ᠭᠠᠳᠠᠨ᠎ᠠ᠂ ᠮᠠᠨ ᠤ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ  ᠠᠮᠤᠷ ᠲᠦᠪᠰᠢᠨ ᠵᠠᠮ ᠬᠠᠷᠢᠯᠴᠠᠭᠠᠨ ᠤ ᠡᠮᠬᠢ ᠳᠢᠭᠯᠢᠮ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂  ᠲᠣᠭᠲᠠᠭᠤᠨ ᠢ ᠬᠠᠮᠠᠭᠠᠯᠠᠬᠤ ᠡᠭᠦᠷᠭᠡ ᠬᠦᠨᠳᠦ ᠴᠠᠭᠳᠠᠭᠠᠨ ᠤ ᠬᠦᠴᠦᠨ ᠪᠠᠭ᠎ᠠ ᠵᠡᠷᠭᠡ ᠪᠠᠶᠢᠳᠠᠯ ᠳᠣᠤᠷ᠎ᠠ ᠰᠤᠷᠭᠠᠭᠤᠯᠢ  ᠴᠤᠭᠯᠠᠵᠤ ᠲᠠᠷᠬᠠᠬᠤ ᠣᠷᠭᠢᠯ ᠬᠤᠭᠤᠴᠠᠭᠠᠨ ᠳᠤ ᠲᠤᠰᠬᠠᠶ ᠴᠠᠭᠳᠠᠭᠠᠨ ᠤ ᠬᠦᠴᠦᠨ ᠭᠠᠷᠭᠠᠵᠤ ᠰᠤᠷᠭᠠᠭᠤᠯᠢ ᠶᠢᠨ  ᠡᠷᠭᠢᠨ ᠲᠣᠭᠤᠷᠢᠨ ᠳᠤ ᠠᠮᠤᠷ ᠢ ᠬᠠᠮᠠᠭᠠᠯᠠᠬᠤ᠂ ᠵᠠᠮ ᠬᠠᠷᠢᠯᠴᠠᠭ᠎ᠠ ᠶᠢ ᠴᠡᠭᠴᠡᠯᠡᠨ ᠵᠠᠰᠠᠬᠤ ᠠᠵᠢᠯ ᠦᠷᠨᠢᠭᠦᠯᠦᠨ᠂  ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠠᠮᠤᠷ ᠲᠦᠪᠰᠢᠨ ᠢ ᠲᠦᠢᠯ ᠤᠨ ᠶᠡᠭᠡ ᠪᠠᠷ ᠬᠠᠮᠠᠭᠠᠯᠠᠪᠠ᠃            10. ᠬᠦᠳᠦᠯᠦᠭᠴᠢ            ᠫᠤᠤ ᠵᠡᠪᠰᠡᠭ ᠰᠤᠮᠤ ᠲᠡᠷᠢ ᠶᠢ ᠬᠠᠮᠢᠶᠠᠷᠤᠨ ᠡᠵᠡᠮᠳᠡᠬᠦ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠠᠮᠠᠷ  ᠶᠠᠮᠠᠷ ᠠᠵᠢᠯ ᠠᠷᠭ᠎ᠠ ᠬᠡᠮᠵᠢᠶ᠎ᠡ ᠪᠠᠶᠢᠬᠤ ᠪᠣᠶ︖            11.ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ            1996 ᠣᠨ ᠳᠤ ︽ᠫᠤᠤ ᠶᠢᠨ ᠬᠠᠤᠯᠢ︾ ᠨᠡᠶᠢᠲᠡᠯᠡᠭᠳᠡᠭᠰᠡᠨ ᠠᠴᠠ ᠨᠠᠰᠢ  ᠂ ᠫᠤᠤ ᠵᠡᠪᠰᠡᠭ ᠰᠤᠮᠤ ᠲᠡᠷᠢ ᠪᠠ ᠳᠡᠯᠪᠡᠷᠡᠬᠦ ᠡᠳ᠋ ᠪᠣᠳᠠᠰ ᠢ ᠬᠠᠤᠯᠢ ᠪᠤᠰᠤ ᠪᠠᠷ ᠦᠢᠯᠡᠳᠬᠦ᠂ ᠠᠷᠠᠯᠵᠢᠶᠠᠯᠠᠬᠤ᠂ ᠵᠥᠭᠡᠭᠡᠪᠦᠷᠢᠯᠡᠬᠦ᠂ ᠰᠢᠤᠳᠠᠨ ᠢᠶᠠᠷ  ᠢᠯᠡᠭᠡᠬᠦ᠂ ᠬᠠᠳᠠᠭᠠᠯᠠᠬᠤ᠂ ᠬᠤᠪᠢ ᠬᠥᠮᠦᠨ ᠤ ᠭᠠᠷ ᠲᠤ ᠪᠠᠶᠢᠬᠤ ᠶᠢ ᠲᠣᠳᠣᠷᠬᠠᠶ ᠵᠠᠷᠯᠢᠭ ᠢᠶᠠᠷ  ᠴᠠᠭᠠᠵᠠᠯᠠᠬᠤ ᠶᠢᠨ  ᠬᠠᠮᠲᠤ ᠡᠶᠢᠮᠦᠷᠬᠦ ᠦᠢᠯᠡ ᠠᠵᠢᠯᠯᠠᠭ᠎ᠠ ᠶᠢ ᠡᠷᠡᠭᠦᠤ ᠰᠢᠳᠬᠡᠯ ᠢᠶᠠᠷ ᠰᠢᠳᠬᠡᠬᠦ ᠬᠡᠪᠴᠢᠶᠡᠨ ᠳᠤ ᠤᠷᠤᠭᠤᠯᠪᠠ᠃            ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠯ ᠪᠦᠷᠢ ᠫᠤᠤ ᠵᠡᠪᠰᠡᠭ ᠰᠤᠮᠤ ᠲᠡᠷᠢ ᠪᠠ ᠳᠡᠯᠪᠡᠷᠡᠬᠦ ᠡᠳ᠋  ᠪᠤᠳᠠᠰ ᠢ ᠬᠠᠮᠢᠶᠠᠷᠤᠨ ᠡᠵᠡᠮᠳᠡᠬᠦ ᠪᠠ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ︽ᠫᠤᠤ ᠰᠤᠮᠤ ᠶᠢ ᠬᠤᠷᠢᠶᠠᠮᠵᠢᠯᠠᠨ ᠳᠡᠯᠪᠡᠷᠡᠬᠦ ᠡᠳ᠋ ᠢ ᠵᠠᠰᠠᠬᠤ︾ ᠲᠤᠰᠬᠠᠶ ᠠᠵᠢᠯᠯᠠᠭ᠎ᠠ ᠶᠢ ᠦᠷᠨᠢᠭᠦᠯᠳᠡᠭ᠃ ᠲᠤᠰᠬᠠᠶ  ᠠᠵᠢᠯᠯᠠᠭ᠎ᠠ ᠪᠠᠷ ᠳᠠᠮᠵᠢᠭᠤᠯᠤᠨ ᠫᠤᠤ ᠵᠡᠪᠰᠡᠭ ᠰᠤᠮᠤ ᠲᠡᠷᠢ ᠳᠡᠯᠪᠡᠷᠡᠬᠦ ᠡᠳ᠋ ᠪᠣᠳᠠᠰ ᠢ  ᠬᠠᠤᠯᠢ ᠪᠤᠰᠤ ᠪᠠᠷ ᠠᠷᠠᠯᠵᠢᠶᠠᠯᠠᠭᠰᠠᠨ᠂ ᠦᠢᠯᠡᠳᠦᠭᠰᠡᠨ᠂ ᠵᠥᠭᠡᠭᠡᠪᠦᠷᠢᠯᠡᠭᠰᠡᠨ᠂ ᠰᠢᠤᠳᠠᠨ ᠢᠶᠠᠷ ᠢᠯᠡᠭᠡᠭᠰᠡᠨ᠂ ᠬᠠᠳᠠᠭᠠᠯᠠᠭᠰᠠᠨ ᠪᠠ ᠬᠤᠪᠢ ᠬᠥᠮᠦᠨ ᠤ ᠭᠠᠷ ᠲᠤ ᠪᠠᠶᠢᠬᠤ ᠬᠠᠤᠯᠢ ᠠᠴᠠ ᠵᠥᠷᠢᠴᠡᠭᠰᠡᠨ ᠶᠠᠯᠠᠲᠤ ᠡᠲᠡᠭᠡᠳ ᠲᠤ ᠬᠦᠨᠳᠦ ᠴᠣᠬᠢᠯᠲᠠ  ᠥᠭᠳᠡᠭ᠃            12. ᠬᠦᠳᠦᠯᠦᠭᠴᠢ            