︽ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠰᠢᠨ᠎ᠡ ᠲᠢᠲᠢᠮᠯᠢᠭ ᠸᠢᠷᠦ᠋ᠰ ᠤᠨ ᠪᠠᠶᠢᠴᠠᠭᠠᠯᠲᠠ ᠶᠢᠨ  ᠬᠤᠯᠪᠣᠭᠳᠠᠯ ᠪᠥᠬᠦᠶ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ᠤᠨ  ᠲᠠᠶᠢᠯᠤᠮᠵᠢ
ᠨᠡᠶᠢᠲᠡᠯᠡᠭᠰᠡᠨ ᠴᠠᠭ᠄
2020/12/23
     ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠰᠢᠨ᠎ᠡ ᠲᠢᠲᠢᠮᠯᠢᠭ ᠸᠢᠷᠦ᠋ᠰ ᠤᠨ ᠪᠠᠶᠢᠴᠠᠭᠠᠯᠲᠠ ᠶᠢᠨ ᠠᠵᠢᠯ   ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ  ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ  ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ  ︽ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠰᠢᠨ᠎ᠡ ᠲᠢᠲᠢᠮᠯᠢᠭ ᠸᠢᠷᠦ᠋ᠰ ᠤᠨ ᠪᠠᠶᠢᠴᠠᠭᠠᠯᠲᠠ ᠶᠢᠨ ᠬᠤᠯᠪᠣᠭᠳᠠᠯ  ᠪᠥᠬᠦᠶ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ  ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃            ︽ᠮᠡᠳᠡᠭᠳᠡᠯ︾ ᠳᠤ 5 ᠲᠠᠯ᠎ᠠ ᠠᠴᠠ ᠡᠯ᠎ᠡ ᠭᠠᠵᠠᠷ ᠤᠨ ᠬᠢᠨ ᠰᠢᠨ᠎ᠡ ᠲᠢᠲᠢᠮᠯᠢᠭ ᠸᠢᠷᠦ᠋ᠰ ᠤᠨ  ᠲᠤᠷᠰᠢᠯᠲᠠ ᠶᠢᠨ ᠲᠠᠰᠤᠭ ᠤᠨ ᠪᠠᠶᠢᠴᠠᠭᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠳᠤ ᠱᠠᠭᠠᠷᠳᠠᠯᠭ᠎ᠠ ᠳᠤᠷᠠᠳᠪᠠ᠃  ᠨᠢᠭᠡ ᠳᠤ ᠲᠤᠷᠰᠢᠯᠲᠠ ᠶᠢᠨ ᠲᠠᠰᠤᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠶᠢᠴᠠᠭᠠᠯᠲᠠ ᠶᠢᠨ  