ᠶᠦᠨ ᠬᠠᠢ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠵᠠᠷᠭᠤ ᠬᠦᠯᠢᠶᠡᠨ ᠠᠪᠤᠪᠠᠯ ᠳᠠᠷᠤᠶ ᠳᠤ ᠨᠢ ᠭᠦᠢᠴᠡᠳᠬᠡᠬᠦ ᠠᠵᠢᠯ ᠢ ᠪᠠᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020/12/7
     11 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠱᠦᠵᠢ ᠶᠦᠨ ᠬᠠᠶ᠂ ᠦᠴᠤᠸᠠᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠪᠠᠷ ᠨᠡᠮᠡᠭᠳᠡᠭᠰᠡᠨ ᠶᠡᠭᠡ ᠲᠠᠩᠬᠢᠮ ᠪᠠ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠳᠤ ᠨᠢ ᠭᠦᠢᠴᠡᠳᠬᠡᠬᠦ ᠠᠷᠠᠳ ᠲᠤ ᠦᠢᠯᠡᠴᠢᠯᠡᠬᠦ ᠲᠠᠪᠴᠠᠩ ᠤᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠰᠢᠶᠠᠨ ᠤ ᠤᠳᠤᠷᠢᠳᠤᠯᠭ᠎ᠠ ᠷᠧᠨ ᠶᠠᠨ ᠰᠢᠶᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠶᠦᠨ ᠬᠠᠶ ᠨᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠶᠡᠭᠡ ᠲᠠᠩᠬᠢᠮ ᠤᠨ ᠬᠤᠪᠢᠶᠠᠷᠢ ᠲᠣᠭᠤᠷᠢᠭ ᠤᠨ ᠪᠠᠶᠢᠷᠢᠯᠠᠭᠤᠯᠤᠯᠲᠠ᠂ ᠠᠵᠢᠯᠯᠠᠬᠤ ᠣᠷᠴᠢᠨ ᠲᠣᠭᠤᠷᠢᠨ᠂ ᠣᠷᠣᠵᠤ ᠰᠠᠭᠤᠭᠰᠠᠨ ᠬᠥᠮᠦᠰ ᠤᠨ ᠠᠵᠢᠯ ᠤᠨ ᠪᠠᠶᠢᠳᠠᠯ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠴᠢᠳᠠᠮᠵᠢ ᠶᠢᠨ ᠳᠡᠭᠡᠭᠰᠢᠯᠡᠯᠲᠡ᠂ ᠪᠠᠶᠢᠭᠤᠯᠭ᠎ᠠ ᠨᠢᠭᠡᠴᠡ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠣᠷᠣᠵᠤ ᠰᠠᠭᠤᠬᠤ᠂ ᠭᠦᠢᠴᠡᠳᠬᠡᠬᠦ ᠶᠠᠪᠤᠴᠠ᠂ ᠭᠦᠢᠴᠡᠳᠬᠡᠬᠦ ᠴᠠᠭ ᠤᠨ ᠬᠢᠵᠠᠭᠠᠷ᠂ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤ ᠨᠢ ᠭᠦᠢᠴᠡᠳᠬᠡᠬᠦ ᠠᠷᠠᠳ ᠲᠤ ᠦᠢᠯᠡᠴᠢᠯᠡᠬᠦ ᠲᠠᠪᠴᠠᠩ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠵᠤ᠂ ᠲᠤᠬᠠᠶ ᠶᠢᠨ ᠲᠠᠯᠠᠪᠠᠢ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠠᠷᠢᠭᠤᠴᠠᠯᠭᠠᠲᠠᠨ ᠤ ᠲᠠᠩᠬᠢᠮ ᠤᠨ ᠴᠣᠩᠬᠤᠪᠴᠢ ᠪᠠᠶᠢᠷᠢᠯᠠᠭᠤᠯᠬᠤ᠂ ᠬᠡᠷᠡᠭ ᠶᠠᠪᠤᠳᠠᠯ ᠪᠠ ᠠᠵᠢᠯᠲᠠᠨ ᠣᠷᠣᠵᠤ ᠰᠠᠭᠤᠬᠤ᠂ ᠪᠢᠴᠢᠭ ᠮᠠᠲ᠋ᠧᠷᠢᠶᠠᠯ ᠭᠦᠢᠴᠡᠳᠬᠡᠬᠦ ᠲᠤᠭ᠎ᠠ ᠬᠡᠮᠵᠢᠶ᠎ᠡ᠂ ᠠᠷᠠᠳ ᠲᠦᠮᠡᠨ ᠳᠤ ᠦᠢᠯᠡᠴᠢᠯᠡᠬᠦ ᠪᠠᠶᠢᠳᠠᠯ ᠵᠢᠴᠢ ᠳᠠᠷᠠᠭ᠎ᠠ ᠠᠯᠬᠤᠮ ᠤᠨ ᠠᠵᠢᠯ ᠤᠨ ᠲᠥᠯᠥᠪᠯᠡᠭᠡ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠪᠠ᠃      ᠶᠦᠨ ᠬᠠᠢ ᠱᠠᠭᠠᠷᠳᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠪᠤᠢ ᠪᠣᠯᠭᠠᠵᠤ᠂ ᠣᠯᠠᠨ ᠲᠦᠮᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠣᠯᠠᠨ ᠲᠦᠮᠡᠨ ᠤ ᠲᠤᠰᠬᠠᠭᠰᠠᠨ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠨᠠᠷᠢᠨ ᠬᠢᠨᠠᠮᠠᠭᠠᠶ  ᠭᠦᠢᠴᠡᠳᠬᠡᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ ᠠᠷᠠᠳ ᠣᠯᠠᠨ ᠤ ᠵᠣᠯ ᠵᠢᠷᠭᠠᠯ ᠤᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠪᠡ᠃      ᠳᠠᠷᠠᠭ᠎ᠠ ᠨᠢ ᠶᠦᠨ ᠬᠠᠶ ᠨᠠᠷ ᠦᠴᠤᠸᠠᠨ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠳᠤ ᠭᠦᠨᠵᠡᠭᠡᠶᠢᠷᠡᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠲᠣᠬᠢᠷᠠᠭᠤᠯᠪᠠ᠃ ︵ᠰᠤᠷᠪᠤᠯᠵᠢᠯᠠᠭᠴᠢ᠄ ᠭᠦᠸᠧ ᠯᠢ᠂ ᠴᠧᠨ ᠪᠥᠸᠧ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号