ᠲᠠ ᠰᠠᠶ᠋ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠯ ᠪᠦᠷᠢ ︽ᠫᠤᠤ ᠵᠡᠪᠰᠡᠭ ᠢ ᠬᠤᠷᠢᠶᠠᠮᠵᠢᠯᠠᠵᠤ ᠲᠡᠯᠪᠡᠷᠡᠬᠦ ᠡᠳ᠋ ᠢ ᠵᠠᠰᠠᠬᠤ︾ ᠲᠤᠰᠬᠠᠶ ᠠᠵᠢᠯᠯᠠᠭ᠎ᠠ ᠥᠷᠨᠢᠭᠦᠯᠦᠨ᠎ᠡ ᠭᠡᠵᠦ ᠶᠠᠷᠢᠯ᠎ᠠ᠃ ᠮᠠᠨ ᠤ ᠬᠤᠲᠠ ᠡᠨᠡ ᠵᠢᠯ  ᠫᠤᠤ ᠰᠤᠮᠤ ᠶᠢ ᠬᠤᠷᠢᠶᠠᠮᠵᠢᠯᠠᠵᠤ ᠳᠡᠯᠪᠡᠷᠡᠬᠦ ᠡᠳ᠋ ᠢ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠦᠭᠡᠳ ᠶᠠᠮᠠᠷ ᠶᠠᠮᠠᠷ ᠦᠷ᠎ᠡ ᠪᠦᠲᠦᠭᠡᠯ ᠣᠯᠤᠭᠰᠠᠨ ᠪᠣᠶ︖            13.ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ            ᠠᠵᠢᠯᠯᠠᠭ᠎ᠠ ᠥᠷᠨᠢᠭᠦᠯᠦᠭᠰᠡᠨ ᠠᠴᠠ ᠨᠠᠰᠢ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠯ᠎ᠡ ᠲᠥᠷᠥᠯ ᠤᠨ ᠫᠤᠤ ᠵᠡᠪᠰᠡᠭ ᠨᠡᠶᠢᠲᠡ 482 ᠶᠢ᠂ ᠰᠤᠮᠤ 34721 ᠶᠢ᠂ ᠳᠠᠷᠢ 2500 ᠺᠢᠯᠣᠭ᠍ᠷᠠᠮ᠂  ᠲᠡᠰᠦᠷᠡᠭᠦᠯᠦᠭᠴᠢ 7929᠂ ᠳᠡᠭᠦᠵᠢᠯᠡᠭᠦᠷ ᠲᠥᠷᠥᠯ ᠤᠨ ᠳᠡᠯᠪᠡᠷᠡᠬᠦ ᠡᠳ᠋ 911 ᠮᠧᠲᠷ᠂ ᠲᠡᠶᠢᠨ ᠤ ᠦᠯᠡᠳᠡᠭᠳᠡᠯ  ᠡᠳ᠋ 8᠂ ᠳᠠᠭᠤᠷᠢᠶᠠᠮᠠᠯ ᠫᠤᠤ 15 ᠶᠢ ᠬᠤᠷᠢᠶᠠᠮᠵᠢᠯᠠᠵᠤ᠂ ᠬᠢᠲᠤᠭ᠎ᠠ ᠪᠠᠭᠠᠵᠢ 1250᠂ ᠬᠤᠯᠬᠤᠪᠴᠢ ᠨᠤᠮᠤ 14  ᠂ ᠠᠮᠠᠷᠬᠠᠨ ᠳᠡᠯᠪᠡᠷᠡᠬᠦ ᠠᠶᠤᠯᠲᠠᠶ ᠬᠢᠮᠢ ᠶᠢᠨ ᠪᠣᠳᠠᠰ 20 ᠺᠢᠯᠣᠭ᠍ᠷᠠᠮ ᠬᠠᠮᠢᠶᠠᠷᠠᠨ ᠡᠵᠡᠮᠳᠡᠵᠦ᠂ ᠫᠤᠤ ᠵᠡᠪᠰᠡᠭ ᠲᠤ  ᠬᠤᠯᠪᠣᠭᠳᠠᠭᠰᠠᠨ ᠡᠷᠡᠭᠦᠤ ᠶᠢᠨ ᠬᠡᠷᠡᠭ 3 ᠶᠢ ᠢᠯᠡᠷᠡᠭᠦᠯᠵᠦ᠂ 5 ᠬᠥᠮᠦᠨ ᠳᠤ ᠡᠷᠡᠭᠦᠤ ᠶᠢᠨ ᠬᠡᠷᠡᠭ ᠤᠨ  ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠪᠠ︔ ᠫᠤᠤ ᠵᠡᠪᠰᠡᠭ ᠲᠤ ᠬᠤᠯᠪᠣᠭᠳᠠᠭᠰᠠᠨ ᠲᠥᠷᠥᠯ ᠤᠨ ᠠᠮᠤᠷ  ᠲᠦᠪᠰᠢᠨ ᠤ ᠬᠡᠷᠡᠭ 3 ᠪᠠᠶᠢᠵᠤ᠂ 4 ᠬᠥᠮᠦᠨ ᠳᠤ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ  ᠥᠭᠪᠡ︔ ᠳᠡᠯᠪᠡᠷᠡᠯᠲᠡ ᠳᠤ ᠬᠤᠯᠪᠣᠭᠳᠠᠭᠰᠠᠨ ᠡᠷᠡᠭᠦᠤ ᠶᠢᠨ ᠬᠡᠷᠡᠭ 2 ᠪᠠᠶᠢᠵᠤ᠂ 4 ᠬᠥᠮᠦᠨ ᠳᠤ ᠡᠷᠡᠭᠦᠤ ᠶᠢᠨ  ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠪᠠ︔ ᠳᠡᠯᠪᠡᠷᠡᠯᠲᠡ ᠳᠤ ᠬᠤᠯᠪᠣᠭᠳᠠᠭᠰᠠᠨ ᠲᠥᠷᠥᠯ ᠤᠨ ᠠᠮᠤᠷ  ᠲᠦᠪᠰᠢᠨ ᠤ ᠬᠡᠷᠡᠭ 57 ᠪᠠᠶᠢᠵᠤ᠂ 60 ᠬᠥᠮᠦᠨ ᠳᠤ ᠠᠮᠤᠷ ᠲᠦᠪᠰᠢᠨ ᠤ ᠬᠠᠮᠢᠶᠠᠷᠤᠯᠲᠠ ᠶᠢᠨ ᠰᠢᠢᠳᠭᠡᠯ ᠥᠭᠪᠡ  ᠃            14. ᠬᠦᠳᠦᠯᠦᠭᠴᠢ            ᠠᠮᠤᠷ ᠢ ᠬᠠᠮᠠᠭᠠᠯᠠᠬᠤ ᠰᠠᠯᠪᠤᠷᠢ ᠠᠩᠭᠢ ᠶᠢᠨ ᠣᠨᠴᠠᠭᠠᠢ ᠠᠵᠢᠯ ᠲᠥᠷᠥᠯ ᠤᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠳᠤᠮᠳᠠ᠂ ᠨᠢᠭᠡ ᠵᠦᠢᠯ ᠨᠢ ᠣᠨᠢᠰᠤ ᠨᠡᠭᠡᠭᠡᠬᠦ ᠠᠵᠢᠯ ᠤᠨ ᠬᠠᠮᠢᠶᠠᠷᠤᠯᠲᠠ ᠪᠣᠯᠤᠨ᠎ᠠ᠂  ᠡᠨᠡ ᠨᠢ ᠪᠠᠰᠠ ᠴᠤ ᠰᠣᠨᠣᠰᠤᠭᠴᠢᠳ ᠤᠨ ᠣᠨᠴᠠ ᠠᠩᠬᠠᠷᠴᠤ ᠪᠠᠶᠢᠭ᠎ᠠ ᠵᠦᠢᠯ ᠪᠣᠯᠤᠨ᠎ᠠ᠃ ᠤᠴᠢᠷ ᠨᠢ ᠣᠨᠢᠰᠤ ᠨᠡᠭᠡᠭᠡᠬᠦ ᠦᠢᠯᠡᠴᠢᠯᠡᠭᠡᠨ ᠤ ᠵᠠᠷ ᠮᠡᠳᠡᠭᠡ ᠨᠢ ᠬᠠᠮᠢᠭ᠎ᠠ ᠭᠠᠵᠠᠷ ᠦᠭᠡᠢ ᠬᠠᠷᠠᠭᠳᠠᠵᠤ ᠥᠷᠭᠡᠨ ᠣᠯᠠᠨ ᠠᠷᠠᠳ  ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠃ ᠡᠨᠡ ᠲᠠᠯ᠎ᠠ ᠪᠠᠷ᠂  ᠲᠠ ᠮᠠᠨ ᠤ ᠰᠣᠨᠣᠰᠤᠭᠴᠢᠳ ᠲᠤ ᠲᠠᠨᠢᠯᠴᠠᠭᠤᠯᠤᠭᠠᠳ ᠦᠭᠭᠦᠨ᠎ᠡ ᠤᠤ︖            15.ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ            ᠣᠳᠣᠬᠠᠨ ᠳᠤ ᠮᠠᠨ ᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠳᠠᠩᠰᠠᠯᠠᠭᠤᠯᠤᠭᠰᠠᠨ ᠣᠨᠢᠰᠤ ᠨᠡᠭᠡᠭᠡᠬᠦ ᠨᠢᠭᠡᠴᠡ ᠪᠤᠶᠤ ᠠᠵᠤ ᠠᠬᠤᠶᠢᠯᠠᠯ ᠨᠡᠶᠢᠲᠡ 190 ᠭᠠᠷᠤᠶ ᠪᠠᠶᠢᠨ᠎ᠠ᠃ ᠣᠨᠢᠰᠤ ᠨᠡᠭᠡᠭᠡᠬᠦ ᠠᠵᠢᠯ  ᠲᠥᠷᠥᠯ ᠤᠨ ᠬᠠᠮᠢᠶᠠᠷᠤᠯᠲᠠ ᠶᠢ ᠴᠢᠩᠭᠠᠳᠬᠠᠵᠤ᠂ ᠣᠨᠢᠰᠤ ᠨᠡᠭᠡᠭᠡᠬᠦ ᠡᠵᠡᠩᠨᠡᠯᠲᠡ ᠶᠢᠨ ᠨᠢᠭᠡᠴᠢ ᠶᠢᠨ  ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠮᠡᠷᠭᠡᠵᠢᠯ ᠤᠨ ᠣᠨᠢᠰᠤ ᠨᠡᠭᠡᠭᠡᠬᠦ  ᠳᠤ ᠬᠤᠯᠪᠤᠭᠳᠠᠭᠰᠠᠨ  ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠣᠷᠢᠳᠴᠢᠯᠠᠨ ᠰᠡᠷᠭᠡᠶᠢᠯᠡᠬᠦ ᠪᠠ ᠴᠣᠬᠢᠯᠲᠠ ᠥᠭᠬᠦ ᠶᠢᠨ  ᠲᠥᠯᠥᠭᠡ᠂ ᠪᠢᠳᠡ ᠠᠵᠢᠯ ᠬᠢᠵᠦ ᠪᠠᠶᠢᠭ᠎ᠠ ᠬᠥᠮᠦᠰ ᠤᠨ ᠮᠡᠳᠡᠭᠡ ᠵᠠᠩᠭᠢ ᠶᠢᠨ ᠬᠥᠮᠥᠷᠭᠡ ᠪᠠ ᠥᠮᠴᠢᠲᠡᠨ ᠤ ᠳᠠᠩᠰᠠ  ᠡᠪᠬᠡᠮᠡᠯ ᠢ ᠨᠢᠭᠡᠳᠦᠯᠳᠡᠢ ᠪᠠᠶᠢᠭᠤᠯᠵᠤ᠂ ᠣᠨᠢᠰᠤ ᠨᠡᠭᠡᠭᠡᠬᠦ ᠠᠵᠢᠯ ᠲᠥᠷᠥᠯ ᠤᠨ ᠬᠠᠶ᠋ᠢᠭ᠂ ᠬᠠᠷᠢᠭᠤᠴᠠᠯᠭᠠᠲᠠᠨ ᠤ  ᠣᠪᠣᠭ ᠨᠡᠷ᠎ᠡ᠂ ᠠᠵᠢᠯ ᠬᠢᠵᠦ ᠪᠠᠶᠢᠭ᠎ᠠ ᠬᠥᠮᠦᠰ ᠤᠨ ᠨᠡᠷᠡᠰ ᠵᠢᠴᠢ ᠬᠠᠷᠢᠯᠴᠠᠬᠤ ᠤᠲᠠᠰᠤ ᠵᠡᠷᠭᠡ ᠮᠡᠳᠡᠭᠡ ᠵᠠᠩᠭᠢ ᠶᠢ  ᠨᠠᠷᠢᠨ ᠲᠣᠳᠣᠷᠬᠠᠶ ᠲᠡᠮᠳᠡᠭᠯᠡᠵᠦ᠂ ᠠᠵᠢᠯ ᠬᠢᠵᠦ ᠪᠠᠶᠢᠭ᠎ᠠ ᠬᠥᠮᠦᠰ ᠤᠨ ᠬᠤᠷᠤᠭᠤᠨ ᠣᠷᠣᠮ ᠪᠠ DNA ᠶᠢᠨ  ᠮᠡᠳᠡᠭᠡ ᠵᠠᠩᠭᠢ ᠶᠢ ᠴᠤᠭᠯᠠᠭᠤᠯᠪᠠ᠃ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ ᠪᠠᠶᠢᠬᠤ ᠶᠢ  ᠦᠨᠡᠨ ᠬᠦ ᠪᠠᠲᠤᠯᠠᠵᠤ᠂ ᠬᠠᠤᠯᠢ ᠲᠤᠭᠲᠠᠭᠠᠯ ᠠᠴᠠ ᠵᠥᠷᠢᠴᠡᠭᠰᠡᠨ ᠬᠤᠯᠪᠤᠭᠳᠠᠯ ᠪᠥᠬᠦᠶ ᠬᠥᠮᠦᠰ ᠤᠨ ᠣᠨᠢᠰᠤ  ᠨᠡᠭᠡᠭᠡᠬᠦ ᠠᠵᠢᠯ ᠲᠥᠷᠥᠯ ᠡᠷᠭᠢᠯᠡᠬᠦ ᠶᠢ ᠲᠠᠰᠤ ᠬᠤᠷᠢᠭᠯᠠᠪᠠ︔ ᠬᠡᠷᠪᠡ ᠣᠨᠢᠰᠤ ᠨᠡᠭᠡᠭᠡᠬᠦ ᠴᠢᠬᠤᠯᠠ ᠲᠠᠢ ᠪᠠᠶᠢᠳᠠᠯ  ᠭᠠᠷᠪᠠᠯ᠂ ᠪᠢᠲᠡᠭᠡᠶ ᠵᠦᠭᠡᠷ ᠣᠨᠢᠰᠤ ᠨᠡᠭᠡᠭᠡᠬᠦ ᠵᠠᠷ ᠳᠡᠭᠡᠷᠡᠬᠢ ᠤᠲᠠᠰᠤ ᠶᠢ ᠤᠲᠠᠰᠤᠳᠠᠭᠠᠷᠠᠶ᠂ 110 ᠳᠤ  ᠤᠳᠠᠰᠤᠳᠠᠵᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠳᠠᠩᠰᠠᠯᠠᠭᠤᠯᠤᠭᠰᠠᠨ ᠣᠨᠢᠰᠤ ᠨᠡᠭᠡᠭᠡᠬᠦ ᠨᠢᠭᠡᠴᠡ ᠪᠤᠶᠤ  ᠠᠵᠤ ᠠᠬᠤᠶᠢᠯᠠᠯ ᠳᠤ ᠤᠳᠠᠰᠤᠳᠠᠵᠤ᠂ ᠬᠠᠤᠯᠢ ᠪᠤᠰᠤ ᠡᠲᠡᠭᠡᠳ ᠲᠤ ᠵᠠᠪᠰᠢᠬᠤ ᠲᠣᠬᠢᠶᠠᠯ ᠥᠭᠬᠦ ᠠᠴᠠ  ᠵᠠᠶᠢᠯᠠᠰᠬᠢᠭᠡᠷᠡᠢ᠃            16.ᠰᠤᠷᠪᠤᠯᠵᠢᠯᠠᠭᠴᠢ            ᠰᠣᠨᠣᠰᠬᠤᠯᠠᠷ ᠮᠠᠨ ᠤ ᠬᠤᠲᠠ ᠳᠤ ᠪᠠᠭᠤᠳᠠᠯ ᠳᠤ ᠬᠤᠨᠤᠬᠤ ᠳᠤ᠂ ᠪᠡᠶ᠎ᠡ ᠶᠢᠨ ᠦᠨᠡᠮᠯᠡᠯ ᠢᠶᠠᠨ ᠦᠵᠡᠭᠦᠯᠬᠦ ᠦᠭᠡᠢ ᠪᠠᠷ ᠣᠷᠣᠵᠤ ᠰᠠᠭᠤᠵᠤ ᠪᠣᠯᠤᠨ᠎ᠠ ᠭᠡᠨ᠎ᠡ᠂ ᠡᠨᠡ ᠨᠢ ᠶᠠᠮᠠᠷ ᠤᠴᠢᠷ  ᠪᠣᠶ︖            17.ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠣᠨᠴᠠ ᠡᠭᠦᠷᠭᠡ ᠬᠦᠢᠴᠡᠳᠭᠡᠬᠦ ᠶᠡᠭᠡ  ᠠᠩᠭᠢ ᠶᠢᠨ ᠵᠢᠭᠠᠨ  ᠵᠢᠯᠤᠭᠤᠳᠤᠭᠴᠢ ᠺᠠᠩ ᠢᠦᠶ           ᠪᠠᠭᠤᠳᠠᠯ ᠳᠤ ᠣᠷᠣᠵᠤ ᠰᠠᠭᠤᠬᠤ ᠳᠤ ᠠᠶᠠᠨᠴᠢᠨ ᠤ ᠪᠡᠶ᠎ᠡ ᠶᠢᠨ ᠭᠡᠷᠡᠴᠢ ᠦᠨᠡᠮᠯᠡᠯ ᠢ ᠪᠠᠭᠤᠳᠠᠯ ᠤᠨ ᠮᠡᠳᠡᠭᠡ  ᠵᠠᠩᠭᠢ ᠶᠢᠨ ᠰᠢᠰᠲ᠋ᠧᠮ ᠳᠤ ᠰᠢᠯᠭᠠᠵᠤ᠂ ᠳᠠᠩᠰᠠᠯᠠᠵᠤ ᠭᠠᠷᠭᠠᠬᠤ ᠬᠡᠷᠡᠭᠲᠡᠢ᠂ ᠡᠭᠦᠨ ᠢ ᠮᠠᠨ ᠤ ᠤᠯᠤᠰ   ᠤᠨ ︽ ᠪᠠᠭᠤᠳᠠᠯ ᠤᠨ ᠦᠢᠯᠡᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠷᠭ᠎ᠠ︾ ᠪᠣᠯᠤᠨ ︽ᠪᠥᠬᠦᠳᠡ  ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠭᠦᠯᠦᠯ ᠤᠨ ᠦᠵᠡᠯ ᠢ ᠡᠰᠡᠷᠭᠦᠴᠡᠬᠦ ᠬᠠᠤᠯᠢ︾ ᠳᠤ  ᠲᠣᠭᠲᠠᠭᠠᠭᠰᠠᠨ ᠶᠤᠮ᠂ ᠡᠶᠢᠮᠦ ᠠᠴᠠ ᠪᠠᠭᠤᠳᠠᠯ ᠳᠤ ᠪᠠᠭᠤᠬᠤ ᠳᠤ ᠵᠠᠪᠠᠯ ᠬᠦᠴᠦᠨ ᠪᠦᠬᠦᠢ ᠪᠡᠶ᠎ᠡ ᠶᠢᠨ  ᠭᠡᠷᠡᠴᠢ  ᠦᠨᠡᠮᠯᠡᠯ ᠢᠶᠠᠨ ᠬᠠᠩᠭᠠᠬᠤ ᠬᠡᠷᠡᠭᠲᠡᠶ᠃ ᠭᠡᠪᠡᠴᠦ ᠪᠣᠳᠠᠲᠤ ᠪᠠᠶᠢᠳᠠᠯ ᠳᠤᠮᠳᠠ᠂ ᠵᠠᠷᠢᠮ ᠠᠶᠠᠨᠴᠢᠳ ᠪᠡᠶ᠎ᠡ ᠶᠢᠨ  ᠦᠨᠡᠮᠯᠡᠯ ᠢᠶᠠᠨ ᠭᠡᠭᠡᠭᠰᠡᠨ ᠠᠴᠠ ᠪᠣᠯᠵᠤ᠂ ᠵᠣᠴᠢᠳ ᠤᠨ ᠪᠠᠭᠤᠳᠠᠯ ᠳᠤ ᠣᠷᠣᠵᠤ ᠰᠠᠭᠤᠬᠤ ᠳᠤ ᠬᠦᠴᠢᠷᠲᠡᠶ ᠪᠣᠯᠵᠤ᠂  ᠲᠣᠮᠢᠯᠠᠭᠰᠠᠨ ᠰᠠᠯᠪᠤᠷᠢ ᠳᠤ ᠬᠦᠷᠴᠦ ᠲᠦᠷ ᠴᠠᠭ ᠤᠨ ᠪᠡᠶ᠎ᠡ ᠶᠢᠨ ᠦᠨᠡᠮᠯᠡᠯ ᠬᠢᠯᠭᠡᠪᠡᠯ ᠰᠠᠶ᠋ᠢ ᠪᠠᠭᠤᠳᠠᠯ ᠳᠤ ᠰᠠᠭᠤᠵᠤ  ᠪᠤᠯᠳᠠᠭ᠂ ᠡᠨᠡ ᠨᠢ ᠠᠶᠠᠨᠴᠢᠳ ᠲᠤ ᠮᠠᠰᠢ ᠶᠡᠭᠡ ᠳᠥᠭᠦᠮ ᠦᠭᠡᠢ  ᠪᠦᠭᠡᠳ ᠠᠷᠠᠳ ᠤᠨ ᠴᠠᠭᠳᠠᠭ᠎ᠠ ᠶᠢᠨ  ᠠᠵᠢᠯ ᠤᠨ ᠬᠡᠮᠵᠢᠶ᠎ᠡ ᠶᠢ ᠨᠡᠮᠡᠭᠳᠡᠭᠦᠯᠵᠡᠶ᠃ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠮᠤᠷ ᠢ  ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭᠲᠠᠢ  ᠪᠤᠯᠭᠠᠬᠤ ᠡᠭᠦᠳᠡᠨ ᠠᠴᠠ᠂ 2017 ᠣᠨ ᠤ ᠡᠴᠦᠰ ᠲᠤ᠂ ᠪᠥᠬᠦ ᠣᠷᠣᠨ ᠳᠤ ᠲᠦᠷᠦᠭᠦᠯᠡᠨ ᠬᠥᠬᠡᠬᠤᠲᠠ ᠶᠢᠨ  ᠪᠠᠭᠤᠳᠠᠯ ᠤᠨ ᠦᠢᠯᠡᠰ ᠲᠤ ︽ᠬᠥᠮᠦᠨ ᠪᠠ ᠭᠡᠷᠡᠴᠢ ᠶᠢᠨ ᠬᠢᠨᠠᠨ ᠰᠢᠯᠭᠠᠯᠲᠠ︾ ︵ᠬᠥᠮᠦᠨ ᠤ ᠵᠢᠰᠦ ᠶᠢ ᠢᠯᠭᠠᠨ  ᠲᠠᠨᠢᠬᠤ ᠰᠢᠰᠲ᠋ᠧᠮ︶ ᠪᠣᠯᠤᠨ ︽ᠦᠨᠡᠮᠯᠡᠯ ᠥᠬᠡᠶ ᠪᠠᠷ ᠣᠷᠣᠵᠤ ᠰᠠᠭᠤᠬᠤ︾ ᠰᠢᠰᠲ᠋ᠧᠮ ᠢ ᠰᠦᠢᠳᠭᠡᠯ ᠦᠭᠡᠢ ᠪᠠᠷ  ᠲᠡᠰ ᠲᠡᠪᠰᠢᠭᠦᠯᠪᠡ᠃ ᠪᠠᠭᠤᠳᠠᠯ ᠤᠨ ᠦᠢᠯᠡᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ  ᠰᠢᠰᠲ᠋ᠧᠮ ᠢ ᠳᠡᠰ ᠳᠡᠪᠰᠢᠭᠦᠯᠦᠨ ᠥᠭᠡᠷᠡᠴᠢᠯᠡᠬᠦ ᠪᠠᠷ ᠳᠠᠮᠵᠢᠭᠤᠯᠤᠨ᠂ ᠬᠤᠶᠠᠷ ᠵᠦᠢᠯ ᠤᠨ ᠮᠡᠷᠭᠡᠵᠢᠯ ᠤᠨ  ᠴᠢᠳᠠᠮᠵᠢ ᠶᠢ ᠪᠡᠶᠡᠯᠡᠭᠦᠯᠵᠡᠢ᠄ ᠨᠢᠭᠡ ᠳᠤ ᠬᠦᠴᠦᠨ ᠪᠥᠬᠦᠶ ᠪᠡᠶ᠎ᠡ ᠶᠢᠨ ᠦᠨᠡᠮᠯᠡᠯ ᠢᠶᠠᠨ ᠠᠪᠴᠤ ᠶᠠᠪᠤᠭ᠎ᠠ  ᠠᠶᠠᠨᠴᠢᠳ ᠲᠤ ᠲᠤᠬᠠᠶ ᠶᠢᠨ ᠲᠠᠯᠠᠪᠤᠷ ᠤᠨ ᠬᠥᠮᠦᠨ ᠤ ᠳᠦᠷᠰᠦ ᠶᠢᠨ ᠮᠡᠳᠡᠭᠡ ᠵᠠᠩᠭᠢ  ᠪᠣᠯᠣᠨ ᠪᠡᠶ᠎ᠡ ᠶᠢᠨ  ᠦᠨᠡᠮᠯᠡᠯ ᠤᠨ ᠳᠣᠲᠣᠷ᠎ᠠ ᠬᠠᠳᠠᠭᠠᠯᠠᠵᠤ ᠪᠠᠶᠢᠭ᠎ᠠ ᠬᠥᠮᠦᠨ ᠤ ᠳᠦᠷᠰᠦ ᠶᠢᠨ ᠮᠡᠳᠡᠭᠡ ᠵᠠᠩᠭᠢ ᠶᠢ ᠢᠯᠭᠠᠨ ᠲᠠᠨᠢᠵᠤ  ᠬᠠᠷᠢᠴᠠᠭᠤᠯᠤᠨ᠂ ︽ᠬᠥᠮᠦᠨ ᠪᠠ ᠦᠨᠡᠮᠯᠡᠯ ᠨᠢᠭᠡᠳᠦᠯᠲᠡᠢ  ᠪᠠᠶᠢᠬᠤ︾ ᠶᠢ ᠦᠨᠡᠨ ᠬᠦ ᠪᠠᠳᠤᠯᠠᠪᠠ︔ ᠬᠤᠶᠠᠷ ᠲᠤ᠂  ᠪᠡᠶ᠎ᠡ ᠶᠢᠨ ᠦᠨᠡᠮᠯᠡᠯ ᠢᠶᠠᠨ ᠠᠪᠤᠭᠰᠠᠨ ᠦᠭᠡᠢ ᠠᠶᠠᠨᠴᠢᠳ ᠲᠤ ︽ᠦᠨᠡᠮᠯᠡᠯ ᠦᠭᠡᠢ ᠪᠠᠷ ᠣᠷᠣᠵᠤ ᠰᠠᠭᠤᠬᠤ︾  ᠰᠢᠰᠲ᠋ᠧᠮ ᠳᠤ ᠲᠦᠰᠢᠭᠯᠡᠨ᠂ ᠲᠤᠬᠠᠶ ᠶᠢᠨ ᠲᠠᠯᠠᠪᠠᠢ ᠶᠢᠨ ᠬᠥᠮᠦᠨ ᠤ ᠳᠥᠷᠰᠦ ᠶᠢᠨ ᠮᠡᠳᠡᠭᠡ ᠵᠠᠩᠭᠢ ᠪᠣᠯᠤᠨ  ᠳᠣᠲᠣᠭᠠᠳᠤ ᠶᠢ ᠬᠠᠮᠠᠭᠠᠯᠠᠬᠤ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠥᠮᠥᠷᠭᠡ ᠳᠣᠲᠣᠷᠠᠬᠢ ᠬᠥᠮᠦᠨ ᠤ  ᠳᠦᠷᠰᠦ ᠶᠢᠨ ᠮᠡᠳᠡᠭᠡ ᠵᠠᠩᠭᠢ ᠶᠢ ᠢᠯᠭᠠᠨ ᠲᠠᠨᠢᠵᠤ ᠬᠠᠷᠢᠴᠠᠭᠤᠯᠤᠨ᠂ ᠪᠡᠶ᠎ᠡ ᠶᠢᠨ ᠭᠠᠷᠤᠯ ᠢ ᠨᠢ ᠬᠢᠨᠠᠨ ᠰᠢᠯᠭᠠᠨ᠎ᠠ᠃            ᠣᠶᠢᠷ᠎ᠠ ᠶᠢᠨ ᠵᠢᠯ ᠳᠤ᠂ ᠦᠨᠡᠨ ᠨᠡᠷ᠎ᠡ ᠶᠢᠨ ᠲᠦᠷᠢᠮ ᠤᠨ ᠰᠢᠯᠭᠠᠨ ᠪᠠᠲᠤᠯᠠᠬᠤ ᠡᠷᠴᠢᠮ ᠢ ᠲᠠᠰᠤᠷᠠᠯᠲᠠ  ᠥᠬᠡᠶ ᠴᠢᠩᠭᠠᠷᠠᠭᠤᠯᠬᠤ ᠶᠢ ᠳᠠᠭᠠᠯᠳᠤᠨ᠂ ᠬᠦᠴᠦᠨ ᠪᠥᠬᠦᠶ ᠭᠡᠷᠡᠴᠢ ᠦᠨᠡᠮᠯᠡᠯ ᠠᠪᠤᠭᠰᠠᠨ ᠥᠬᠡᠶ ᠣᠯᠠᠨ ᠲᠦᠮᠡᠨ ᠤ  ᠪᠠᠭᠤᠳᠠᠯ ᠳᠤ ᠪᠠᠭᠤᠬᠤ ᠳᠤ ᠮᠠᠰᠢ ᠣᠯᠠᠨ ᠳᠥᠭᠦᠮ ᠦᠭᠡᠢ ᠵᠦᠢᠯ ᠢ ᠠᠪᠴᠢᠷᠠᠵᠠᠢ᠃ ᠬᠠᠤᠯᠢ ᠶᠣᠰᠣᠨ ᠤ  ᠬᠦᠴᠦᠨ ᠲᠠᠢ ᠪᠡᠶ᠎ᠡ ᠶᠢᠨ ᠦᠨᠡᠮᠯᠡᠯ ᠦᠭᠡᠢ ᠠᠶᠠᠨᠴᠢᠳ ᠬᠡᠷᠬᠢᠨ ᠪᠠᠭᠤᠳᠠᠯ ᠳᠤ ᠪᠠᠭᠤᠬᠤ᠂ ᠬᠡᠷᠬᠢᠨ ᠪᠠᠭᠤᠳᠠᠯ ᠤᠨ  ᠦᠢᠯᠡᠰ ᠤᠨ ᠠᠮᠤᠷ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠮᠦᠷᠳᠡᠭᠡᠨ ᠥᠷᠭᠡᠨ ᠣᠯᠠᠨ ᠲᠦᠮᠡᠨ ᠳᠤ ᠨᠠᠩ  ᠰᠠᠶᠢᠨ ᠳᠥᠭᠦᠮ ᠦᠢᠯᠡᠴᠢᠯᠡᠭᠡ ᠬᠠᠩᠭᠠᠬᠤ ᠨᠢ ᠮᠠᠨ ᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ  ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠶᠢᠨ ᠰᠦᠪᠡᠭᠴᠢᠯᠡᠬᠦ ᠰᠡᠳᠦᠪ ᠪᠣᠯᠤᠭᠰᠠᠭᠠᠷ  ᠢᠷᠡᠵᠡᠶ᠃ ᠠᠮᠤᠷ ᠢ ᠬᠠᠮᠠᠭᠠᠯᠠᠬᠤ ᠰᠠᠯᠪᠤᠷᠢ ᠠᠩᠭᠢ ︽ᠦᠨᠡᠮᠯᠡᠯ ᠦᠭᠡᠢ ᠪᠠᠷ ᠣᠷᠣᠵᠤ ᠰᠠᠭᠤᠬᠤ︾ ᠰᠢᠰᠲ᠋ᠧᠮ ᠢ  ᠣᠯᠠᠨ ᠤᠳᠠᠭ᠎ᠠ ᠪᠠᠶᠢᠴᠠᠭᠠᠨ ᠰᠤᠳᠤᠯᠵᠤ᠂ ᠡᠮᠦᠨᠡᠬᠢ ᠬᠤᠭᠤᠴᠠᠭᠠᠨ ᠤ ᠲᠤᠷᠰᠢᠯᠲᠠ ᠶᠢᠨ ᠠᠵᠢᠯ ᠢ  ᠥᠩᠭᠡᠷᠡᠭᠦᠯᠦᠭᠰᠡᠨ ᠤ ᠳᠠᠷᠠᠭ᠎ᠠ᠂ 2017 ᠣᠨ ᠤ 12 ᠳ᠋ᠤᠭᠠᠷ  ᠰᠠᠷ᠎ᠠ ᠠᠴᠠ ᠡᠬᠢᠯᠡᠨ ᠮᠠᠨ ᠤ ᠬᠤᠲᠠ ᠶᠢᠨ  ᠪᠠᠭᠤᠳᠠᠯ ᠤᠨ ᠦᠢᠯᠡᠰ ᠤᠨ ᠬᠢᠨ ᠳᠤ ᠪᠥᠬᠦ ᠲᠠᠯ᠎ᠠ ᠪᠠᠷ ᠳᠡᠯᠭᠡᠷᠡᠭᠦᠯᠪᠡ᠃ ᠬᠦᠴᠦᠨ ᠪᠥᠬᠦᠶ ᠪᠡᠶ᠎ᠡ ᠶᠢᠨ ᠦᠨᠡᠮᠯᠡᠯ  ᠠᠪᠤᠭᠰᠠᠨ ᠥᠬᠡᠶ ᠪᠠᠭᠤᠳᠠᠯ ᠳᠤ ᠪᠠᠭᠤᠬᠤ ᠠᠶᠠᠨᠴᠢᠳ ᠪᠠᠭᠤᠳᠠᠯ ᠤᠨ ᠡᠮᠦᠨ᠎ᠡ ᠲᠠᠪᠴᠠᠩ ᠳᠤ ︽ᠦᠨᠡᠮᠯᠡᠯ  ᠥᠬᠡᠶ ᠪᠠᠷ ᠣᠷᠣᠵᠤ ᠰᠠᠭᠤᠬᠤ ᠪᠡᠶ᠎ᠡ ᠶᠢᠨ ᠭᠠᠷᠤᠯ ᠢ ᠭᠡᠷᠡᠴᠢᠯᠡᠬᠦ ᠰᠢᠰᠲ᠋ᠧᠮ︾ ᠤᠨ ᠡᠷᠢᠶᠡᠨ ᠴᠣᠬᠤᠷ ᠢ ᠰᠢᠷᠪᠢᠵᠦ  ᠬᠤᠪᠢ ᠬᠥᠮᠦᠨ ᠤ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ ᠵᠢᠴᠢ ᠬᠤᠪᠢ ᠬᠥᠮᠦᠨ ᠤ ᠨᠢᠭᠤᠷ ᠤᠨ  ᠭᠤᠷᠪᠠᠨ ᠬᠡᠷᠡᠯ ᠵᠢᠷᠤᠭ ᠰᠡᠭᠦᠳᠡᠷᠯᠡᠨ ᠭᠤᠶᠤᠴᠢᠯᠠᠬᠤ ᠮᠡᠳᠡᠭᠡ ᠵᠠᠩᠭᠢ ᠪᠠᠨ ᠳᠤᠲᠤᠭᠠᠳᠤ ᠶᠢ ᠬᠠᠮᠠᠭᠠᠯᠠᠬᠤ ᠠᠷᠤ  ᠲᠠᠪᠴᠠᠩ ᠳᠤ ᠲᠤᠰᠢᠶᠠᠨ᠎ᠠ᠃ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠷᠤ ᠲᠠᠪᠴᠠᠩ ᠤᠨ ᠰᠢᠰᠲ᠋ᠧᠮ ᠨᠢ  ᠪᠦᠬᠦ ᠤᠯᠤᠰ ᠤᠨ ᠬᠥᠮᠦᠨ ᠠᠮᠠ ᠶᠢᠨ ᠬᠥᠮᠥᠷᠭᠡ ᠳᠤ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠶᠢ ᠬᠠᠷᠭᠤᠭᠤᠯᠤᠨ  ᠪᠠᠶᠢᠴᠠᠭᠠᠬᠤ ᠠᠵᠢᠯ ᠢ ᠠᠶᠠᠨᠳᠠᠭᠠᠨ  ᠪᠡᠶᠡᠯᠡᠭᠦᠯᠬᠦ ᠶᠢᠨ ᠬᠠᠮᠳᠤ ᠠᠶᠠᠨᠴᠢᠳ ᠤᠨ ᠳᠡᠭᠡᠭᠰᠢ ᠳᠠᠮᠵᠢᠭᠤᠯᠤᠭᠰᠠᠨ  ᠭᠤᠷᠪᠠᠨ ᠨᠢᠭᠤᠷ ᠤᠨ ᠵᠢᠷᠤᠭ ᠰᠡᠭᠦᠳᠡᠷ ᠢ ᠪᠦᠬᠦ ᠤᠯᠤᠰ ᠤᠨ ᠬᠥᠮᠦᠨ ᠠᠮᠠ ᠶᠢᠨ ᠬᠥᠮᠥᠷᠭᠡ ᠠᠴᠠ ᠣᠯᠤᠭᠰᠠᠨ ᠠᠶᠠᠨᠴᠢᠳ ᠤᠨ ᠪᠡᠶ᠎ᠡ ᠶᠢᠨ ᠦᠨᠡᠮᠯᠡᠯ ᠤᠨ ᠰᠡᠭᠦᠳᠡᠷ ᠲᠠᠢ 1᠄ 1 ᠶᠢᠨ ᠠᠳᠠᠯᠢᠳᠬᠠᠯ ᠬᠢᠨ᠎ᠡ᠃ ᠪᠦᠬᠦ ᠶᠠᠪᠤᠴᠠ ᠳᠤ  ᠠᠷᠠᠳ ᠤᠨ ᠴᠠᠭᠳᠠᠭ᠎ᠠ ᠬᠥᠮᠦᠨ ᠤ ᠬᠦᠴᠦ ᠤᠷᠤᠯᠴᠠᠬᠤ ᠴᠢᠬᠤᠯᠠ ᠦᠭᠡᠢ᠂ ᠰᠢᠰᠲ᠋ᠧᠮ ᠠᠴᠠ ᠠᠶᠠᠨᠴᠢᠳ ᠤᠨ  ᠪᠡᠶ᠎ᠡ ᠶᠢᠨ ᠭᠠᠷᠤᠯ ᠤᠨ ᠭᠡᠷᠡᠴᠢᠯᠡᠭᠡ ᠶᠢ ᠠᠶᠠᠨᠳᠠᠭᠠᠨ ᠪᠡᠶᠡᠯᠡᠭᠦᠯᠵᠦ᠂ ᠬᠥᠮᠦᠨ ᠤ ᠵᠢᠰᠦ ᠶᠢ ᠢᠯᠭᠠᠨ ᠲᠠᠨᠢᠵᠤ ᠬᠦᠮᠦᠨ  ᠪᠠ ᠵᠢᠷᠤᠭ ᠳᠦᠷᠰᠦ ᠨᠢ ᠨᠢᠭᠡᠳᠦᠯᠳᠡᠢ ᠪᠣᠯ  ᠲᠠᠷᠤᠢ  ᠪᠠᠭᠤᠳᠠᠯ ᠳᠤ ᠪᠠᠭᠤᠬᠤ ᠭᠠᠷ ᠭᠦᠢᠴᠡᠳᠭᠡᠯ ᠬᠢᠵᠦ ᠪᠤᠯᠤᠨ᠎ᠠ ᠂ ᠲᠣᠮᠢᠯᠠᠭᠰᠠᠨ ᠰᠠᠯᠪᠤᠷᠢ ᠳᠤ ᠣᠴᠢᠵᠤ ᠬᠤᠨᠤᠵᠤ ᠰᠠᠭᠤᠬᠤ ᠭᠡᠷᠡᠴᠢ ᠪᠠᠷᠢᠮᠲᠠ ᠬᠢᠯᠭᠡᠭᠰᠡᠨ ᠤ ᠬᠡᠷᠡᠭ ᠦᠭᠡᠢ᠃            ᠥᠩᠭᠡᠷᠡᠭᠰᠡᠨ ᠳᠤ ᠪᠠᠭᠤᠳᠠᠯ ᠤᠨ ᠦᠢᠯᠡᠰ ᠨᠢ ᠴᠥᠮ ᠬᠥᠮᠦᠨ ᠤ ᠬᠦᠴᠦᠨ ᠳᠤ ᠲᠦᠰᠢᠭᠯᠡᠨ ᠣᠷᠣᠵᠤ  ᠰᠠᠭᠤᠭᠰᠠᠳ ᠪᠣᠯᠤᠨ ᠲᠡᠭᠦᠨ ᠤ ᠬᠠᠩᠭᠠᠭᠰᠠᠨ ᠪᠡᠶ᠎ᠡ ᠶᠢᠨ ᠦᠨᠡᠮᠯᠡᠯ ᠤᠨ ᠨᠢᠭᠡᠳᠦᠯᠲᠡᠶ ᠡᠰᠡᠬᠦ ᠶᠢ ᠨᠢᠳᠦ ᠪᠠᠷ ᠢᠯᠭᠠᠨ  ᠲᠠᠨᠢᠵᠤ᠂ ᠬᠠᠷᠭᠤᠭᠤᠯᠤᠨ ᠪᠠᠶᠢᠴᠠᠭᠠᠬᠤ ᠪᠠ ᠠᠳᠠᠯᠢᠳᠬᠠᠬᠤ ᠠᠷᠭ᠎ᠠ ᠮᠠᠶ᠋ᠢᠭ ᠨᠢ ᠳᠥᠭᠦᠮ᠂ ᠪᠦᠳᠦᠭᠦᠯᠢᠭ᠂ ᠦᠷ᠎ᠡ  ᠠᠰᠢᠭ ᠢᠶᠠᠷ ᠳᠣᠣᠷ᠎ᠠ ᠶᠠᠪᠤᠭᠳᠠᠵᠤ᠂ ᠵᠠᠷᠢᠮ ᠠᠵᠢᠯᠲᠠᠨ ᠶᠡᠷᠦ ᠠᠴᠠ ᠲᠣᠰ ᠪᠡᠶ᠎ᠡ ᠶᠢᠨ ᠦᠨᠡᠮᠯᠡᠯ ᠨᠢ ᠣᠷᠣᠵᠤ  ᠰᠠᠭᠤᠭᠰᠠᠳ ᠲᠠᠢ ᠠᠳᠠᠯᠢ ᠨᠢᠭᠡ ᠬᠥᠮᠦᠨ ᠮᠥᠨ ᠡᠰᠡᠬᠦ ᠶᠢ ᠪᠠᠶᠢᠴᠠᠭᠠᠨ ᠰᠢᠯᠭᠠᠬᠤ ᠦᠭᠡᠢ᠂ ᠤᠷᠲᠤ  ᠬᠤᠭᠤᠴᠠᠭᠠᠨ ᠤ ᠳᠠᠩ ᠭᠠᠭᠴᠠ ᠴᠢᠨᠠᠷ ᠪᠦᠬᠦᠢ ᠭᠡᠷᠡᠴᠢᠯᠡᠬᠦ ᠠᠵᠢᠯ ᠨᠢ ᠬᠥᠮᠦᠨ ᠢ ᠠᠮᠠᠷᠬᠠᠨ ᠶᠠᠳᠠᠷᠠᠭᠤᠯᠬᠤ ᠪᠠ  ᠰᠣᠨᠣᠷ ᠰᠡᠷᠡᠮᠵᠢ ᠪᠠᠨ ᠰᠤᠯᠠᠷᠠᠭᠤᠯᠳᠠᠭ᠃ ᠡᠭᠦᠨ ᠤ ᠬᠠᠮᠲᠤ ᠵᠠᠷᠢᠮ ᠬᠠᠭᠤᠷᠮᠠᠭᠯᠠᠨ ᠵᠣᠬᠢᠶᠠᠭᠰᠠᠨ ᠮᠡᠳᠡᠭᠡ ᠵᠠᠩᠭᠢ ᠶᠢ  ᠢᠯᠭᠠᠨ ᠲᠠᠨᠢᠵᠤ ᠴᠢᠳᠠᠬᠤ ᠦᠭᠡᠢ᠂ ︽ᠨᠠᠷᠢᠯᠢᠭᠵᠢᠭᠰᠠᠨ᠂ ᠣᠳᠣᠬᠢᠴᠢᠯᠠᠭᠰᠠᠨ᠂ ᠤᠶᠤᠨᠴᠢᠯᠠᠭᠰᠠᠨ︾  ᠱᠠᠭᠠᠷᠳᠠᠯᠭ᠎ᠠ ᠳᠤ ᠬᠦᠷᠬᠦ ᠳᠤ ᠪᠡᠷᠬᠡ ᠪᠠᠶᠢᠵᠤ᠂ ᠪᠠᠭᠤᠳᠠᠯ ᠤᠨ ᠦᠢᠯᠡᠰ ᠤᠨ ᠵᠢᠭᠰᠠᠭᠠᠯ ᠤᠨ ᠭᠠᠵᠠᠷ ᠤᠨ ᠬᠠᠮᠢᠶᠠᠷᠤᠨ  ᠡᠵᠡᠮᠳᠡᠬᠦ ᠪᠠ ᠪᠣᠳᠠᠲᠤ ᠪᠠᠶᠢᠯᠳᠤᠭᠠᠨ ᠤ ᠦᠷ᠎ᠡ ᠪᠦᠲᠦᠮᠵᠢ ᠶᠢ ᠬᠦᠨᠳᠦ ᠨᠣᠴᠢᠲᠠᠶ ᠨᠦᠯᠦᠭᠡᠯᠡᠳᠡᠭ᠃ ︽ᠬᠥᠮᠦᠨ ᠪᠠ  ᠭᠡᠷᠡᠴᠢ ᠶᠢ ᠬᠢᠨᠠᠨ ᠰᠢᠯᠭᠠᠬᠤ︾ ᠰᠢᠰᠲ᠋ᠧᠮ ᠨᠢ ᠬᠠᠷᠢᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠶᠢ ᠤᠩᠰᠢᠵᠤ᠂  ᠲᠤᠬᠠᠶ ᠶᠢᠨ ᠲᠠᠯᠠᠪᠤᠷ ᠤᠨ ᠵᠠᠪᠳᠤᠨ ᠰᠡᠭᠦᠳᠡᠷᠯᠡᠭᠰᠡᠨ ᠨᠢᠭᠤᠷ ᠴᠢᠷᠠᠶ ᠶᠢᠨ ᠵᠢᠷᠤᠭ ᠲᠠᠢ ᠠᠦ᠋ᠲ᠋ᠤ᠋ ᠬᠠᠷᠢᠴᠠᠭᠤᠯᠪᠠᠯ  ᠬᠤᠶᠠᠷᠬᠠᠨ ᠰᠧᠺᠥ᠋ᠨ᠋ᠲ ᠬᠡᠷᠡᠭᠰᠡᠪᠡᠯ ᠬᠥᠮᠦᠨ ᠭᠡᠷᠡᠴᠢ ᠶᠢᠨ ᠬᠢᠨᠠᠨ ᠪᠠᠶᠢᠴᠠᠭᠠᠯᠲᠠ ᠶᠢ ᠪᠡᠶᠡᠯᠡᠭᠦᠯᠳᠡᠭ ᠃ ︽ᠬᠥᠮᠦᠨ  ᠬᠡᠷᠡᠴᠢ ᠶᠢ ᠬᠢᠨᠠᠨ ᠰᠢᠯᠭᠠᠬᠤ︾ ᠰᠢᠰᠲ᠋ᠧᠮ ᠨᠢ ᠪᠠᠭᠤᠳᠠᠯ ᠤᠨ ᠬᠠᠮᠢᠶᠠᠷᠤᠯᠲᠠ ᠶᠢᠨ ᠳᠤᠮᠳᠠ ᠡᠮᠦᠨ᠎ᠡ ᠲᠠᠪᠴᠠᠩ ᠤᠨ  ᠬᠥᠮᠦᠨ ᠤ  ᠵᠢᠷᠤᠭ ᠲᠥᠷᠰᠦ ᠶᠢ ᠴᠤᠭᠯᠠᠭᠤᠯᠬᠤ ᠲᠥᠬᠦᠭᠡᠷᠦᠮᠵᠢ ᠪᠠᠷ ᠳᠠᠮᠵᠢᠨ᠂ ︽ᠦᠨᠡᠨ ᠨᠡᠷ᠎ᠡ᠂ ᠦᠨᠡᠨ  ᠪᠠᠶᠢᠳᠠᠯ᠂ ᠦᠨᠡᠨ ᠲᠤᠭ᠎ᠠ᠂ ᠦᠨᠡᠨ ᠴᠠᠭ︾ ᠤᠨ ᠱᠠᠭᠠᠷᠳᠠᠯᠭ᠎ᠠ ᠶᠣᠰᠣᠭᠠᠷ᠂ ᠣᠷᠣᠵᠤ ᠰᠠᠭᠤᠭᠰᠠᠨ ᠠᠶᠠᠨᠴᠢᠳ   ᠤᠨ ᠲᠤᠬᠠᠶ ᠶᠢᠨ  ᠲᠠᠯᠠᠪᠤᠷ ᠤᠨ ᠬᠥᠮᠦᠨ ᠤ ᠵᠢᠷᠤᠭ ᠲᠦᠷᠰᠦ ᠶᠢᠨ ᠮᠡᠳᠡᠭᠡ ᠵᠠᠩᠭᠢ ᠶᠢ ᠪᠦᠬᠦ ᠲᠠᠯ᠎ᠠ ᠪᠠᠷ  ᠴᠤᠭᠯᠠᠭᠤᠯᠵᠤ᠂ ᠬᠤᠲᠠ ᠶᠢᠨ ᠲᠣᠪᠴᠢᠶᠠᠨ ᠤ ᠪᠠᠭᠤᠳᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠮᠡᠳᠡᠭᠡ  ᠵᠠᠩᠭᠢ ᠶᠢᠨ ᠰᠢᠰᠲ᠋ᠧᠮ ᠳᠤ ᠴᠠᠭ ᠲᠤᠬᠠᠶ ᠳᠤᠨᠢ ᠳᠠᠮᠵᠢᠭᠤᠯᠵᠤ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ  ᠬᠥᠮᠦᠨ ᠠᠮᠠ ᠶᠢᠨ ᠮᠡᠳᠡᠭᠡ ᠵᠠᠩᠭᠢ ᠶᠢᠨ ᠲᠠᠪᠴᠠᠩ ᠲᠠᠢ 1᠄ 1 ᠶᠢᠨ ᠭᠡᠷᠡᠯ ᠵᠢᠷᠤᠭ ᠤᠨ ᠡᠷᠢᠯᠲᠡ ᠬᠠᠷᠢᠴᠠᠭᠤᠯᠤᠯ  ᠬᠢᠵᠦ᠂ ᠬᠥᠮᠦᠨ ᠤ ᠲᠥᠷᠰᠦ ᠶᠢ ᠢᠯᠭᠠᠨ ᠲᠠᠨᠢᠭᠰᠠᠨ ᠦᠷ᠎ᠡ ᠳ᠋ᠦᠩ ᠢ ᠦᠨᠳᠦᠰᠦᠯᠡᠨ᠂ ᠬᠥᠮᠦᠨ ᠳᠥᠷᠰᠦ ᠨᠢ  ᠨᠢᠭᠡᠳᠦᠯᠲᠡᠢ ᠪᠣᠯ ᠣᠷᠣᠵᠤ ᠰᠠᠭᠤᠵᠤ ᠪᠣᠯᠤᠨ᠎ᠠ᠂ ᠡᠰᠡ ᠲᠡᠭᠡᠪᠡᠯ ᠠᠶᠠᠨᠴᠢᠳ ᠣᠷᠣᠵᠤ ᠰᠠᠭᠤᠬᠤ ᠳᠠᠩᠰᠠᠯᠠᠯ ᠵᠢᠴᠢ  ᠳᠤᠲᠤᠭᠠᠳᠤ ᠶᠢ ᠬᠠᠮᠠᠭᠠᠯᠠᠬᠤ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠲᠠᠮᠵᠢᠭᠤᠯᠬᠤ  ᠵᠡᠷᠭᠡ ᠵᠠᠯᠭᠠᠮᠵᠢ ᠠᠵᠢᠯᠯᠠᠭ᠎ᠠ ᠶᠢ ᠪᠡᠶᠡᠯᠡᠭᠦᠯᠬᠦ ᠶᠢᠨ ᠠᠷᠭ᠎ᠠ ᠦᠭᠡᠢ ᠪᠣᠯᠤᠨ᠎ᠠ᠃ ᠡᠨᠡ  ᠨᠢ ᠬᠠᠭᠤᠷᠮᠠᠭ ᠦᠨᠡᠮᠯᠡᠯ᠂  ᠪᠤᠰᠤᠳ ᠤᠨ ᠪᠡᠶ᠎ᠡ ᠶᠢᠨ ᠦᠨᠡᠮᠯᠡᠯ ᠶᠢ ᠬᠡᠷᠡᠭᠯᠡᠵᠦ ᠪᠠᠭᠤᠳᠠᠯ ᠳᠤ ᠤᠷᠤᠵᠤ ᠰᠠᠭᠤᠬᠤ᠂ ᠨᠢᠭᠡ ᠬᠥᠮᠦᠨ  ᠲᠠᠩᠰᠠᠯᠠᠭᠤᠯᠤᠭᠠᠳ ᠣᠯᠠᠨ ᠬᠥᠮᠦᠨ ᠣᠷᠣᠵᠤ ᠰᠠᠭᠤᠬᠤ  ᠪᠠᠶᠢᠳᠠᠯ ᠭᠠᠷᠬᠤ ᠶᠢ ᠬᠤᠷᠢᠭᠯᠠᠵᠤ ᠴᠢᠳᠠᠨ᠎ᠠ᠃  ᠳᠤᠲᠠᠭᠠᠵᠤ ᠪᠠᠶᠢᠭ᠎ᠠ ᠬᠥᠮᠦᠰ᠂ ᠬᠠᠷᠠᠵᠤ ᠡᠵᠡᠮᠳᠡᠵᠦ ᠪᠠᠶᠢᠭ᠎ᠠ ᠡᠲᠡᠭᠡᠳ᠂ ᠬᠤᠤᠷ ᠲᠠᠲᠠᠭᠰᠠᠨ ᠬᠥᠮᠦᠰ᠂ ᠶᠠᠯ᠎ᠠ  ᠬᠢᠵᠦ ᠥᠩᠭᠡᠷᠡᠭᠰᠡᠨ ᠬᠦᠮᠦᠨ ᠵᠡᠷᠭᠡ ᠬᠠᠤᠯᠢ ᠠᠴᠠ ᠵᠥᠷᠢᠴᠡᠭᠰᠡᠨ ᠬᠥᠮᠦᠰ ᠢ ᠬᠠᠮᠢᠶᠠᠷᠤᠨ ᠡᠵᠡᠮᠳᠡᠬᠦ ᠡᠷᠴᠢᠮ ᠢ  ᠳᠡᠭᠡᠭᠰᠢᠯᠡᠭᠦᠯᠵᠦ᠂ ᠪᠠᠭᠤᠳᠠᠯ ᠤᠨ ᠦᠢᠯᠡᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠪᠠ᠃            ︽ᠦᠨᠡᠮᠯᠡᠯ ᠦᠭᠡᠢ ᠪᠠᠷ ᠣᠷᠣᠵᠤ ᠰᠠᠭᠤᠬᠤ︾ ᠰᠢᠰᠲ᠋ᠧᠮ ᠪᠠ ︽ᠬᠥᠮᠦᠨ ᠭᠡᠷᠡᠴᠢ ᠶᠢ ᠬᠢᠨᠠᠨ ᠰᠢᠯᠭᠠᠬᠤ︾   ᠰᠢᠰᠲ᠋ᠧᠮ ᠢ ᠳᠡᠯᠭᠡᠷᠡᠭᠦᠯᠦᠨ ᠬᠡᠷᠡᠭᠯᠡᠬᠦ ᠪᠠᠷ ᠳᠠᠮᠵᠢᠭᠤᠯᠤᠨ᠂ ᠠᠷᠠᠳ ᠲᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ  ᠪᠦᠲᠦᠮᠵᠢᠲᠡᠶ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠶᠢᠨ ᠳᠠᠷᠤᠭᠠᠰᠤ ᠶᠢ  ᠬᠥᠩᠭᠡᠷᠡᠭᠦᠯᠵᠦ᠂ ᠠᠮᠤᠷ ᠢ ᠬᠠᠮᠠᠭᠠᠯᠠᠬᠤ ᠬᠠᠮᠢᠶᠠᠷᠤᠯᠲᠠ ᠳᠤ ᠦᠢᠯᠡᠴᠢᠯᠡᠪᠡ᠃ ᠪᠡᠶ᠎ᠡ ᠶᠢᠨ ᠦᠨᠡᠮᠯᠡᠯ ᠠᠪᠤᠭᠰᠠᠨ  ᠦᠭᠡᠢ ᠠᠶᠠᠨᠴᠢᠳ ᠢ ᠡᠮᠦᠨ᠎ᠡ ᠲᠠᠪᠴᠠᠩ ᠳᠤ ᠬᠥᠮᠦᠨ ᠤ ᠵᠢᠰᠦ ᠶᠢ ᠢᠯᠭᠠᠨ ᠲᠠᠨᠢᠵᠤ ᠬᠠᠷᠭᠤᠭᠤᠯᠬᠤ  ᠪᠠᠷ ᠳᠠᠮᠵᠢᠨ   ᠪᠠᠭᠤᠳᠠᠯ ᠳᠤ ᠤᠷᠤᠭᠤᠯᠵᠤ ᠰᠠᠭᠤᠯᠭᠠᠵᠤ ᠪᠤᠯᠤᠨ᠎ᠠ᠂ ᠣᠯᠠᠨ ᠲᠦᠮᠡᠨ ᠤ ᠣᠷᠣᠵᠤ ᠰᠠᠭᠤᠬᠤ ᠳᠤ ᠳᠥᠭᠦᠮ  ᠦᠵᠡᠭᠦᠯᠵᠦ᠂ ᠣᠯᠠᠨ ᠲᠦᠮᠡᠨ ᠤ ᠤᠴᠢᠷ ᠶᠠᠪᠤᠳᠠᠯ ᠭᠦᠢᠴᠡᠳᠭᠡᠬᠦ ᠴᠠᠭ ᠢ ᠪᠠᠭᠠᠰᠬᠠᠵᠤ᠂ ᠣᠯᠠᠨ ᠲᠦᠮᠡᠨ ᠤ  ᠬᠠᠨᠤᠮᠵᠢ ᠶᠢᠨ ᠬᠡᠮᠵᠢᠶ᠎ᠡ ᠶᠢ ᠲᠡᠭᠡᠭᠰᠢᠯᠡᠭᠦᠯᠦᠭᠰᠡᠨ ᠤ ᠬᠠᠮᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ  ᠪᠠᠭᠤᠳᠠᠯ ᠤᠨ ᠬᠠᠮᠢᠶᠠᠷᠤᠯᠲᠠ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠬᠠᠷᠢᠶ᠎ᠠ ᠣᠷᠣᠨ ᠤ  ᠲᠣᠮᠢᠯᠠᠭᠰᠠᠨ ᠰᠠᠯᠪᠤᠷᠢ ᠶᠢᠨ ᠬᠤᠨᠤᠭ ᠤᠨ ᠭᠡᠷᠡᠴᠢ ᠬᠢᠵᠦ ᠥᠭᠬᠦ ᠳᠠᠷᠤᠭᠠᠰᠤ ᠶᠢ ᠬᠥᠩᠭᠡᠷᠡᠭᠦᠯᠵᠡᠶ᠃ ᠣᠯᠠᠨ  ᠲᠦᠮᠡᠨ ᠳᠤ ᠳᠥᠭᠦᠮ ᠦᠵᠡᠭᠦᠯᠦᠭᠰᠡᠨ ᠮᠥᠷᠲᠡᠭᠡᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ  ᠴᠢᠩᠭᠠᠳᠬᠠᠵᠤ᠂ ᠬᠠᠮᠢᠶᠠᠷᠬᠤ᠂ ᠠᠷᠠᠳ ᠲᠤ ᠳᠥᠭᠦᠮ ᠦᠵᠡᠭᠦᠯᠬᠦ ᠬᠠᠷᠢᠯᠴᠠᠨ ᠠᠰᠢᠭᠲᠠᠢ ᠬᠠᠮᠲᠤᠪᠠᠷ ᠠᠰᠢᠭ  ᠬᠦᠷᠲᠡᠬᠦ ᠪᠠᠶᠢᠳᠠᠯ ᠢ ᠪᠦᠷᠢᠯᠳᠦᠭᠦᠯᠵᠡᠢ᠃                  18.ᠬᠠᠮᠢᠶᠠᠷᠤᠭᠴᠢ            ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋  ᠲᠣᠪᠴᠢᠶᠠᠨ ᠳᠠᠷᠤᠭ᠎ᠠ ᠵᠠᠶ ᠵᠧᠨ ᠬᠤᠩ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠯᠢ  ᠵᠢᠶᠠᠨ ᠮᠢᠩ ᠳᠡᠳ᠋ ᠠᠩᠭᠢ ᠶᠢᠨ ᠳᠠᠷᠤᠭ᠎ᠠ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ  ᠣᠨᠴᠠᠭᠠᠢ ᠡᠭᠦᠷᠭᠡ ᠬᠦᠢᠴᠡᠳᠭᠡᠬᠦ ᠶᠡᠭᠡ ᠠᠩᠭᠢ ᠶᠢᠨ ᠺᠠᠩ ᠢᠦᠶ ᠵᠢᠭᠠᠨ ᠵᠢᠯᠣᠭᠤᠳᠤᠭᠴᠢ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠠᠨᠳᠠ ᠨᠠᠷ ᠤᠨ ᠠᠩᠬᠠᠷᠤᠯ ᠢᠶᠠᠨ ᠬᠠᠨᠳᠤᠭᠤᠯᠵᠤ ᠤᠷᠤᠯᠴᠠᠭᠰᠠᠨ ᠳᠤ ᠲᠠᠯᠠᠷᠬᠠᠵᠤ ᠪᠠᠶᠢᠨ᠎ᠠ᠂ ᠡᠨᠡ  ᠳ᠋ᠤᠭᠠᠷ ᠤᠨ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ ᠪᠠᠶᠠᠷᠯᠠᠯ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号