ᠱᠠᠭᠠᠷᠳᠠᠯᠭ᠎ᠠ ᠲᠠᠢ ᠤᠶᠠᠯᠳᠤᠭᠤᠯᠤᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠲᠤᠷᠰᠢᠯᠲᠠ ᠶᠢᠨ  ᠲᠠᠰᠤᠭ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ  ᠪᠠᠶᠢᠭᠤᠯᠤᠮᠵᠢ ᠶᠢᠨ ᠡᠮᠴᠢᠯᠡᠭᠡᠨ ᠤ ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ ᠤᠨ ᠪᠦᠲᠦᠭᠡᠨ  ᠪᠠᠶᠢᠭᠤᠯᠤᠯᠲᠠ ᠶᠢᠨ ᠱᠠᠭᠠᠷᠳᠠᠯᠭ᠎ᠠ ᠶᠢ ᠳᠤᠷᠠᠳᠤᠨ ᠭᠠᠷᠭᠠᠪᠠ᠃ ᠬᠤᠶᠠᠷ ᠲᠤ ᠬᠠᠤᠯᠢ ᠲᠣᠭᠲᠠᠭᠠᠯ ᠶᠣᠰᠣᠭᠠᠷ  ᠪᠠᠶᠢᠴᠠᠭᠠᠯᠲᠠ ᠶᠢ ᠥᠷᠨᠢᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠶᠢᠨ ᠨᠡᠭᠡᠭᠡᠭᠰᠡᠨ ᠠᠨᠠᠭᠠᠬᠤ ᠤᠬᠠᠭᠠᠨ ᠤ  ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ ᠨᠢ ᠰᠢᠨ᠎ᠡ ᠲᠢᠲᠢᠮᠯᠢᠭ ᠸᠢᠷᠦ᠋ᠰ ᠤᠨ ᠪᠠᠶᠢᠴᠠᠭᠠᠯᠲᠠ ᠬᠢᠬᠦ ᠶᠢ  ᠵᠥᠪᠰᠢᠶᠡᠷᠡᠬᠦ ᠱᠠᠭᠠᠷᠳᠠᠯᠭ᠎ᠠ ᠶᠢ ᠬᠠᠩᠭᠠᠬᠤ ᠶᠢᠨ ᠬᠠᠮᠲᠤ ᠲᠤᠷᠰᠢᠯᠲᠠ ᠶᠢᠨ ᠲᠠᠰᠤᠭ ᠢ ᠪᠦᠷᠢᠳᠬᠡᠨ ᠳᠠᠩᠰᠠᠯᠠᠬᠤ  ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠎ᠠ᠃ ᠭᠤᠷᠪᠠ ᠳᠤ ᠪᠠᠶᠢᠴᠠᠭᠠᠯᠲᠠ ᠶᠢᠨ ᠦᠷ᠎ᠡ ᠳ᠋ᠦᠩ ᠣᠨᠣᠪᠴᠢᠲᠠᠶ  ᠪᠥᠭᠡᠳ ᠨᠠᠶᠢᠳᠠᠪᠤᠷᠢᠲᠠᠶ ᠪᠠᠶᠢᠬᠤ ᠶᠢ ᠪᠠᠲᠤᠯᠠᠨ᠎ᠠ᠃ ᠡᠯ᠎ᠡ ᠭᠠᠵᠠᠷ ᠤᠨ ᠬᠢᠨ ᠡᠮ ᠡᠮᠨᠡᠯᠭᠡ ᠡᠷᠡᠭᠦᠯ ᠬᠠᠮᠠᠭᠠᠯᠠᠯ ᠤᠨ  ᠠᠵᠢᠯᠲᠠᠨ ᠤ ᠮᠡᠷᠭᠡᠵᠢᠯ ᠤᠨ ᠪᠣᠯᠪᠠᠰᠤᠷᠠᠯ ᠪᠠ ᠵᠢᠯᠣᠭᠤᠳᠤᠯᠭ᠎ᠠ ᠶᠢ ᠴᠢᠩᠭᠠᠳᠬᠠᠵᠤ᠂ ᠠᠵᠢᠯᠲᠠᠨ ᠤ ᠠᠵᠢᠯᠯᠠᠭᠠᠨ ᠤ  ᠵᠢᠷᠤᠮᠵᠢᠯ ᠤᠨ ᠴᠢᠨᠠᠷ ᠢ ᠳᠡᠭᠡᠭᠰᠢᠯᠡᠭᠦᠯᠵᠦ᠂ ᠪᠠᠶᠢᠴᠠᠭᠠᠯᠲᠠ ᠶᠢᠨ ᠠᠵᠢᠯ ᠢ ᠦᠷᠨᠢᠭᠦᠯᠬᠦ ᠳᠡᠭᠡᠨ ᠠᠮᠢᠳᠤ ᠪᠣᠳᠠᠰ ᠤᠨ  ᠠᠮᠤᠷ ᠲᠦᠪᠰᠢᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ ᠳᠥᠷᠪᠡ ᠳᠤ  ᠪᠠᠶᠢᠴᠠᠭᠠᠯᠲᠠ ᠶᠢᠨ ᠶᠠᠰᠤ ᠴᠢᠨᠠᠷ ᠢ ᠡᠵᠡᠮᠳᠡᠬᠦ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠬᠠᠷᠢᠶ᠎ᠠ ᠲᠤᠭᠤᠷᠢᠭ ᠤᠨ  ᠳᠤᠲᠤᠷᠠᠬᠢ ᠰᠢᠨ᠎ᠡ ᠲᠢᠲᠢᠮᠯᠢᠭ ᠸᠢᠷᠦ᠋ᠰ ᠤᠨ ᠪᠠᠶᠢᠴᠠᠭᠠᠯᠲᠠ ᠶᠢᠨ ᠲᠠᠰᠤᠭ ᠤᠨ ᠬᠤᠭᠤᠷᠣᠨᠳᠣᠬᠢ ᠴᠢᠨᠠᠷ ᠤᠨ  ᠦᠨᠡᠯᠡᠯᠲᠡ ᠬᠢᠬᠦ ᠶᠢ ᠱᠠᠭᠠᠷᠳᠠᠵᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ  ᠡᠮᠴᠢᠯᠡᠭᠡᠨ ᠤ ᠰᠢᠯᠭᠠᠨ ᠪᠠᠶᠢᠴᠠᠭᠠᠯᠲᠠ ᠶᠢᠨ ᠲᠥᠪ ᠨᠢ ᠲᠠᠰᠤᠭ ᠤᠨ ᠬᠤᠭᠤᠷᠣᠨᠳᠣᠬᠢ ᠴᠢᠨᠠᠷ ᠢ ᠦᠨᠡᠯᠡᠬᠦ ᠠᠵᠢᠯ ᠢ  ᠦᠷᠭᠦᠯᠵᠢᠯᠡᠨ ᠵᠣᠬᠢᠶᠠᠨ ᠪᠠᠶᠢᠭᠤᠯᠤᠨ ᠦᠷᠨᠢᠭᠦᠯᠵᠦ᠂ ᠬᠠᠮᠢᠶ᠎ᠠ ᠪᠦᠬᠦᠢ ᠮᠡᠷᠭᠡᠵᠢᠯ ᠤᠨ ᠵᠢᠯᠣᠭᠤᠳᠤᠯᠭ᠎ᠠ ᠪᠠ  ᠳᠡᠮᠵᠢᠯᠭᠡ ᠶᠢ ᠰᠠᠶᠢᠲᠤᠷ ᠬᠢᠨ᠎ᠡ᠃ ᠲᠠᠪᠤ ᠳᠤ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ  ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠦᠯᠡᠳᠡᠭᠰᠡᠨ ᠵᠠᠭᠪᠤᠷ ᠢ ᠰᠠᠶᠢᠲᠤᠷ ᠰᠢᠢᠳᠪᠦᠷᠢᠯᠡᠨ᠎ᠡ᠃ ᠡᠯ᠎ᠡ  ᠡᠮᠴᠢᠯᠡᠭᠡᠨ ᠤ ᠪᠠᠶᠢᠭᠤᠯᠤᠮᠵᠢ ᠪᠣᠯᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠭᠤᠤᠯ  ᠴᠣᠭᠴᠠ ᠶᠢᠨ ᠬᠠᠷᠢᠭᠤᠴᠠᠯᠭ᠎ᠠ ᠪᠠᠨ ᠨᠠᠶᠢᠲᠠᠪᠤᠷᠢᠵᠢᠭᠤᠯᠵᠤ᠂ ᠵᠠᠭᠪᠤᠷ ᠢ ᠬᠡᠷᠡᠭᠯᠡᠬᠦ᠂ ᠬᠠᠳᠠᠭᠠᠯᠠᠬᠤ ᠪᠠ ᠤᠰᠠᠳᠬᠠᠬᠤ  ᠵᠡᠷᠭᠡ ᠠᠵᠢᠯ ᠢ ᠰᠠᠶᠢᠲᠤᠷ ᠬᠢᠨ᠎ᠡ᠃
 
ᠢᠷᠡᠯᠲᠡ᠄ ᠰᠢᠨ᠎ᠠ ᠬᠤᠳᠠ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号