ᠦᠴᠤᠸᠠᠨ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ
ᠨᠡᠶᠢᠲᠡᠯᠡᠭᠰᠡᠨ ᠴᠠᠭ᠄
2020/4/1
    ᠨᠢᠭᠡ᠂ ᠭᠤᠤᠯ ᠡᠭᠦᠷᠭᠡ ᠬᠠᠷᠢᠭᠤᠴᠠᠯᠭ᠎ᠠ      ︵ᠨᠢᠭᠡ︶ ᠪᠦᠬᠦ ᠰᠢᠶᠠᠨ ᠤ ᠡᠳ᠋ ᠤᠨ ᠵᠠᠰᠠᠭ ᠭᠠᠶᠢᠯᠢ ᠶᠢᠨ ᠬᠥᠭᠵᠢᠯᠲᠡ ᠶᠢᠨ ᠲᠥᠯᠥᠪᠵᠢᠭᠦᠯᠭᠡ᠂ ᠲᠦᠷᠦ ᠶᠢᠨ ᠪᠣᠳᠤᠯᠭ᠎ᠠ ᠪᠠ ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠪᠦᠬᠦ ᠰᠢᠶᠠᠨ ᠤ ᠠᠵᠤ ᠠᠬᠤᠶ ᠶᠢᠨ ᠪᠠᠶᠢᠳᠠᠯ ᠢ ᠵᠠᠳᠠᠯᠤᠨ ᠵᠢᠱᠢᠵᠦ᠂ ᠠᠵᠤ ᠠᠬᠤᠶ ᠶᠢᠨ ᠲᠦᠷᠦ ᠶᠢᠨ ᠪᠤᠳᠤᠯᠭ᠎ᠠ ᠶᠢ ᠲᠣᠭᠲᠠᠭᠠᠬᠤ ᠳᠤ ᠣᠷᠣᠯᠴᠠᠨ᠎ᠠ︔ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠬᠡᠷᠡᠭᠯᠡᠬᠦ᠂ ᠬᠤᠷᠸ᠎ᠠ ᠲᠤᠬᠢᠷᠠᠭᠤᠯᠤᠯ ᠡᠵᠡᠮᠳᠡᠯ ᠢ ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ ᠬᠦᠴᠦᠨ ᠢ ᠶᠡᠷᠦᠩᠬᠡᠶᠢᠯᠡᠨ ᠲᠡᠩᠴᠡᠭᠦᠯᠬᠦ ᠰᠠᠨᠠᠭᠤᠯᠭ᠎ᠠ ᠳᠤᠷᠠᠳᠴᠤ᠂ ᠪᠦᠬᠦ ᠰᠢᠶᠠᠨ ᠤ ᠡᠳ᠋ ᠤᠨ ᠵᠠᠰᠠᠭ ᠤᠨ ᠬᠤᠪᠢᠶᠠᠷᠢᠯᠠᠯᠲᠠ ᠶᠢᠨ ᠲᠦᠷᠦ ᠶᠢᠨ ᠪᠤᠳᠤᠯᠭ᠎ᠠ ᠪᠠ ᠠᠷᠭ᠎ᠠ ᠶᠢ ᠲᠤᠭᠤᠷᠪᠢᠨ ᠲᠣᠭᠲᠠᠭᠠᠵᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠪᠦᠬᠦ ᠰᠢᠶᠠᠨ ᠤ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃      ︵ᠬᠤᠶᠠᠷ︶ ᠪᠦᠬᠦ ᠰᠢᠶᠠᠨ ᠤ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ ᠪᠤᠳᠦᠬᠤ ᠬᠠᠮᠢᠶᠠᠷᠤᠯᠲᠠ ᠶᠢᠨ ᠳᠦᠷᠢᠮ᠂ ᠠᠷᠭ᠎ᠠ ᠶᠢ ᠲᠤᠭᠤᠷᠪᠢᠨ ᠪᠢᠴᠢᠬᠦ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃      ︵ᠭᠤᠷᠪᠠ︶ ᠰᠢᠶᠠᠨ ᠤ ᠲᠣᠰ ᠱᠠᠲᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠰᠢᠶᠠᠨ ᠤ ᠲᠥᠰᠦᠪ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠵᠤ᠂ ᠪᠦᠬᠦ ᠰᠢᠶᠠᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠪᠠ ᠬᠤᠷᠢᠶᠠᠩᠭᠤᠶᠢᠯᠠᠨ᠎ᠠ︔ ᠰᠢᠶᠠᠨ ᠤ ᠲᠤᠰ ᠱᠠᠲᠤᠨ ᠤ ᠡᠳ᠋ ᠤᠨ ᠵᠠᠰᠠᠭ ᠤᠨ ᠵᠠᠷᠤᠯᠭ᠎ᠠ ᠶᠢᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠲᠣᠭᠲᠠᠭᠰᠠᠨ ᠲᠤᠭ᠎ᠠ ᠶᠢ ᠲᠣᠭᠲᠠᠭᠠᠵᠤ᠂ ᠰᠢᠶᠠᠨ ᠤ ᠲᠤᠰ ᠱᠠᠲᠤᠨ ᠤ ᠰᠠᠯᠠᠭ᠎ᠠ ᠮᠥᠴᠢᠷ ︵ᠨᠢᠭᠡᠴᠡ︶ ᠶᠢᠨ ᠣᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠬᠢᠨᠠᠨ ᠬᠠᠷᠭᠤᠭᠤᠯᠵᠤ ᠴᠤᠬᠤᠯᠠᠪᠤᠷᠢᠯᠠᠬᠤ ᠶᠢ ᠬᠠᠷᠢᠭᠤᠴᠠᠨ᠎ᠠ︔ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠪᠦᠬᠦ ᠰᠢᠶᠠᠨ ᠤ ᠡᠳ᠋ ᠤᠨ ᠵᠠᠰᠠᠭ ᠤᠨ ᠲᠥᠰᠦᠪ ᠪᠠ ᠬᠡᠷᠡᠭᠵᠢᠭᠦᠯᠦᠭᠰᠡᠨ ᠪᠠᠶᠢᠳᠠᠯ ᠢᠶᠠᠨ ᠮᠡᠳᠡᠭᠦᠯᠵᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ ᠢ ᠮᠡᠳᠡᠭᠦᠯᠦᠨ᠎ᠡ︔ ᠰᠢᠶᠠᠨ ᠤ ᠲᠤᠰ ᠱᠠᠲᠤᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠶᠢ ᠬᠠᠷᠢᠭᠤᠴᠠᠨ᠎ᠠ︔ ᠡᠳ᠋ ᠤᠨ ᠵᠠᠰᠠᠭ ᠤᠨ ᠵᠢᠯ ᠤᠨ ᠡᠴᠦᠰ ᠤᠨ ᠳ᠋ᠦᠩᠨᠡᠨ ᠪᠣᠳᠣᠬᠤ ᠶᠠᠪᠤᠳᠠᠯ ᠢ ᠭᠦᠢᠴᠡᠳᠬᠡᠨ᠎ᠡ᠃      ︵ᠳᠥᠷᠪᠡ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶᠡᠨ ᠳᠠᠬᠢ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠠᠷᠭ᠎ᠠ ᠵᠢᠴᠢ ᠭᠠᠶᠢᠯᠢ ᠲᠠᠲᠠᠪᠤᠷᠢ ᠶᠢᠨ ᠲᠣᠬᠢᠷᠠᠭᠤᠯᠤᠯᠲᠠ ᠶᠢᠨ ᠲᠥᠰᠦᠯ ᠢ ᠰᠤᠳᠤᠯᠤᠨ ᠲᠣᠭᠲᠠᠭᠠᠨ᠎ᠠ᠃      ︵ᠲᠠᠪᠤ︶ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢ ᠬᠤᠪᠢᠳᠠᠨ ᠬᠠᠷᠢᠭᠤᠴᠠᠵᠤ᠂ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ  ᠰᠦᠢᠳᠡᠬᠡᠯ ᠬᠤᠷᠢᠶᠠᠬᠤ᠂ ᠵᠠᠰᠠᠭ ᠤᠨ ᠣᠷᠳᠣᠨ ᠤ ᠰᠠᠭᠤᠷᠢ ᠮᠥᠩᠭᠦ ᠵᠢᠴᠢ ᠭᠠᠶᠢᠯᠢ ᠶᠢᠨ ᠪᠤᠰᠤ ᠪᠤᠰᠤᠳ ᠣᠷᠣᠯᠭ᠎ᠠ ᠶᠢ ᠬᠠᠮᠢᠶᠠᠷᠤᠨ᠎ᠠ︔ ᠪᠦᠬᠦ ᠰᠢᠶᠠᠨ ᠤ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠵᠤ ᠨᠠᠶᠢᠷᠠᠭᠤᠯᠤᠨ ᠵᠣᠬᠢᠶᠠᠨ᠎ᠠ︔ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠤᠨ᠎ᠠ︔ ᠱᠠᠩᠨᠠᠯᠲᠤ  ᠰᠤᠭᠤᠯᠤᠭ᠎ᠠ ᠶᠢᠨ ᠪᠡᠯᠡ ᠮᠥᠩᠭᠦ ᠶᠢ ᠲᠣᠭᠲᠠᠭᠠᠯ ᠶᠣᠰᠣᠭᠠᠷ ᠬᠡᠷᠡᠭᠯᠡᠨ᠎ᠡ᠃      ︵ᠵᠢᠷᠭᠤᠭ᠎ᠠ︶ ᠪᠦᠬᠦ ᠰᠢᠶᠠᠨ ᠤ ᠤᠯᠤᠰ ᠤᠨ ᠬᠥᠮᠦᠷᠭᠡ ᠶᠢᠨ ᠬᠠᠮᠢᠶᠠᠷᠤᠯᠲᠠ ᠶᠢᠨ ᠲᠦᠷᠢᠮ᠂ ᠤᠯᠤᠰ ᠤᠨ ᠬᠥᠮᠦᠷᠭᠡ ᠶᠢᠨ ᠲᠥᠪᠯᠡᠷᠡᠭᠦᠯᠦᠨ ᠬᠤᠷᠢᠶᠠᠵᠤ ᠥᠭᠬᠦ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠤᠯᠤᠰ ᠤᠨ ᠬᠥᠮᠦᠷᠭᠡ ᠶᠢᠨ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠵᠤ ᠂ ᠤᠯᠤᠰ ᠤᠨ  ᠬᠥᠮᠦᠷᠭᠡ ᠶᠢᠨ ᠪᠡᠯᠡᠨ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠲᠣᠭᠲᠠᠭᠠᠯ ᠶᠣᠰᠣᠭᠠᠷ ᠥᠷᠨᠢᠭᠦᠯᠦᠨ᠎ᠡ︔ ᠰᠢᠶᠠᠨ ᠤ ᠲᠤᠰ ᠱᠠᠲᠤᠨ ᠤ ᠡᠯ᠎ᠡ ᠵᠠᠰᠠᠭ ᠵᠠᠬᠢᠷᠭ᠎ᠠ ᠠᠵᠢᠯ  ᠦᠢᠯᠡᠰ ᠤᠨ ᠨᠢᠭᠡᠴᠡ ᠶᠢᠨ ᠪᠠᠩᠬᠢ ᠶᠢᠨ ᠲᠠᠩᠰᠠᠨ ᠡᠷᠦᠬᠡ ᠶᠢ ᠬᠢᠨᠠᠵᠤ ᠬᠠᠮᠢᠶᠠᠷᠬᠤ ᠶᠢ ᠬᠠᠷᠢᠭᠤᠴᠠᠨ᠎ᠠ︔ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠬᠡᠷᠡᠭᠵᠢᠭᠦᠯᠬᠦ ᠶᠢᠨ ᠬᠠᠮᠲᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠤᠨ᠎ᠠ᠃      ︵ᠲᠤᠯᠤᠭ᠎ᠠ︶ ᠵᠠᠰᠠᠭ ᠤᠨ ᠣᠷᠳᠣᠨ ᠤ ᠳᠣᠲᠣᠷ᠎ᠠ ᠭᠠᠳᠠᠨᠠᠬᠢ ᠥᠷᠢ ᠥᠭᠴᠡᠭᠡ ᠶᠢᠨ ᠬᠠᠮᠢᠶᠠᠷᠤᠯᠲᠠ ᠶᠢᠨ ᠲᠤᠬᠠᠶ ᠤᠯᠤᠰ ‍ᠤᠨ‌‍ᠲ᠋ᠦ᠋ᠷᠢᠮ ᠪᠠ ᠲᠦᠷᠦ ᠶᠢᠨ ᠪᠤᠳᠦᠯᠭ᠎ᠠ ᠶᠢ  ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠬᠠᠮᠢᠶᠠᠷᠤᠯᠲᠠ ᠶᠢᠨ ᠲᠦᠷᠢᠮ ᠪᠠ ᠠᠷᠭ᠎ᠠ ᠶᠢ ᠬᠠᠤᠯᠢ ᠶᠣᠰᠣᠭᠠᠷ ᠲᠤᠭᠤᠷᠪᠢᠨ ᠲᠣᠭᠲᠠᠭᠠᠨ᠎ᠠ︔ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠵᠦ᠂ ᠬᠢᠵᠠᠭᠠᠷ ᠲᠤᠭ᠎ᠠ ᠪᠠᠷ ᠬᠢᠵᠠᠭᠠᠷᠯᠠᠨ ᠬᠠᠮᠢᠶᠠᠷᠬᠤ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠳᠣᠲᠣᠷ᠎ᠠ ᠭᠠᠳᠠᠨᠠᠬᠢ ᠥᠷᠢ ᠥᠭᠴᠡᠭᠡ ᠶᠢᠨ ᠬᠠᠮᠢᠶ᠎ᠠ ᠪᠦᠬᠦᠢ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃      ︵ᠨᠠᠢᠮᠠ︶ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠭᠲᠠᠭᠠᠯ ᠶᠣᠰᠣᠭᠠᠷ ᠰᠢᠶᠠᠨ ᠤ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢ ᠬᠠᠮᠢᠶᠠᠷᠴᠤ᠂ ᠰᠢᠶᠠᠨ‌‍ᠤ ᠲᠣᠰ ᠱᠠᠲᠤᠨ ᠤ ᠡᠳ᠋ ᠬᠥᠷᠥᠩᠭᠡ ᠶᠢ ᠲᠣᠬᠢᠷᠠᠭᠤᠯᠬᠤ ᠪᠠᠷᠢᠮᠵᠢᠶ᠎ᠠ ᠪᠣᠯᠤᠨ ᠵᠠᠷᠤᠳᠠᠯ ᠤᠨ ᠬᠤᠷᠣᠭᠳᠠᠯ ᠤᠨ ᠲᠣᠭᠲᠠᠴᠠ ᠶᠢ ᠲᠣᠭᠲᠠᠭᠠᠨ᠎ᠠ᠃ ᠡᠳ᠋ ᠤᠨ ᠵᠠᠰᠠᠭ ᠬᠢᠭᠡᠳ ᠮᠥᠩᠭᠦᠨ ᠭᠦᠢᠯᠭᠡᠭᠡᠨ ᠤ ᠵᠣᠬᠢᠴᠠᠯᠳᠤᠨ ᠬᠠᠮᠵᠢᠯᠴᠠᠬᠤ ᠬᠠᠮᠢᠶ᠎ᠠ ᠪᠦᠬᠦᠢ ᠲᠥᠷᠥ ᠶᠢᠨ ᠪᠣᠳᠤᠯᠭ᠎ᠠ ᠶᠢ ᠲᠤᠭᠤᠷᠪᠢᠨ ᠲᠣᠭᠲᠠᠭᠠᠵᠤ᠂ ᠵᠠᠰᠠᠭ ‍ᠤᠨ‌ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ ᠬᠤᠷᠰᠢᠨ ᠬᠠᠮᠲᠤᠷᠠᠬᠤ ᠬᠠᠮᠢᠶᠠᠷᠬᠤ ᠠᠵᠢᠯ ᠢ ᠬᠠᠷᠢᠭᠤᠴᠠᠨ᠎ᠠ᠃      ︵ᠶᠢᠰᠦ︶ ᠪᠦᠬᠦ ᠰᠢᠶᠠᠨ ᠤ ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠪᠠ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠦᠷᠢᠮ ᠪᠠ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠰᠢᠶᠠᠨ ᠤ ᠲᠤᠰ ᠱᠠᠲᠤᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠬᠦᠷᠦᠩᠭᠡ ᠶᠢᠨ ᠠᠰᠢᠭ ᠣᠷᠣᠯᠭ᠎ᠠ ᠶᠢ ᠬᠤᠷᠢᠶᠠᠨ᠎ᠠ︔ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠠᠷᠪᠠ︶ ᠪᠦᠬᠦ ᠰᠢᠶᠠᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠳᠠᠯ ᠪᠦᠬᠦᠢ ᠪᠡᠯᠡ ᠮᠥᠩᠭᠦ ︵ᠰᠠᠭᠤᠷᠢ ᠮᠥᠩᠭᠦ︶ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠎ᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠶᠠᠪᠤᠳᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃      ︵ᠠᠷᠪᠠᠨ ᠨᠢᠭᠡ︶ ᠪᠥᠬᠦ ᠰᠢᠶᠠᠨ ᠤ ᠡᠳ᠋ ᠤᠨ ᠵᠠᠰᠠᠭ ᠤᠨ ᠠᠵᠤ ᠠᠬᠤᠶ ᠶᠢᠨ ᠬᠥᠭᠵᠢᠯᠲᠡ ᠶᠢᠨ ᠵᠠᠷᠤᠯᠭ᠎ᠠ᠂ ᠲᠥᠪ ᠪᠠ ᠥᠪᠡᠷᠲᠡᠭᠡᠨ ᠵᠠᠰᠠᠬᠤ ᠣᠷᠣᠨ ᠵᠢᠴᠢ ᠬᠥᠬᠡᠬᠤᠲᠠ  ᠶᠢᠨ ᠵᠠᠰᠠᠭ ᠤᠨ ᠣᠷᠳᠣᠨ ᠤ ᠴᠢᠨᠠᠷᠲᠠᠶ ᠪᠠᠯᠠ ᠣᠷᠤᠭᠤᠯᠤᠯᠲᠠ ᠶᠢᠨ ᠲᠥᠷᠥᠯ ᠵᠦᠢᠯ ᠤᠨ ᠡᠳ᠋ ᠤᠨ ᠵᠠᠰᠠᠭ ᠤᠨ ᠰᠠᠯᠭᠠᠨ ᠥᠭᠬᠦ ᠵᠣᠭᠤᠰ ᠢ ᠬᠠᠷᠢᠭᠤᠴᠠᠨ ᠭᠦᠢᠴᠡᠳᠬᠡᠬᠦ ᠪᠠ ᠬᠢᠨᠠᠯᠲᠠ ᠲᠠᠯᠪᠢᠵᠤ᠂ ᠪᠥᠬᠦ ᠰᠢᠶᠠᠨ ᠤ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ ︔ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ ᠢ ᠲᠣᠭᠲᠠᠭᠠᠵᠤ᠂ ᠬᠤᠯᠪᠣᠭᠳᠠᠯ ᠪᠦᠬᠦᠢ ᠲᠥᠷᠦ ᠶᠢᠨ ᠪᠣᠳᠣᠯᠭ᠎ᠠ ᠶᠢᠨ ᠴᠢᠨᠠᠷᠲᠠᠶ ᠨᠥᠬᠦᠪᠥᠷᠢ ᠪᠣᠯᠤᠨ ᠲᠤᠰᠬᠠᠶ ᠵᠦᠢᠯ ᠤᠨ ᠨᠥᠭᠡᠴᠡᠯᠡᠬᠦ ᠪᠡᠯᠡ ᠮᠥᠩᠭᠦ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠬᠤᠶᠠᠷ︶ ᠪᠦᠬᠦ ᠰᠢᠶᠠᠨ ᠤ ᠨᠢᠭᠲᠠᠯᠠᠨ ᠪᠤᠳᠤᠬᠤ ᠠᠵᠢᠯ ᠢ ᠬᠠᠷᠢᠭᠤᠴᠠᠨ ᠬᠠᠮᠢᠶᠠᠷᠴᠤ᠂ ᠨᠢᠭᠲᠠᠯᠠᠨ ᠪᠤᠳᠤᠬᠤ ᠠᠵᠢᠯᠯᠠᠭ᠎ᠠ ᠳᠤ ᠬᠢᠨᠠᠯᠲᠠ ᠲᠠᠯᠪᠢᠨ ᠵᠢᠷᠤᠮᠵᠢᠭᠤᠯᠵᠤ᠂ ᠪᠦᠬᠦ ᠰᠢᠶᠠᠨ ᠤ ᠨᠢᠭᠲᠠᠯᠠᠨ ᠪᠤᠳᠤᠬᠤ ᠬᠠᠮᠢᠶᠠᠷᠤᠯᠲᠠ ᠶᠢᠨ ᠲᠦᠷᠢᠮ ᠢ ᠲᠣᠭᠲᠠᠭᠠᠨ᠎ᠠ᠃      ︵ᠠᠷᠪᠠᠨ ᠭᠤᠷᠪᠠ︶ ᠪᠦᠬᠦ ᠰᠢᠶᠠᠨ ᠤ ᠡᠳ᠋ ᠤᠨ ᠵᠠᠰᠠᠭ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂  ᠲᠠᠷᠢᠶᠠᠯᠠᠩ᠂ ᠠᠵᠢᠯ ᠣᠯᠭᠤᠯᠲᠠ ᠵᠢᠴᠢ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠡᠯ᠎ᠡ ᠵᠦᠢᠯ ᠤᠨ ᠨᠡᠶᠢᠭᠡᠮ ᠤᠨ ᠦᠢᠯᠡᠰ ᠤᠨ ᠬᠥᠭᠵᠢᠯᠲᠡ ᠶᠢ ᠬᠠᠮᠢᠶᠠᠷᠬᠤ ᠵᠠᠷᠤᠯᠭ᠎ᠠ︔ ᠬᠤᠯᠪᠣᠭᠳᠠᠯ ᠪᠦᠬᠦᠢ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ︔ ᠡᠯ᠎ᠡ ᠲᠥᠷᠥᠯ ᠤᠨ ᠲᠤᠰᠬᠠᠶ ᠵᠦᠢᠯ ᠤᠨ ᠪᠡᠯᠡ ᠮᠥᠩᠭᠦ ᠶᠢᠨ ᠡᠳ᠋ ᠤᠨ ᠵᠠᠰᠠᠭ ᠤᠨ ᠬᠢᠨᠠᠯᠲᠠ ᠲᠠᠯᠪᠢᠯᠲᠠ ᠶᠢ ᠵᠣᠬᠢᠶᠠᠨ ᠪᠠᠶᠢᠭᠤᠯᠤᠨ  ᠬᠡᠷᠡᠭᠵᠢᠭᠦᠯᠦᠨ᠎ᠡ᠃      ︵ᠠᠷᠪᠠᠨ ᠳᠥᠷᠪᠡ︶ ᠡᠳ᠋ ᠤᠨ ᠵᠠᠰᠠᠭ ᠠᠵᠤ ᠠᠬᠤᠢ ᠶᠢᠨ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠲᠤᠰᠬᠠᠨ᠎ᠠ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠳᠣᠲᠣᠭᠠᠳᠤ ᠬᠢᠵᠠᠭᠠᠷᠯᠠᠯ ᠢ ᠬᠢᠨᠠᠨ ᠵᠢᠯᠣᠭᠤᠳᠬᠤ ᠪᠠ ᠵᠢᠷᠤᠮᠵᠢᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠦᠷᠦ ᠶᠢᠨ ᠪᠤᠳᠤᠯᠭ᠎ᠠ ᠪᠠ ᠰᠠᠨᠠᠭᠤᠯᠭ᠎ᠠ  ᠳᠤᠷᠠᠳᠤᠨ᠎ᠠ᠃      ︵ᠠᠷᠪᠠᠨ ᠲᠠᠪᠤ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃  ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠥᠬᠡᠶ ᠦᠶ᠋ᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠵᠢᠷᠭᠤᠭ᠎ᠠ︶ ᠰᠢᠶᠠᠨ ᠤ ᠨᠠᠮ ᠤᠨ ᠬᠤᠷᠢᠶ᠎ᠠ ᠪᠠ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠬᠤᠶᠠᠷ᠂ ᠠᠯᠪᠠᠯᠠᠬᠤ ᠤᠲᠠᠰᠤ᠄ 0471 — 8812913     ᠭᠤᠷᠪᠠ᠂ ᠠᠵᠢᠯᠯᠠᠬᠤ ᠭᠠᠵᠠᠷ᠄ ᠦᠴᠤᠸᠠᠨ ᠰᠢᠶᠠᠨ ᠤ ᠬᠥᠬᠡ ᠡᠷᠭᠢ ᠪᠠᠯᠭᠠᠰᠤᠨ ᠤ ᠵᠢᠶᠠᠨ ᠺᠠᠩ ᠪᠠᠷᠠᠭᠤᠨ ᠵᠡᠭᠡᠯᠢ  
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号