ᠰᠢᠶᠠᠨ ᠤ ᠠᠷᠠᠳ ᠤᠨ ᠵᠠᠰᠠᠭ ᠤᠨ ᠣᠷᠳᠣᠨ ᠳᠤ᠄ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠪᠠᠭᠤᠯᠭᠠᠭᠰᠠᠨ 2020 | ᠣᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠠᠯᠠ ᠮᠥᠩᠭᠦ ︵ᠨᠢᠭᠡᠳᠦᠭᠡᠷ ᠪᠦᠯᠦᠭ ᠴᠥᠭᠡᠨ ᠲᠣᠭᠠᠲᠤ | ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ︶ ᠵᠢᠴᠢ ᠲᠥᠷᠥᠯ ᠵᠦᠢᠯ ᠢ ᠳᠠᠩᠰᠠᠯᠠᠬᠤ ᠠᠵᠢᠯ ᠢ ᠰᠠᠶᠢᠲᠤᠷ ᠬᠢᠬᠦ | ᠮᠡᠳᠡᠭᠳᠡᠯ ︵ᠥᠪᠥᠷ ᠦᠨᠳᠦᠰᠦᠲᠡᠨ ᠵᠥᠪᠯᠡᠯ ᠲᠠᠷᠬᠠᠭᠠᠭᠰᠠᠨ ︹ 2019 ︺ 55 ᠳ᠋ᠤᠭᠠᠷ ᠲᠣᠭᠠᠲᠤ︶ ᠢ | ᠦᠨᠳᠦᠰᠦᠯᠡᠵᠤ᠂ ᠦᠴᠤᠸᠠᠨ ᠰᠢᠶᠠᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠶᠢ | 100 ᠲᠦᠮᠡᠨ ᠲᠥᠭᠦᠷᠢᠭ ᠪᠠᠭᠤᠯᠭᠠᠪᠠ᠃ ᠪᠡᠯᠡ ᠮᠥᠩᠭᠦ ᠶᠢ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠᠰᠢᠪᠲᠤᠯᠬᠤ ᠭᠤᠣᠯ ᠡᠭᠦᠷᠭᠡ ᠪᠠ ᠦᠨᠳᠦᠰᠦᠲᠡᠨ ᠤ ᠠᠵᠢᠯ ᠤᠨ ᠭᠤᠣᠯᠳᠠᠯᠭ᠎ᠠ ᠲᠠᠢ ᠡᠭᠦᠷᠭᠡ ᠶᠢᠨ | ᠲᠣᠭᠤᠷᠢᠨ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯ ᠳᠠᠢᠨ ᠤ ᠲᠠᠯᠠᠪᠤᠷ᠂ ᠴᠥᠭᠡᠨ | ᠲᠣᠭᠠᠲᠤ ᠦᠨᠳᠦᠰᠦᠲᠡᠨ ᠤ ᠬᠥᠭᠵᠢᠯᠲᠡ᠂ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠲᠣᠰᠬᠤᠨ ᠪᠠᠯᠭᠠᠰᠤ | ᠪᠠ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠤ ᠬᠠᠮᠠᠭᠠᠯᠠᠯᠲᠠ ᠪᠠ | ᠬᠥᠭᠵᠢᠯᠲᠡ ᠵᠢᠴᠢ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ | ᠬᠥᠭᠵᠢᠯᠲᠡ ᠶᠢ ᠠᠬᠢᠭᠤᠯᠬᠤ ᠵᠡᠷᠭᠡ ᠠᠵᠢᠯ ᠳᠤ ᠲᠣᠬᠢᠷᠠᠭᠤᠯᠤᠨ ᠬᠡᠷᠡᠭᠯᠡᠨ᠎ᠡ᠃ ᠬᠤᠲᠠ ᠶᠢᠨ ᠦᠨᠳᠦᠰᠦᠲᠡᠨ ᠤ ᠬᠡᠷᠡᠭ | ᠡᠷᠬᠢᠯᠡᠬᠦ ᠵᠥᠪᠯᠡᠯ ᠤᠨ ᠲᠥᠷᠥᠯ ᠵᠦᠢᠯ ᠤᠨ ᠬᠡᠷᠡᠭᠯᠡᠯᠲᠡ ᠶᠢᠨ ᠵᠢᠯᠣᠭᠤᠳᠬᠤ ᠰᠠᠨᠠᠯ ᠪᠣᠯᠤᠨ ᠮᠠᠨ ᠤ ᠰᠢᠶᠠᠨ ᠤ | ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠲᠣᠰᠬᠤᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠢᠶᠠᠷ ᠳᠠᠮᠵᠢᠨ ᠲᠣᠰᠬᠤᠨ ᠤ ᠠᠷᠠᠳ ᠤᠨ ᠵᠥᠪᠯᠡᠯ ᠤᠨ | ᠰᠠᠨᠠᠯ ᠢ ᠬᠤᠷᠢᠶᠠᠵᠤ᠂ ᠵᠥᠪᠯᠡᠯ ᠤᠨ ᠶᠠᠪᠤᠳᠠᠯ ᠤᠨ ᠬᠤᠷᠠᠯ ᠢᠶᠠᠷ ᠰᠤᠳᠤᠯᠤᠨ᠂ ᠰᠢᠶᠠᠨ ᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠳᠤ ᠮᠡᠳᠡᠭᠦᠯᠦᠨ ᠰᠤᠳᠤᠯᠤᠭᠤᠯᠤᠨ ᠵᠥᠪᠰᠢᠶᠡᠷᠡᠭᠦᠯᠦᠭᠡᠳ᠂ 100 ᠲᠦᠮᠡᠨ ᠲᠥᠭᠦᠷᠢᠭ ᠢ 2 | ᠬᠤᠪᠢ ᠳᠤ ᠬᠤᠪᠢᠶᠠᠵᠤ᠂ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠲᠣᠰᠬᠤᠨ ᠤ | ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠬᠦ ᠠᠵᠢᠯ ᠳᠤ ᠬᠡᠷᠡᠭᠯᠡᠬᠦ ᠪᠠᠷ ᠲᠥᠯᠥᠪᠯᠡᠵᠦ | ᠪᠠᠶᠢᠨ᠎ᠠ᠃ ᠠᠭᠤᠯᠭ᠎ᠠ ᠨᠢ᠄ | ᠪᠠᠷᠠᠭᠤᠨ ᠤᠯᠠᠭᠠᠨᠪᠤᠯᠠᠭ ᠪᠠᠯᠭᠠᠰᠤᠨ ᠤ ᠬᠤᠩ ᠱᠠᠨ ᠽᠢ ᠴᠥᠭᠡᠨ ᠲᠣᠭᠠᠲᠤ ᠦᠨᠳᠦᠰᠦᠲᠡᠨ ᠤ | ᠲᠥᠪᠯᠡᠷᠡᠨ ᠰᠠᠭᠤᠷᠢᠰᠢᠭᠰᠠᠨ ᠲᠣᠰᠬᠤᠨ ᠤ ᠠᠷᠠᠳ ᠲᠤ ᠲᠥᠬᠦᠮ ᠦᠵᠡᠭᠦᠯᠬᠦ ᠵᠠᠮ ᠢ ᠬᠠᠲᠠᠭᠤᠷᠠᠭᠤᠯᠬᠤ ᠲᠥᠷᠥᠯ | ᠵᠦᠢᠯ ︵50 ᠲᠦᠮᠡᠨ ᠲᠥᠭᠦᠷᠢᠭ︶ | ᠬᠤᠩ ᠱᠠᠨ ᠽᠢ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠣᠰᠬᠤᠨ ᠤ ᠡᠷᠦᠬᠡ | ᠠᠮᠠ ᠶᠢᠨ ᠳᠠᠩᠰᠠ ᠳᠤ 114 ᠡᠷᠦᠬᠡ᠂ ᠶᠡᠷᠦᠩᠬᠡᠶ ᠬᠥᠮᠦᠨ ᠠᠮᠠ 296 ᠬᠥᠮᠦᠨ ᠪᠠᠶᠢᠵᠤ᠂ ᠡᠭᠦᠨ ᠳᠤ ᠴᠥᠭᠡᠨ | ᠲᠣᠭᠠᠲᠤ ᠦᠨᠳᠦᠰᠦᠲᠡᠨ 23 ᠡᠷᠦᠬᠡ 45 ᠬᠥᠮᠦᠨ ᠪᠠᠶᠢᠵᠤ᠂ ᠲᠥᠷᠥᠯ ᠵᠦᠢᠯ ᠨᠢ ᠬᠤᠩ ᠱᠠᠨ ᠽᠢ ᠲᠣᠰᠬᠤᠨ ᠤ | ᠪᠠᠷᠠᠭᠤᠨᠳᠠᠬᠢ ᠠᠷᠠᠳ ᠲᠤ ᠲᠥᠬᠦᠮ ᠦᠵᠡᠭᠦᠯᠬᠦ ᠵᠠᠮ ᠤᠨ ᠣᠷᠳᠣ ᠨᠢ ᠪᠠᠷᠤᠭ 900 ᠮᠧᠲᠷ᠂ ᠥᠷᠭᠡᠨ ᠨᠢ 4 | ᠮᠧᠲᠷ ᠤᠨ ᠵᠠᠮ ᠢ ᠬᠠᠲᠠᠭᠤᠷᠠᠭᠤᠯᠤᠨ᠎ᠠ᠃ ᠡᠭᠦᠨ ᠠᠴᠠ ᠭᠠᠳᠠᠨ᠎ᠠ᠂ ᠾᠸᠤ ᠭᠦ᠋ ᠶᠢᠩ ᠳᠤ ᠣᠷᠳᠣ ᠨᠢ ᠪᠠᠷᠤᠭ 30 | ᠮᠧᠲᠷ᠂ ᠥᠷᠭᠡᠨ ᠨᠢ 5 ᠮᠧᠲᠷ ᠤᠨ ᠬᠥᠭᠦᠷᠭᠡ ᠰᠡᠯᠪᠢᠨ᠎ᠡ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ | ᠴᠥᠭᠡᠨ ᠲᠣᠭᠠᠲᠤ ᠦᠨᠳᠦᠰᠦᠲᠡᠨ ᠤ 23 ᠡᠷᠦᠬᠡ 45 ᠬᠥᠮᠦᠨ ᠠᠰᠢᠭ ᠭᠥᠷᠳᠡᠵᠦ᠂ ᠶᠠᠳᠠᠭᠤ ᠬᠦᠴᠢᠷᠳᠡᠯᠲᠡᠶ14 | ᠡᠷᠦᠬᠡ 27 ᠬᠥᠮᠦᠨ ᠠᠰᠢᠭ ᠬᠦᠷᠲᠡᠬᠦ ᠪᠣᠯᠤᠨ᠎ᠠ᠃ | ᠬᠠᠷᠠᠭᠤᠯ ᠪᠠᠯᠭᠠᠰᠤᠨ ᠤ ᠳ᠋ᠦᠩ ᠶᠢᠩ ᠽᠢ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ | ᠰᠠᠭᠤᠷᠢᠰᠢᠭᠰᠠᠨ ᠲᠣᠰᠬᠤᠨ ᠤ ᠲᠡᠵᠢᠭᠡᠨ ᠦᠷᠡᠵᠢᠭᠦᠯᠬᠦ ᠲᠠᠯᠠᠪᠠᠢ ︵50 ᠲᠦᠮᠡᠨ ᠲᠥᠭᠦᠷᠢᠭ︶ | ᠳ᠋ᠦᠩ ᠶᠢᠩ ᠽᠢ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠲᠣᠰᠬᠤᠨ ᠤ ᠡᠷᠦᠬᠡ | ᠠᠮᠠ ᠶᠢᠨ ᠳᠠᠩᠰᠠ ᠳᠤ 71 ᠡᠷᠦᠬᠡ 156 ᠬᠥᠮᠦᠨ ᠪᠠᠶᠢᠵᠤ᠂ ᠪᠠᠶᠢᠩᠭᠤ ᠰᠠᠭᠤᠭ᠎ᠠ ᠡᠷᠦᠬᠡ 38 ᠡᠷᠦᠬᠡ 84 | ᠬᠥᠮᠦᠨ ᠪᠠᠶᠢᠨ᠎ᠠ᠃ ᠡᠭᠦᠨ ᠳᠤ ᠴᠥᠭᠡᠨ ᠲᠣᠭᠠᠲᠤ ᠦᠨᠳᠦᠰᠦᠲᠡᠨ ᠤ ᠡᠷᠦᠬᠡ ᠠᠮᠠ ᠶᠢᠨ ᠲᠠᠩᠰᠠ ᠲᠠᠢ ᠬᠥᠮᠦᠨ | ᠠᠮᠠ 28 ᠡᠷᠦᠬᠡ 51ᠬᠥᠮᠦᠨ ᠪᠠᠶᠢᠵᠤ᠂ ᠴᠥᠭᠡᠨ ᠲᠣᠭᠠᠲᠤ ᠦᠨᠳᠦᠰᠦᠲᠡᠨ ᠤ ᠪᠠᠶᠢᠩᠭᠤ ᠰᠠᠭᠤᠭ᠎ᠠ ᠬᠥᠮᠦᠨ ᠠᠮᠠ | 14 ᠡᠷᠦᠬᠡ 34 ᠬᠥᠮᠦᠨ ᠪᠣᠶ᠃ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ 7 ᠡᠷᠦᠬᠡ᠂ 11 | ᠬᠥᠮᠦᠨ ᠪᠣᠶ᠃ | ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠵᠦ᠂ ᠲᠣᠰᠬᠤᠨ ᠤ ᠬᠠᠮᠲᠤ ᠶᠢᠨ ᠠᠵᠤ | ᠠᠬᠤᠶ ᠶᠢ ᠪᠤᠵᠠᠭᠠᠶᠢᠷᠠᠭᠤᠯᠤᠨ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ᠂ ᠴᠥᠭᠡᠨ ᠲᠣᠭᠠᠲᠤ | ᠦᠨᠳᠦᠰᠦᠲᠡᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢ | ᠪᠠᠶᠢᠭᠤᠯᠬᠤ ᠶᠢᠨ ᠲᠤᠰᠠᠳᠠ᠂ ᠳ᠋ᠦᠩ ᠶᠢᠩ ᠽᠢ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ | ᠲᠣᠰᠬᠤᠨ ᠳᠤ ᠪᠠᠷᠤᠭ 8000 ᠲᠡᠭᠰᠢ ᠳᠥᠷᠪᠡᠯᠵᠢᠨ ᠮᠧᠲᠷ ᠤᠨ ᠲᠠᠯᠠᠪᠠᠶ ᠪᠥᠬᠦᠢ ᠲᠡᠵᠢᠭᠡᠨ ᠦᠷᠡᠵᠢᠭᠦᠯᠬᠦ ᠭᠠᠵᠠᠷ | ᠪᠠᠶᠢᠭᠤᠯᠬᠤ ᠪᠠᠷ ᠲᠥᠯᠥᠪᠯᠡᠵᠦ ᠪᠣᠶ᠂ ᠡᠭᠦᠨ ᠳᠤ ᠰᠢᠨ᠎ᠡ ᠪᠠᠷ ᠪᠠᠶᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠶ ᠶᠢᠨ | ᠠᠯᠪᠠᠯᠠᠬᠤ ᠬᠡᠷ᠂ ᠬᠥᠮᠦᠨ ᠤ ᠬᠦᠴᠦ ᠪᠠᠷ ᠬᠡᠭᠡᠯᠲᠦᠭᠦᠯᠬᠦ ᠬᠡᠷ᠂ ᠬᠢᠵᠢᠭ ᠢ ᠰᠡᠷᠭᠡᠶᠢᠯᠡᠬᠦ ᠬᠡᠷ ᠨᠡᠶᠢᠲᠡ 100 ᠲᠡᠭᠰᠢ | ᠳᠥᠷᠪᠡᠯᠵᠢᠨ ᠮᠧᠲᠷ︔ ᠬᠤᠨᠢᠨ ᠬᠠᠰᠢᠶ᠎ᠠ 400 ᠲᠡᠭᠰᠢ ᠳᠥᠷᠪᠡᠯᠵᠢᠨ ᠮᠧᠲᠷ ︵ᠲᠥᠯ ᠲᠤᠰᠬᠤ ᠭᠡᠷ ᠪᠠᠭᠲᠠᠨ᠎ᠠ︶ | ︔ ᠡᠪᠡᠰᠦ ᠪᠣᠷᠳᠤᠭ᠎ᠠ᠂ ᠲᠡᠵᠢᠭᠡᠯ ᠪᠣᠷᠳᠣᠭᠠᠨ ᠤ ᠫᠧᠩ ᠨᠡᠶᠢᠲᠡ 120 ᠲᠡᠭᠰᠢ ᠳᠥᠷᠪᠡᠯᠵᠢᠨ ᠮᠧᠲᠷ︔ ᠨᠢᠭᠡ | ᠰᠠᠭᠤᠷᠢ ᠬᠤᠳᠳᠤᠭ ᠮᠠᠯᠲᠠᠵᠤ᠂ ᠴᠠᠬᠢᠯᠭᠠᠨ ᠬᠦᠴᠦᠨ ᠤ ᠢᠵᠢ ᠪᠦᠷᠢᠳᠦᠭᠦᠯᠦᠭᠰᠡᠨ ᠪᠡᠯᠡᠳᠬᠡᠮᠵᠢ 800 ᠮᠧᠲᠷ︔ | ᠲᠡᠵᠢᠭᠡᠨ ᠦᠷᠡᠵᠢᠭᠦᠯᠬᠦ ᠲᠠᠯᠠᠪᠠᠢ ᠶᠢᠨ ᠬᠦᠷᠢᠶᠡᠨ ᠤ ᠬᠡᠷᠡᠮ ᠤᠨ ᠤᠷᠲᠤ ᠨᠢ 350 ᠮᠧᠲᠷ᠃ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ ᠨᠢ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠠᠰᠢᠶ᠎ᠠ ᠰᠠᠷᠠᠪᠴᠢ᠂ ᠤᠰᠤ ᠴᠠᠬᠢᠯᠭᠠᠨ ᠵᠡᠷᠭᠡ | ᠲᠣᠭᠲᠠᠮᠠᠯ ᠬᠥᠷᠥᠩᠭᠡ ᠶᠢᠨ ᠪᠡᠯᠡᠳᠬᠡᠮᠵᠢ ᠶᠢ ᠬᠠᠷᠢᠭᠤᠴᠠᠨ ᠪᠠᠶᠢᠭᠤᠯᠵᠤ᠂ ᠲᠣᠰᠬᠤᠨ ᠤ ᠠᠷᠠᠳ ᠤᠨ ᠵᠥᠪᠯᠡᠯ ᠪᠣᠯᠤᠨ | ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠨᠢ ᠰᠠᠶᠢᠨ ᠡᠭᠦᠯᠳᠡᠷ ᠤᠨ ᠬᠤᠴᠠ᠂ ᠢᠳᠡᠰᠢᠨ ᠬᠤᠨᠢ ᠶᠢ | ᠣᠷᠣᠭᠤᠯᠵᠤ ᠢᠷᠡᠬᠦ ᠵᠢᠴᠢ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠲᠡᠵᠢᠭᠡᠨ ᠦᠷᠡᠵᠢᠭᠦᠯᠬᠦ ᠳᠤ | ᠣᠷᠣᠯᠴᠠᠭᠤᠯᠬᠤ ᠶᠢ ᠬᠠᠷᠢᠭᠤᠴᠠᠨ᠎ᠠ᠃ | ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ ᠨᠡᠶᠢᠲᠡ 28 ᠡᠷᠦᠬᠡ 51 ᠬᠥᠮᠦᠨ ᠠᠰᠢᠭ ᠭᠥᠷᠳᠡᠵᠦ᠂ | ᠶᠠᠳᠠᠭᠤ ᠬᠦᠴᠢᠷᠳᠡᠯᠲᠡᠶ ᠬᠥᠮᠦᠨ ᠠᠮᠠ7 ᠡᠷᠦᠬᠡ᠂ 11 ᠬᠥᠮᠦᠨ ᠠᠰᠢᠭ ᠬᠦᠷᠲᠡᠬᠦ ᠪᠣᠯᠤᠨ᠎ᠠ᠃ | ᠳᠡᠭᠡᠷᠡᠬᠢ ᠠᠭᠤᠯᠭ᠎ᠠ ᠶᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠵᠠᠷᠯᠠᠨ | ᠨᠡᠶᠢᠲᠡᠯᠡᠬᠦ ᠶᠢ ᠭᠤᠶᠤᠴᠢᠯᠠᠶ᠎ᠠ᠃ | ᠣᠨᠴᠠᠭᠠᠶᠢᠯᠠᠨ ᠮᠡᠳᠡᠭᠦᠯᠪᠡ | ᠦᠴᠤᠸᠠᠨ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ | 2020 ᠣᠨ ᠤ 3 ᠰᠠᠷ᠎ᠠ ᠶᠢᠨ 16 ᠤ ᠡᠳᠦᠷ |