| | | | | | ᠰᠢᠨ᠎ᠡ ᠲᠢᠳᠢᠮᠯᠢᠭ ᠠᠭᠤᠰᠬᠢᠨᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠵᠠᠩᠭᠢᠯᠠᠭ᠎ᠠ ᠶᠢᠨ | ᠱᠠᠲᠤᠨ ᠳᠤ ᠣᠷᠣᠬᠤ ᠶᠢ ᠳᠠᠭᠠᠯᠳᠤᠨ᠂ ᠣᠯᠠᠨ ᠠᠵᠤ ᠠᠬᠤᠶᠢᠯᠠᠯ᠂ ᠬᠤᠪᠢ ᠬᠥᠮᠦᠨ ᠤᠷᠢᠶᠠᠯᠠᠭ᠎ᠠ ᠶᠢ | ᠢᠳᠡᠪᠬᠢᠲᠠᠢ ᠪᠠᠷ ᠴᠤᠤᠷᠢᠶᠠᠲᠤᠨ ᠳᠠᠭᠠᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠵᠤ᠂ ᠬᠢᠵᠢᠭ ᠢ | ᠰᠡᠷᠭᠡᠶᠢᠯᠡᠵᠤ ᠬᠢᠵᠢᠭ ᠢ ᠡᠰᠡᠷᠭᠦᠴᠡᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠪᠡ᠃ | 2 ᠳ᠋ᠤᠭᠠᠷ ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠱᠢ ᠬᠤᠸᠠ ᠳ᠋ᠠ ᠠᠷᠠᠯᠵᠢᠶ᠎ᠠ | ᠬᠤᠳᠠᠯᠳᠤᠭᠠᠨ ᠤ ᠬᠢᠵᠠᠭᠠᠷᠲᠤ ᠺᠣᠮᠫᠠᠨᠢ ᠶᠢᠨ ᠠᠵᠢᠯᠲᠠᠳ ᠬᠠᠷ᠎ᠠ ᠬᠤᠰᠢᠭᠤ ᠰᠢᠶᠠᠩ ᠤᠨ ᠵᠠᠰᠠᠭ ᠤᠨ ᠣᠷᠳᠣᠨ ᠳᠤ | ᠬᠦᠷᠴᠦ᠂ ᠬᠢᠵᠢᠭ ᠢ ᠰᠡᠷᠭᠡᠶᠢᠯᠡᠬᠦ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠠᠵᠢᠯᠲᠠᠳ ᠲᠤ 5 ᠰᠠᠭᠤᠯᠠᠭ᠎ᠠ | ᠠᠷᠢᠭᠤᠳᠬᠠᠬᠤ ᠨᠣᠨᠳᠠᠭ᠂ 10 ᠬᠠᠶᠢᠷᠴᠠᠭ ᠤᠯᠠᠪᠤᠷ ᠵᠦᠷᠵᠢ᠂10 ᠬᠠᠶᠢᠷᠴᠠᠭ ᠳᠥᠭᠦᠮ ᠮᠢᠨᠲ᠋ᠢᠶᠣᠣᠷ | ᠬᠠᠨᠳᠢᠪᠯᠠᠵᠤ᠂ ᠣᠳᠣᠬᠠᠨ ᠤ ᠬᠢᠵᠢᠭ ᠢ ᠰᠡᠷᠭᠡᠶᠢᠯᠡᠬᠦ ᠠᠵᠢᠯ ᠳᠤ ᠬᠦᠴᠦᠨ ᠨᠡᠮᠡᠷᠢᠯᠡᠪᠡ᠃ ᠱᠢ ᠬᠤᠸᠠ ᠳ᠋ᠠ | ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠷᠦᠢ ᠭᠠᠩ᠄ 《 | ᠣᠳᠣᠬᠠᠨ ᠤ ᠡᠨᠡ ᠬᠦ ᠣᠨᠴᠠᠭᠠᠶ ᠴᠠᠭ ᠦᠶ᠎ᠡ ᠳᠤ᠂ ᠠᠵᠤ ᠠᠬᠤᠶᠢᠯᠠᠯ ᠪᠣᠯᠤᠭᠰᠠᠨ ᠤ ᠬᠤᠪᠢ ᠳᠤ | ᠰᠠᠨᠠᠭᠠᠴᠢᠯᠠᠭ᠎ᠠ ᠠᠴᠠ ᠪᠠᠨ ᠨᠡᠶᠢᠭᠡᠮ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠤᠰᠢᠭᠤᠴᠢ ᠵᠢᠱᠢᠶᠡᠴᠢ | ᠦᠢᠯᠡᠳᠦᠯ ᠢᠶᠠᠨ ᠪᠠᠳᠠᠷᠠᠭᠤᠯᠵᠤ᠂ ᠬᠢᠵᠢᠭ ᠢ ᠰᠡᠷᠭᠡᠶᠢᠯᠡᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ》ᠭᠡᠵᠤ | ᠢᠯᠡᠷᠬᠡᠶᠢᠯᠡᠪᠡ᠃ | ᠮᠠᠨ ᠤ ᠰᠢᠶᠠᠩ ᠤᠨ ᠮᠢᠶᠣᠣ ᠭᠧᠦ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠭᠤᠤ ᠰᠢᠨ ᠮᠢᠨ | ᠪᠠᠰᠠ 300 ᠲᠥᠭᠦᠷᠢᠭ ᠬᠠᠨᠳᠢᠪᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠨᠡᠮᠡᠷᠢᠯᠡᠪᠡ᠃ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠬᠥᠮᠦᠨ ᠪᠤᠯᠠᠭᠠᠨ ᠰᠠᠨᠠᠭᠠᠰᠢᠷᠠᠵᠤ | ᠪᠣᠢ᠂ ᠣᠳᠣᠬᠠᠨ ᠳᠤ ᠬᠡᠳᠦᠶᠢᠪᠡᠷ ᠬᠢᠵᠢᠭ ᠤᠨ ᠪᠠᠶᠢᠳᠠᠯ ᠪᠦᠷᠢᠮᠦᠰᠦᠨ ᠠᠷᠢᠯᠤᠭ᠎ᠠ ᠥᠬᠡᠶ ᠪᠣᠯᠪᠠᠴᠤ ᠣᠯᠠᠨ | ᠲᠦᠮᠡᠨ ᠤ ᠬᠠᠯᠠᠭᠤᠨ ᠰᠡᠳᠬᠢᠯ ᠬᠠᠯᠠᠮᠵᠢ ᠶᠢᠨ ᠠᠵᠢᠯᠯᠠᠭ᠎ᠠ ᠨᠢ ᠲᠠᠰᠤᠷᠠᠯᠲᠠ ᠦᠭᠡᠢ ᠦᠷᠬᠦᠯᠵᠢᠯᠡᠵᠤ ᠬᠥᠮᠦᠰ ᠤᠨ | ᠰᠡᠳᠬᠢᠯ ᠢ ᠳᠤᠯᠠᠭᠠᠴᠠᠭᠤᠯᠤᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠰᠡᠳᠬᠢᠯᠲᠦ ᠬᠥᠮᠦᠰ᠂ ᠠᠵᠤ | ᠠᠬᠤᠶᠢᠯᠠᠯ᠂ ᠨᠠᠮ ᠤᠨ ᠭᠡᠰᠢᠭᠦᠨ ᠪᠣᠯᠤᠨ ᠣᠯᠠᠨ ᠲᠦᠮᠡᠨ ᠢᠳᠡᠪᠬᠢᠲᠡᠶ ᠳᠡᠮᠵᠢᠯᠭᠡ ᠦᠵᠡᠭᠦᠯᠵᠦ᠂ ᠵᠣᠭᠤᠰ ᠮᠥᠩᠭᠦ | ᠡᠳ᠋ ᠪᠣᠳᠠᠰ ᠬᠠᠨᠳᠢᠪᠯᠠᠵᠤ᠂ ᠲᠦᠮᠡᠨ ᠣᠯᠠᠨ ᠤ ᠬᠦᠴᠦᠨ ᠢ ᠨᠢᠭᠲᠠᠷᠠᠭᠤᠯᠵᠤ᠂ ᠪᠦᠬᠦ ᠰᠢᠶᠠᠩ ᠤᠨ ᠣᠯᠠᠨ | ᠲᠦᠮᠡᠨ ᠤ ᠵᠣᠷᠢᠭ ᠢ ᠬᠥᠪᠴᠢᠯᠡᠵᠦ᠂ ᠴᠠᠭ ᠤᠨ ᠬᠦᠴᠢᠷ ᠢ ᠬᠠᠮᠲᠤᠪᠠᠷ ᠲᠤᠭᠤᠯᠵᠤ᠂ ᠲᠦᠢᠳᠬᠡᠷ ᠬᠢᠵᠢᠭ ᠢ ᠢᠯᠠᠬᠤ | ᠢᠲᠡᠭᠡᠯ ᠵᠣᠷᠢᠭ ᠢ ᠨᠡᠮᠡᠭᠳᠡᠭᠦᠯᠵᠡᠶ᠃ |