ᠦᠴᠤᠸᠠᠨ ᠰᠢᠶᠠᠨ ᠤᠳᠤᠷᠢᠳᠬᠤ ᠺᠠᠳ᠋ᠷ ᠢ ᠵᠣᠬᠢᠶᠠᠨ ᠪᠠᠶᠢᠭᠤᠯᠵᠤ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠵᠤ ᠰᠢᠢᠳᠪᠦᠷᠢᠲᠦ ᠢᠯᠠᠯᠲᠠ ᠶᠢ ᠤᠯᠬᠤ ᠠᠵᠢᠯ ᠤᠨ ᠬᠤᠷᠠᠯ ᠤᠨ ᠲᠧᠯᠸᠢᠰ  ᠳ᠋ᠢᠶᠠᠩᠬᠤᠸᠠ ᠬᠤᠷᠠᠯ ᠢ ᠬᠦᠯᠢᠶᠡᠨ ᠠᠪᠴᠤ ᠰᠣᠨᠣᠰᠴᠠᠢ
ᠨᠡᠶᠢᠲᠡᠯᠡᠭᠰᠡᠨ ᠴᠠᠭ᠄
2020/3/11
     3 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠵᠤ ᠰᠢᠢᠳᠪᠦᠷᠢᠲᠦ ᠢᠯᠠᠯᠲᠠ ᠶᠢ ᠤᠯᠬᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠣᠷᠤᠯᠴᠠᠭᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠵᠤ ᠰᠢᠢᠳᠪᠦᠷᠢᠲᠦ ᠢᠯᠠᠯᠲᠠ ᠶᠢ ᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠵᠤ ᠂ ᠨᠢᠭᠡ ᠯᠡ ᠠᠮᠢᠰᠬᠤᠭ᠎ᠠ ᠪᠠᠷ ᠬᠢᠵᠤ᠂ ᠴᠠᠭ ᠮᠥᠴᠡ ᠲᠠᠢ ᠤᠷᠤᠯᠳᠤᠨ ᠳᠠᠭᠠᠷᠢᠯᠲᠠ ᠬᠢᠵᠤ᠂ ᠪᠦᠬᠦ ᠬᠦᠴᠦᠨ ᠢᠶᠠᠷ ᠪᠣᠭᠤᠮᠲᠠ ᠰᠢᠪᠲᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠶᠢ ᠬᠤᠭᠤᠴᠠᠭ᠎ᠠ ᠶᠣᠰᠣᠭᠠᠷ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ ᠶᠢᠨ ᠴᠦᠨ ᠯᠢᠶᠠᠩ᠂ ᠡᠤ  ᠸᠧᠨ ᠪᠢᠶᠣᠤ᠂ ᠵᠠᠩ ᠯᠢ ᠰᠢᠶᠠ ᠵᠡᠷᠭᠡ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠰᠢᠶᠠᠩ ᠪᠠᠯᠭᠠᠰᠤᠨ ᠤ ᠳᠠᠷᠤᠭ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠦᠴᠤᠸᠠᠨ ᠰᠢᠶᠠᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠠᠤᠬᠠᠨ ᠬᠤᠰᠢᠭᠤ ᠪᠠ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠬᠠᠷᠢᠭᠤᠴᠠᠯᠭᠠᠲᠠᠨ ᠨᠥᠬᠦᠳ ᠪᠣᠳᠤᠯ ᠰᠠᠨᠠᠯ ᠢᠶᠠᠨ ᠰᠣᠯᠢᠯᠴᠠᠵᠤ ᠦᠭᠡ ᠬᠡᠯᠡᠪᠡ᠃      ᠱᠢ ᠲᠠᠢ ᠹᠧᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ 7 ᠵᠢᠯ ᠭᠠᠷᠤᠢ ᠶᠢᠨ ᠰᠢᠷᠭᠠᠭᠤ ᠴᠢᠷᠮᠠᠶᠢᠯᠠᠭ᠎ᠠ ᠪᠠᠷ᠂ ᠮᠠᠨ ᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠰᠢᠢᠳᠪᠦᠷᠢᠲᠦ ᠴᠢᠨᠠᠷᠲᠠᠢ ᠠᠬᠢᠴᠠ ᠲᠠᠢ  ᠪᠣᠯᠪᠠ᠂ ᠠᠮᠵᠢᠯᠲᠠ ᠪᠥᠲᠦᠮᠵᠢ ᠬᠢᠯᠪᠠᠷ ᠪᠣᠰᠤ ᠪᠠᠷ ᠢᠷᠡᠭᠰᠡᠨ ᠶᠤᠮ᠃ ᠡᠭᠦᠨ ᠤ ᠬᠠᠮᠲᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢᠶᠠᠨ ᠲᠡᠭᠦᠰ ᠠᠮᠵᠢᠯᠲᠠ ᠰᠡᠭᠦᠯ ᠬᠤᠷᠢᠶᠠᠬᠤ ᠳᠤ ᠵᠠᠷᠢᠮ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠪᠠᠰᠠ ᠮᠠᠰᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠯᠡᠳᠡᠭᠰᠡᠨ ᠡᠭᠦᠷᠭᠡ ᠶᠢ ᠪᠡᠶᠡᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠬᠦ ᠳᠤ ᠪᠠᠭ᠎ᠠ ᠪᠤᠰᠤ ᠬᠦᠴᠢᠷᠳᠡᠯ ᠲᠤᠯᠭᠠᠷᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠰᠢᠭᠤᠳ ᠪᠠ ᠳᠠᠮ ᠢᠶᠠᠷ ᠤᠴᠠᠷᠠᠭᠤᠯᠬᠤ ᠨᠥᠯᠥᠭᠡ ᠶᠢ ᠣᠮᠳᠤᠭᠠᠶᠢᠯᠠᠵᠤ ᠪᠣᠯᠬᠤ ᠦᠭᠡᠢ᠃ ᠤᠳᠤ ᠶᠡᠷᠦᠩᠬᠡᠶ ᠳᠠᠭᠠᠷᠢᠯᠲᠠ ᠬᠢᠬᠦ ᠪᠠ ᠰᠢᠢᠳᠪᠦᠷᠢᠲᠦ ᠳᠠᠶᠢᠯᠠᠯᠳᠤᠭᠠᠨ ᠬᠢᠬᠦ ᠵᠠᠩᠭᠢᠯᠠᠭ᠎ᠠ ᠶᠢᠨ ᠦᠶ᠎ᠡ ᠳᠤ ᠣᠷᠤᠭᠠᠳ ᠪᠠᠶᠢᠨ᠎ᠠ᠂ ᠣᠭᠲᠣᠬᠠᠨ ᠴᠤ ᠵᠣᠭᠰᠣᠩᠭᠢᠷᠠᠵᠤ ᠪᠣᠯᠬᠤ ᠦᠭᠡᠢ᠂ ᠠᠯᠮᠠᠶᠢᠷᠠᠵᠤ ᠪᠣᠯᠬᠤ ᠦᠭᠡᠢ᠂ ᠰᠤᠯᠠᠷᠠᠭᠤᠯᠵᠤ ᠪᠣᠯᠬᠤ ᠦᠭᠡᠢ᠃ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠤᠢᠢᠯᠠᠭᠠᠨ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠪᠦᠬᠦ ᠲᠠᠯ᠎ᠠ ᠪᠠᠷ ᠬᠠᠷᠭᠤᠭᠤᠯᠤᠨ ᠪᠠᠷᠢᠮᠵᠢᠶᠠᠯᠠᠵᠤ᠂ ᠰᠢᠨᠵᠢᠯᠡᠬᠦ ᠤᠬᠠᠭᠠᠨᠴᠢ ᠣᠨᠤᠴᠠᠲᠠᠢ ᠪᠠᠷ ᠠᠷᠭ᠎ᠠ ᠪᠤᠳᠤᠯᠭ᠎ᠠ ᠲᠣᠭᠲᠠᠭᠠᠵᠤ᠂ ᠴᠠᠭ ᠮᠥᠴᠡ ᠲᠠᠢ ᠤᠷᠤᠯᠳᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ  ᠬᠡᠮᠵᠢᠶ᠎ᠡ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠠᠬᠢᠭᠤᠯᠬᠤ ᠬᠡᠷᠡᠭᠲᠡᠢ᠃      ᠱᠢ ᠲᠠᠢ ᠹᠧᠩ᠂ ᠫᠠᠶᠢᠰᠠ ᠡᠯᠭᠦᠵᠤ ᠳᠠᠶᠢᠯᠠᠯᠳᠤᠭᠠᠨ ᠢ ᠱᠠᠯᠠᠪᠳᠠᠭᠤᠯᠬᠤ ᠶᠢ ᠭᠦᠨᠵᠡᠭᠡᠢ ᠬᠡᠷᠡᠭᠵᠢᠭᠦᠯᠵᠦ᠂ ︽ᠭᠤᠷᠪᠠ ᠶᠢ ᠪᠠᠲᠤᠯᠠᠬᠤ︾ ᠪᠠ ᠤᠰᠤ ᠤᠮᠳᠠ ᠶᠢᠨ ᠠᠮᠤᠷ ᠲᠦᠪᠰᠢᠨ ᠤ ᠶᠠᠰᠤ ᠴᠢᠨᠠᠷ ᠢ ᠪᠠᠬᠢᠵᠢᠭᠦᠯᠦᠨ ᠳᠡᠭᠡᠭᠰᠢᠯᠡᠭᠦᠯᠵᠦ᠂ ᠣᠨᠴᠠᠭᠠᠢ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠨᠡᠶᠢᠭᠡᠮ ᠤᠨ ᠪᠠᠲᠤᠯᠠᠭ᠎ᠠ ᠪᠠᠷ ᠦᠨᠳᠦᠰᠦᠨ ᠵᠦᠢᠯ ᠢ ᠨᠢ ᠪᠠᠲᠤᠯᠠᠬᠤ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠯᠡᠳᠡᠭᠰᠡᠨ ᠡᠭᠦᠷᠭᠡ ᠶᠢ ᠲᠡᠷᠡ ᠶᠣᠰᠣᠭᠠᠷ ᠨᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠠᠷᠭ᠎ᠠ ᠪᠦᠬᠦᠨ ᠢ ᠰᠦᠪᠡᠭᠴᠢᠯᠡᠨ ᠬᠢᠵᠢᠭ ᠤᠨ ᠪᠠᠶᠢᠳᠠᠯ ᠤᠨ ᠨᠥᠯᠥᠭᠡ ᠶᠢ ᠢᠯᠠᠨ ᠳᠠᠪᠠᠵᠤ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠬᠦᠯᠦᠰᠦᠨ ᠠᠵᠢᠯ ᠬᠢᠵᠦ ᠠᠵᠢᠯ ᠣᠯᠬᠤ ᠶᠢ ᠤᠷᠢᠳᠠᠪᠠᠷ ᠳᠠᠮᠵᠢᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠳᠠᠷᠤᠭᠳᠠᠵᠤ ᠪᠣᠷᠣᠯᠠᠭᠤᠯᠭ᠎ᠠ ᠮᠠᠭᠤᠲᠠᠭᠰᠠᠨ ᠠᠰᠠᠭᠤᠳᠠᠯ ᠢ ᠪᠦᠲᠦᠮᠵᠢᠲᠡᠶ ᠰᠡᠷᠭᠡᠶᠢᠯᠡᠨ ᠰᠢᠳᠪᠦᠷᠢᠯᠡᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠠᠵᠢᠯ ᠡᠬᠢᠯᠡᠭᠦᠯᠦᠨ ᠠᠵᠢᠯ ᠢᠶᠠᠨ ᠰᠡᠷᠭᠦᠭᠡᠬᠦ ᠶᠢ ᠲᠦᠷᠭᠡᠳᠬᠡᠨ ᠠᠬᠢᠭᠤᠯᠵᠤ᠂ ᠬᠢᠵᠢᠭ ᠤᠨ ᠪᠠᠶᠢᠳᠠᠯ ᠠᠴᠠ ᠪᠣᠯᠵᠤ ᠶᠠᠳᠠᠭᠤᠷᠠᠬᠤ ᠪᠣᠶᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠥᠬᠦ ᠠᠰᠠᠭᠤᠳᠠᠯ ᠢ ᠴᠠᠭ ᠲᠤᠬᠠᠢ ᠳᠤᠨᠢ ᠪᠦᠲᠦᠮᠵᠢᠲᠡᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠡᠬᠢ ᠡᠭᠦᠰᠦᠯ ᠠᠴᠠ ᠨᠢ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠠᠯᠳᠠᠰᠢ ᠭᠠᠷᠬᠤ ᠶᠢ ᠬᠤᠷᠢᠭᠯᠠᠬᠤ ᠬᠡᠷᠡᠭᠲᠡᠢ᠃      ᠱᠢ ᠲᠠᠢ ᠹᠧᠩ ᠴᠢᠬᠤᠯᠠᠴᠢᠯᠠᠭᠰᠠᠨ ᠨᠢ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠴᠢᠬᠤᠯᠠ ᠪᠠᠶᠢᠷᠢᠨ ᠳᠤ ᠲᠠᠯᠪᠢᠵᠤ᠂ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠡᠷᠦᠬᠡ᠂  ᠬᠤᠶᠠᠷ ᠤᠨ ᠬᠤᠭᠤᠷᠤᠨᠳᠤ ᠪᠠᠶᠢᠭ᠎ᠠ ᠠᠮᠠᠷᠬᠠᠨ ᠶᠠᠳᠠᠭᠤᠷᠠᠬᠤ ᠡᠷᠦᠬᠡ ᠵᠢᠴᠢ ᠣᠷᠣᠯᠭ᠎ᠠ ᠨᠢ ᠲᠥᠷᠭᠡᠨ ᠬᠠᠰᠤᠭᠳᠠᠭᠰᠠᠨ᠂ ᠵᠠᠷᠤᠯᠭ᠎ᠠ ᠨᠢ ᠲᠥᠷᠭᠡᠨ ᠨᠡᠮᠡᠭᠳᠡᠭᠰᠡᠨ ᠡᠷᠦᠬᠡ ᠶᠢ ᠨᠢᠭᠲᠠ ᠮᠥᠷᠳᠡᠵᠦ᠂ ᠴᠠᠭ ᠲᠤᠬᠠᠶ ᠳᠤᠨᠢ ᠢᠯᠡᠷᠡᠭᠦᠯᠦᠨ᠂ ᠴᠠᠭ ᠲᠤᠬᠠᠶ ᠳᠤᠨᠢ ᠬᠠᠪᠰᠤᠷᠤᠨ ᠲᠡᠳᠬᠦᠬᠦ ᠬᠡᠷᠡᠭᠲᠡᠢ᠃ ᠶᠠᠳᠠᠭᠤ ᠶᠢ ᠲᠡᠳᠬᠦᠬᠦ ᠠᠵᠤ ᠦᠢᠯᠡᠰ ᠤᠨ ᠬᠥᠭᠵᠢᠨ ᠪᠤᠵᠠᠭᠠᠢᠢᠷᠠᠬᠤ ᠶᠢ ᠦᠷᠭᠦᠯᠵᠢᠯᠡᠨ ᠠᠬᠢᠭᠤᠯᠵᠤ᠂ ᠠᠵᠤ ᠦᠢᠯᠡᠰ ᠢ ᠶᠠᠳᠠᠭᠤ ᠬᠦᠴᠢᠷᠳᠡᠯᠲᠡᠢ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠬᠤ ᠶᠢᠨ ᠣᠷᠭᠢᠯᠤᠮᠠᠯ ᠪᠤᠯᠠᠭ ᠪᠤᠯᠭᠠᠬᠤ ᠬᠡᠷᠡᠭᠲᠡᠢ᠃ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠢᠲᠡᠬᠡᠯ ᠵᠣᠷᠢᠭ ᠤᠶᠤᠨ ᠤᠬᠠᠭᠠᠨ ᠢᠶᠠᠷ ᠲᠡᠳᠬᠦᠬᠦ ᠶᠢ ᠭᠦᠨᠵᠡᠭᠡᠶᠢᠷᠡᠭᠦᠯᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠳᠣᠲᠣᠭᠠᠳᠤ ᠬᠦᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭ᠎ᠠ ᠦᠷᠬᠦᠯᠵᠢᠯᠡᠨ ᠲᠡᠳᠬᠦᠬᠦ ᠢᠶᠠᠨ ᠴᠢᠩᠭᠠᠳᠬᠠᠨ᠂ ᠨᠡᠭᠦᠳᠡᠯ ᠠᠷᠠᠳ ᠤᠨ ᠲᠣᠭᠲᠠᠪᠤᠷᠢᠵᠢᠵᠤ ᠳᠡᠶᠢᠯᠬᠦ ᠡᠰᠡᠬᠦ᠂ ᠠᠵᠢᠯ ᠣᠯᠵᠤ ᠳᠡᠶᠢᠯᠬᠦ᠂ ᠠᠯᠬᠤᠮ ᠠᠯᠬᠤᠮ ᠢᠶᠠᠷ ᠴᠢᠨᠡᠭᠡᠯᠢᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠲᠥᠪ ᠤᠨ ᠪᠠᠶᠢᠭᠤᠯᠭ᠎ᠠ ᠶᠢᠨ ᠴᠡᠭ ᠲᠣᠭᠲᠠᠭᠠᠨ ᠶᠠᠳᠠᠭᠤ ᠶᠢ ᠲᠡᠳᠬᠦᠬᠦ ᠪᠠ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠲᠣᠭᠲᠠᠴᠠ ᠶᠢ ᠪᠠᠬᠢᠵᠢᠭᠦᠯᠵᠦ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠣᠲᠣ ᠶᠢᠨ ᠪᠠᠶᠢᠭ᠎ᠠ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ︽ᠳᠥᠷᠪᠡ ᠶᠢ ᠥᠯᠥ ᠬᠠᠶᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠪᠡᠯᠡᠷᠡᠭᠦᠯᠦᠨ ᠪᠣᠭᠤᠮᠲᠠ ᠰᠢᠪᠲᠤᠯᠬᠤ ᠬᠤᠭᠤᠴᠠᠭ᠎ᠠ ᠳᠠᠭᠤᠰᠤᠭᠰᠠᠨ ᠤ ᠰᠡᠭᠦᠯᠡᠷᠬᠢ ᠠᠵᠢᠯ ᠪᠠ ᠲᠥᠷᠥ ᠶᠢᠨ ᠪᠣᠳᠣᠯᠭ᠎ᠠ ᠶᠢ ᠰᠠᠶᠢᠲᠤᠷ ᠰᠣᠳᠤᠯᠤᠨ ᠲᠥᠯᠦᠪᠵᠢᠭᠦᠯᠵᠤ᠂ ᠪᠥᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ ᠭᠡᠪᠡ᠃      ᠱᠢ ᠲᠠᠢ ᠹᠧᠩ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠪᠣᠯ ᠡᠷᠬᠡᠪᠰᠢ ᠪᠡᠶᠡᠯᠡᠭᠦᠯᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠂ ᠰᠡᠭᠦᠯᠴᠢ ᠶᠢᠨ ᠰᠢᠪᠲᠤᠷᠠᠭᠠᠨ ᠳᠠᠭᠠᠨ ᠣᠷᠤᠬᠤ ᠳᠣᠲᠤᠮ  ᠨᠠᠮ ᠤᠨ ᠤᠳᠤᠷᠢᠳᠤᠯᠭ᠎ᠠ ᠶᠢ ᠤᠯᠠᠮ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠳᠬᠤᠬᠤ ᠶᠢ ︽ᠬᠤᠶᠠᠷ ᠢ ᠬᠠᠮᠠᠭᠠᠯᠠᠬᠤ ︾ ᠶᠢ ᠰᠢᠯᠭᠠᠬᠤ ᠴᠢᠬᠤᠯᠠ ᠬᠡᠮᠵᠢᠭᠦᠷᠯᠢᠭ ᠪᠣᠯᠭᠠᠵᠤ᠂ ᠤᠯᠤᠰ ᠲᠥᠷᠥ ᠶᠢ ᠡᠷᠬᠢᠮᠯᠡᠬᠦ᠂ ᠶᠣᠰᠣ ᠲᠦᠷᠢᠮ ᠢ ᠰᠠᠬᠢᠬᠤ ᠶᠢᠨ ᠦᠨᠳᠦᠰᠦᠨ ᠱᠠᠭᠠᠷᠳᠠᠯᠭ᠎ᠠ ᠪᠣᠯᠭᠠᠵᠤ᠂ ᠲᠠᠪᠤᠨ ᠱᠠᠲᠤᠨ ᠤ ᠱᠦᠵᠢ ᠵᠡᠷᠭᠡ ᠪᠠᠷ ᠠᠳᠬᠤᠬᠤ ᠶᠢ ᠦᠡᠬᠦᠯᠵᠢᠯᠡᠨ ᠴᠢᠩᠭᠠᠳᠬᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠪᠣᠯᠤᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ ᠪᠣᠳᠠᠲᠠᠶᠢᠵᠢᠭᠤᠯᠬᠤ ᠬᠡᠷᠡᠭᠲᠡᠶ᠃ ᠰᠤᠷᠲᠠᠯ ᠤᠨ ᠪᠠᠶᠢᠭᠤᠯᠤᠯᠲᠠ ᠶᠢ ᠬᠦᠴᠦᠲᠡᠶ ᠠᠳᠬᠤᠵᠤ᠂ ᠬᠡᠯᠪᠡᠷᠢᠴᠢ ᠦᠵᠡᠯ ᠨᠣᠶᠠᠨᠴᠢ ᠰᠤᠷᠲᠠᠯ ᠢ ᠡᠷᠡᠰ ᠡᠰᠡᠷᠭᠦᠴᠡᠵᠤ᠂ ᠠᠯᠢᠪᠠ ᠬᠥᠩᠭᠡᠪᠴᠢᠯᠡᠵᠤ ᠣᠮᠳᠤᠭᠠᠶᠢᠯᠠᠬᠤ ᠪᠣᠶᠤ ᠠᠷᠭᠠᠴᠠᠭᠠᠵᠤ ᠠᠯᠪᠠ ᠬᠠᠰᠢᠬᠤ ᠠᠵᠢᠯᠯᠠᠭ᠎ᠠ ᠶᠢ ᠴᠥᠮ ᠬᠦᠯᠢᠴᠡᠵᠦ ᠪᠣᠯᠬᠤ ᠦᠭᠡᠢ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠴᠥᠮ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠶᠢ ᠤᠯᠬᠤ ᠡᠷᠴᠢ ᠵᠣᠷᠢᠭ ᠢᠶᠠᠨ ᠬᠥᠪᠴᠢᠯᠡᠵᠦ᠂ ᠢᠳᠡ ᠬᠦᠴᠦᠨ ᠭᠠᠷᠭᠠᠵᠤ᠂ ᠪᠦᠬᠦ ᠬᠦᠴᠦᠨ ᠢᠶᠠᠷ ᠢᠶᠠᠨ ᠬᠦᠴᠦᠯᠡᠨ ᠲᠡᠮᠡᠴᠡᠵᠦ᠂ ᠶᠡᠭᠡ ᠳᠠᠶᠢᠯᠠᠯᠳᠤᠭᠠᠨ᠂ ᠶᠡᠭᠡ ᠰᠢᠯᠭᠠᠯᠲᠠ ᠶᠢᠨ ᠳᠤᠮᠳᠠ ᠨᠠᠮ ᠪᠠ ᠠᠷᠠᠳ ᠲᠦᠮᠡᠨ ᠳᠤ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠬᠤ ᠬᠡᠷᠡᠭᠲᠡᠢ ᠭᠡᠵᠤ ᠴᠢᠬᠤᠯᠠᠴᠢᠯᠠᠪᠠ᠃      ᠪᠦ᠋ ᠰᠢᠶᠤᠤ ᠯᠢᠨ᠂ ᠡᠯ᠎ᠡ ᠱᠠᠳᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠷᠬᠡᠪᠰᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠬᠢᠵᠤ ᠰᠢᠢᠳᠪᠦᠷᠢᠲᠦ ᠢᠯᠠᠯᠲᠠ ᠶᠢ ᠤᠯᠬᠤ ᠶᠢᠨ ᠴᠢᠬᠤᠯᠠ ᠴᠢᠨᠠᠷ ᠪᠡᠷᠬᠡ ᠬᠠᠲᠠᠭᠤᠵᠢᠯᠲᠤ ᠴᠢᠨᠠᠷ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠨᠡᠩ ᠶᠡᠭᠡ ᠡᠷᠡᠰ ᠵᠣᠷᠢᠭ ᠂ ᠨᠡᠩ ᠴᠢᠩᠭ᠎ᠠ ᠡᠷᠴᠢᠮ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠵᠢᠭᠰᠠᠭᠠᠨ ᠪᠠᠶᠢᠴᠠᠭᠠᠬᠤ ᠠᠵᠢᠯ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠣᠰᠤ ᠡᠷᠦᠬᠡ᠂ ᠬᠤᠶᠠᠷ ᠤᠨ ᠬᠤᠭᠤᠷᠤᠨᠳᠤ ᠪᠠᠶᠢᠭ᠎ᠠ ᠠᠮᠠᠷᠬᠠᠨ ᠶᠠᠳᠠᠭᠤᠷᠠᠬᠤ ᠡᠷᠦᠬᠡ ᠵᠡᠷᠭᠡ ᠬᠥᠮᠦᠰ ᠤᠨ ᠬᠦᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ ᠶᠠᠳᠠᠭᠤ ᠶᠢ ᠲᠡᠳᠬᠦᠬᠦ ᠠᠵᠢᠯ ᠤᠨ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃      ᠬᠤᠷᠠᠯ ᠨᠢ ᠸᠢᠳᠢᠤ᠋ ᠬᠡᠯᠪᠡᠷᠢ ᠪᠠᠷ ᠬᠤᠷᠠᠯᠳᠤᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠶ ᠳᠣᠭᠢᠷᠠᠭᠤᠯᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号