ᠦᠴᠤᠸᠠᠨ ᠰᠢᠶᠠᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠬᠡᠷᠡᠭᠴᠡᠭᠡ ᠱᠠᠭᠠᠷᠳᠠᠯᠭ᠎ᠠ ᠶᠢ ᠪᠠᠶᠢᠴᠠᠭᠠᠨ ᠣᠶᠢᠯᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2020/3/31
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠵᠦ᠂ ᠦᠴᠤᠸᠠᠨ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠤ ᠶᠠᠳᠠᠭᠤ ᠠᠴᠠ ᠠᠩᠭᠢᠵᠢᠷᠠ  ᠴᠢᠨᠡᠭᠡᠯᠢᠭᠵᠢᠬᠦ ᠶᠢ ᠪᠦᠬᠦ ᠲᠠᠯ᠎ᠠ ᠪᠠᠷ ᠠᠬᠢᠭᠤᠯᠪᠠ᠃ ᠦᠴᠤᠸᠠᠨ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ 2020 ᠣᠨ ᠤ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠲᠥᠰᠦᠯ ᠤᠨ ᠲᠤᠬᠢᠷᠠᠭᠤᠯᠤᠯᠳᠠ ᠶᠢᠨ ᠶᠣᠰᠣᠭᠠᠷ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠦᠴᠤᠸᠠᠨ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠡᠯ᠎ᠡ ᠰᠢᠶᠠᠩ ᠪᠠᠯᠭᠠᠰᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠭᠠᠵᠠᠷ ᠵᠢᠴᠢ ᠲᠣᠰᠬᠤᠨ ᠤ ᠱᠠᠲᠤᠨ ᠤ ᠬᠦᠳᠡᠯᠮᠦᠷᠢ ᠶᠢᠨ ᠪᠠᠲᠤᠯᠠᠭ᠎ᠠ ᠶᠢᠨ ᠬᠠᠪᠰᠤᠷᠤᠭᠴᠢ ᠳᠤ ᠲᠦᠰᠢᠭᠯᠡᠵᠦ᠂ ᠣᠨᠴᠠᠭᠠᠶᠢᠯᠠᠨ 9 ᠠᠵᠢᠯᠯᠠᠬᠤ ᠳᠤᠭᠤᠶᠢᠯᠠᠩ ᠪᠠᠶᠢᠭᠤᠯᠵᠤ ᠡᠯ᠎ᠡ ᠰᠢᠶᠠᠩ ᠪᠠᠯᠭᠠᠰᠤᠨ ᠤ ᠵᠠᠰᠠᠭ ᠵᠠᠬᠢᠷᠭᠠᠨ ᠤ ᠲᠤᠰᠬᠤᠨ ᠳᠤ ᠬᠦᠷᠴᠦ ᠪᠠᠶᠢᠳᠠᠯ ᠢ ᠪᠠᠶᠢᠴᠠᠭᠠᠨ ᠣᠶᠢᠯᠭᠠᠬᠤ ᠠᠵᠢᠯ ᠢ ᠥᠷᠨᠢᠭᠦᠯᠵᠦ᠂ ᠪᠠᠶᠢᠳᠠᠯ ᠢ ᠣᠶᠢᠯᠠᠭᠠᠬᠤ ᠠᠵᠢᠯ ᠤᠨ ᠲᠥᠯᠥᠪᠯᠡᠭᠡ ᠶᠢ 3 ᠰᠠᠷ᠎ᠠ ᠶᠢᠨ ᠰᠡᠭᠦᠯᠴᠢ ᠳᠤ ᠪᠦᠬᠦᠨ ᠢ ᠪᠡᠶᠡᠯᠡᠭᠦᠯᠪᠡ᠂ ᠲᠤᠰ ᠤᠳᠠᠭᠠᠨ ᠤ ᠪᠠᠶᠢᠴᠠᠭᠠᠯᠲᠠ ᠶᠢᠨ ᠪᠠᠶᠢᠳᠠᠯ ᠢ ᠣᠶᠢᠯᠠᠭᠠᠬᠤ ᠠᠵᠢᠯ ᠨᠢ ᠬᠤᠶᠢᠰᠢᠳᠠ ᠶᠢᠨ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠠᠵᠢᠯ ᠢ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠶᠠᠳᠠᠭᠤ ᠬᠦᠴᠢᠷᠳᠡᠯᠲᠠᠢ ᠬᠥᠳᠡᠯᠮᠦᠷᠢ ᠬᠦᠴᠦᠨ ᠤ ᠲᠣᠭᠲᠠᠪᠤᠷᠢᠲᠠᠶ ᠠᠵᠢᠯ ᠣᠯᠭᠤᠯᠲᠠ ᠶᠢ ᠡᠷᠲᠡᠬᠡᠨ ᠪᠡᠶᠡᠯᠡᠭᠦᠯᠬᠦ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃ ᠲᠣᠰ ᠤᠳᠠᠭᠠᠨ ᠤ ᠪᠠᠶᠢᠳᠠᠯ ᠢ ᠣᠶᠢᠯᠠᠭᠠᠬᠤ ᠠᠵᠢᠯ ᠨᠢ ᠪᠥᠬᠦ ᠰᠢᠶᠠᠨ ᠤ ᠶᠢᠰᠦᠨ ᠰᠢᠶᠠᠩ ᠪᠠᠯᠭᠠᠰᠤᠨ ᠤ 997 ᠶᠠᠳᠠᠭᠤ ᠬᠦᠴᠢᠷᠳᠡᠯᠲᠡᠶ ᠡᠷᠦᠬᠡ ᠶᠢᠨ 2313 ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠳᠤ ᠬᠤᠯᠪᠣᠭᠳᠠᠵᠤ᠂ ᠭᠤᠣᠯᠳᠠᠭᠤ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠡᠲᠡᠭᠡᠳ ᠢ ᠮᠠᠭᠠᠳᠯᠠᠨ ᠲᠣᠭᠲᠠᠭᠠᠬᠤ ᠪᠠ ᠶᠠᠳᠠᠭᠤ ᠬᠦᠴᠢᠷᠳᠡᠯᠲᠠᠢ ᠬᠥᠳᠡᠯᠮᠦᠷᠢ ᠬᠦᠴᠦᠨ ᠤ ᠠᠵᠢᠯ ᠣᠯᠤᠭᠰᠠᠨ ᠪᠠᠶᠢᠳᠠᠯ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠬᠦᠰᠡᠯ ᠰᠠᠨᠠᠭ᠎ᠠ ᠵᠢᠴᠢ ᠪᠣᠯᠪᠠᠰᠤᠷᠠᠭᠤᠯᠤᠯ ᠤᠨ ᠬᠦᠰᠡᠯ ᠰᠠᠨᠠᠭ᠎ᠠ ᠶᠢ ᠤᠶᠢᠯᠠᠭᠠᠨ ᠵᠢᠭᠰᠠᠭᠠᠵᠤ᠂ ᠣᠶᠢᠯᠠᠭᠠᠬᠤ ᠠᠵᠢᠯ ᠳᠠᠭᠤᠰᠪᠠᠯ ᠰᠢᠶᠠᠨ ᠰᠢᠶᠠᠩ ᠲᠣᠰᠬᠤᠨ ᠤ ᠠᠭᠤᠯᠭ᠎ᠠ ᠨᠢ ᠪᠦᠷᠢᠨ ᠪᠦᠲᠦᠨ᠂ ᠲᠥᠷᠥᠯ ᠬᠤᠪᠢᠶᠠᠭᠰᠠᠨ ᠨᠢ ᠵᠦᠶ ᠵᠣᠬᠢᠰᠲᠠᠶ᠂ ᠬᠥᠮᠦᠨ ᠳᠤ ᠬᠦᠷᠲᠡᠯ᠎ᠡ ᠨᠠᠷᠢᠯᠢᠭ ᠣᠨᠤᠴᠠᠲᠠᠢ ᠪᠠᠷ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠨᠢᠭᠡᠳᠦᠯᠲᠡᠶ ᠠᠵᠢᠯ ᠣᠯᠬᠤ ᠮᠡᠳᠡᠭᠡ ᠵᠠᠩᠭᠢ ᠶᠢᠨ ᠡᠬᠡ ᠲᠠᠩᠰᠠ ᠶᠢ ᠪᠠᠶᠢᠭᠤᠯᠵᠤ᠂ ᠲᠠᠷᠠᠭᠠᠴᠢ ᠶᠢᠨ ᠠᠯᠬᠤᠮ ᠳᠤ ᠪᠠᠶᠢᠳᠠᠯ ᠢ ᠣᠶᠢᠯᠭᠠᠭᠰᠠᠨ ᠲᠤᠭ᠎ᠠ ᠪᠠᠷᠢᠮᠲᠠ ᠶᠢ ᠦᠨᠳᠦᠰᠦᠯᠡᠨ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠬᠡᠷᠡᠭᠴᠡᠭᠡ ᠱᠠᠭᠠᠷᠳᠠᠯᠭ᠎ᠠ ᠲᠠᠢ᠂ ᠪᠣᠯᠪᠠᠰᠤᠷᠠᠭᠤᠯᠤᠯ ᠤᠨ ᠬᠦᠰᠡᠯ ᠡᠷᠡᠮᠡᠯᠵᠡᠯ ᠲᠠᠢ ᠳᠤ ᠨᠢ ᠭᠤᠣᠯᠳᠠᠭᠤᠯᠤᠨ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠠᠵᠢᠯ ᠥᠷᠨᠢᠭᠦᠯᠦᠨ᠎ᠡ᠃                                                               ᠦᠴᠤᠸᠠᠨ ᠰᠢᠶᠠᠨ ᠤ ᠬᠥᠳᠡᠯᠮᠦᠷᠢ ᠬᠦᠴᠦ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ                       2020 ᠣᠨ ᠤ 3 ᠰᠠᠷ᠎ᠠ ᠶᠢᠨ 26 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号